ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠢ᠋ ᠬᠦᠭᠵᠢᠭᠦᠯᠦᠨ ᠮᠠᠨᠳᠤᠭᠤᠯᠬᠤ ᠵᠢ ᠲᠦᠷᠭᠡᠳᠭᠡᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠦᠨ ᠰᠠᠨᠠᠯ
2026-03-21 10:39:41
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 (2026 ᠣᠨ᠎ᠤ 2 ᠰᠠᠷ᠎ᠠ᠎ᠶ᠋ᠢᠨ 13 ᠤ᠋ ᠡᠳᠦᠷ)


ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠪᠣᠯ ᠨᠠᠮ ᠪᠠ ᠠᠷᠠᠳ ᠲᠦᠮᠡᠨ᠎ᠦ ᠴᠡᠷᠢᠭ ᠠᠩᠬᠢ ᠵᠢᠨ ᠦᠨᠳᠦᠰᠦ ᠮᠥᠨ᠃ ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠤ᠋ ᠠᠷᠠᠳ ᠲᠦᠮᠡᠨ ᠳ᠋ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠵᠤ᠂ ᠵᠣᠯ ᠵᠢᠷᠭᠠᠯ᠎ᠲᠠᠶ ᠠᠮᠢᠳᠤᠷᠠᠬᠤ᠎ᠶ᠋ᠢ ᠪᠠᠲᠤᠯᠠᠬᠤ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠨᠠᠭᠠᠳᠤ ᠵᠠᠬ᠎ᠠ ᠵᠢᠨ ᠡᠭᠦᠷᠭᠡ ᠮᠥᠨ᠃ ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠢ᠋ ᠲᠦᠷᠭᠡᠳᠭᠡᠨ ᠬᠥᠭ᠌ᠵᠢᠭᠦᠯᠦᠨ ᠮᠠᠨᠳᠤᠭᠤᠯᠬᠤ᠎ᠶ᠋ᠢ ᠬᠦᠴᠦᠯᠡᠨ ᠳᠡᠮᠵᠢᠬᠦ᠌᠎ᠶ᠋ᠢᠨ ᠲᠦᠯᠦᠭᠡ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠤᠶ᠎ᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 2035 ᠣᠨ ᠪᠣᠯᠬᠤ᠎ᠳᠤ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠬᠠᠷᠠᠯᠲᠠ᠎ᠶ᠋ᠢ ᠪᠠᠳᠤ ᠡᠵᠡᠮᠳᠡᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠷᠠᠳ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠨᠡᠩ ᠰᠠᠢᠲᠤᠷ ᠱᠢᠢᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠭᠤ᠂ ᠣᠷᠣᠨ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ ᠵᠢ ᠪᠠᠷᠢᠮᠳᠠᠯᠠᠵᠤ᠂ ᠳᠡᠮᠵᠢᠬᠦ᠌ ᠡᠷᠴᠢᠮ᠎ᠢᠶᠡᠨ ᠴᠢᠩᠭᠠᠷᠠᠭᠤᠯᠬᠤ ᠪᠠ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠂ ᠠᠵᠤ ᠠᠬᠤᠶ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠠ ᠠᠮᠢ ᠠᠬᠤᠶ᠎ᠶ᠋ᠢ ᠬᠠᠮᠠᠭᠠᠯᠠᠬᠤ᠎ᠶ᠋ᠢᠨ ᠬᠠᠷᠢᠴᠠᠭ᠎ᠠ ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠵᠤ᠂ ᠣᠨᠴᠠᠯᠢᠭᠳᠤ ᠳᠠᠪᠠᠭᠤᠯᠢᠭ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠪᠠᠷ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠪᠠᠷ ᠴᠢᠬᠤᠯᠠ ᠱᠢᠪᠲᠤᠯᠤᠯᠲᠠ ᠪᠣᠯᠭᠠᠵᠤ᠂ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠬᠠᠵᠤ᠂ ᠬᠤᠪᠢᠰᠭᠠᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠱᠢᠰᠲ᠋ᠧᠮ ᠢ᠋ ᠱᠢᠯᠢᠳᠡᠭ᠌ᠵᠢᠭᠦᠯᠦᠨ ᠲᠡᠭᠦᠯᠳᠡᠷᠵᠢᠭᠦᠯᠵᠤ᠂ ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ᠎ᠢ ᠨᠡᠩ ᠰᠠᠢᠲᠤᠷ ᠪᠦᠳᠦᠭᠡᠨ ᠪᠠᠢᠭᠤᠯᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠷᠠᠳ ᠲᠦᠮᠡᠨ᠎ᠢ ᠨᠠᠩ ᠰᠠᠢᠨ ᠰᠠᠢᠬᠠᠨ ᠠᠮᠢᠳᠤᠷᠠᠭᠤᠯᠬᠤ ᠬᠡᠷᠡᠭᠳᠡᠢ᠃

ᠬᠣᠶᠠᠷ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠣᠨᠴᠠᠯᠢᠭᠳᠤ ᠳᠠᠪᠠᠭᠤᠯᠢᠭ ᠠᠵᠤ ᠦᠢᠯᠡᠰ᠎ᠢ ᠬᠥᠭ᠌ᠵᠢᠭᠦᠯᠦᠨ᠎ᠠ

(ᠨᠢᠭᠡ) ᠣᠨᠴᠠᠯᠢᠭ᠍ᠲᠤ ᠥᠨᠳᠥᠷ ᠪᠦᠲᠦᠮᠵᠢᠳᠠᠢ ᠲᠠᠷᠢᠶᠠᠯᠠᠩ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠦᠨ᠎ᠡ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠣᠷᠭᠠᠨᠢᠭ ᠲᠠᠷᠢᠶᠠᠯᠠᠩ᠂ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠪᠠ ᠤᠢ ᠳᠤᠳᠤᠷᠠᠬᠢ ᠠᠵᠤ ᠠᠬᠤᠶ ᠵᠡᠷᠭᠡ᠎ᠶ᠋ᠢ ᠢᠳᠡᠪᠬᠢᠲᠡᠢ ᠬᠥᠭ᠌ᠵᠢᠭᠦᠯᠬᠦ᠌᠎ᠶ᠋ᠢ ᠳᠠᠮᠵᠢᠵᠤ᠂ ᠨᠢᠭᠡ ᠪᠦᠯᠦᠭ ᠴᠢᠨᠠᠷ ᠰᠠᠢᠲᠠᠶ ᠣᠨᠴᠠᠯᠢᠭ᠍ᠲᠤ ᠲᠠᠷᠢᠶᠠᠯᠠᠩ ᠤ᠋ᠨ ᠲᠤᠰᠠᠯᠠᠬᠤ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠬᠠᠩᠭᠠᠯᠭ᠎ᠠ᠎ᠶ᠋ᠢᠨ ᠰᠠᠭᠤᠷᠢᠨ᠎ᠢ ᠴᠤᠭᠴᠠᠯᠠᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ 《ᠨᠡᠢᠳᠡ ᠳ᠋ᠤ ᠬᠤᠤᠷᠳᠠᠯ ᠦᠬᠡᠢ ᠲᠠᠷᠢᠶᠠᠯᠠᠩ᠎ᠤᠨ ᠪᠦᠲᠦᠭᠡᠭ᠌ᠳᠡᠬᠦᠨ᠂ ᠪᠤᠬᠢᠷᠳᠤᠯ ᠦᠬᠡᠢ ᠢᠳᠡᠬᠡᠨ᠂ ᠤᠷᠭᠠᠨᠢᠭ ᠲᠠᠷᠢᠶᠠᠯᠠᠩ᠎ᠤᠨ ᠪᠦᠳᠦᠬᠡᠭᠳᠡᠬᠦᠨ ᠪᠤᠯᠤᠨ ᠭᠠᠵᠠᠷ ᠵᠦᠢ ᠵᠢᠨ ᠢᠯᠡᠷᠬᠡᠢᠯᠡᠯᠳᠤ ᠲᠡᠮᠳᠡᠭ》 ᠤ᠋ᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠨᠤᠲᠤᠭ᠎ᠤᠨ ᠣᠨᠴᠠ ᠭᠠᠷᠤᠯᠲᠠ》 ᠶ᠋ᠢᠨ ᠠᠵᠢᠯ᠎ᠢ ᠰᠠᠢᠲᠤᠷ ᠬᠢᠨ᠎ᠡ᠃ ᠨᠥᠬᠥᠴᠡᠯ ᠳ᠋ᠤ ᠨᠡᠢᠴᠡᠬᠦ᠌ ᠬᠤᠪᠢᠰᠭᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠳᠠᠪᠠᠭᠤᠯᠢᠭ ᠤᠨᠴᠠᠯᠢᠭ᠍ᠳᠤ ᠠᠵᠤ ᠦᠢᠯᠡᠰ ᠤ᠋ᠨ ᠪᠦᠯᠦᠭᠵᠢᠯ᠂ ᠤᠳᠤ ᠦᠶ᠎ᠡ᠎ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ᠂ ᠲᠠᠷᠢᠶᠠᠯᠠᠩ ᠤ᠋ᠨ ᠠᠵᠤ ᠦᠢᠯᠡᠰ ᠤ᠋ᠨ ᠬᠦᠴᠦᠷᠬᠡᠭ ᠪᠠᠯᠭᠠᠰᠤ ᠵᠢ ᠪᠠᠢᠭᠤᠯᠬᠤ᠎ᠶ᠋ᠢ ᠲᠡᠮᠵᠢᠵᠤ᠂ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠡᠳ᠋ᠰᠢᠭᠦᠯᠬᠦ᠂ ᠬᠥᠮᠥᠷᠭᠡᠯᠡᠵᠦ᠍ ᠱᠢᠨ᠎ᠡ ᠰᠣᠷᠭᠣᠭ ᠪᠠᠢᠯᠭᠠᠬᠤ ᠵᠡᠷᠭᠡ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ 《ᠲᠣᠭᠠᠴᠢᠯᠠᠬᠰᠠᠨ ᠬᠤᠳᠠᠯᠳᠤᠭ᠎ᠠ᠎ᠪᠠᠷ ᠲᠠᠷᠢᠶᠠᠯᠠᠩ᠎ᠢ ᠬᠥᠭ᠌ᠵᠢᠭᠦᠯᠬᠦ᠌》 ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠶᠠᠨ᠎ᠤ ᠳᠡᠰ ᠤ᠋ᠨ ᠪᠠᠷᠠᠭᠠᠨ᠎ᠤ ᠭᠦᠢᠯᠭᠡᠭᠡ ᠵᠢᠨ ᠲᠣᠬᠢᠷᠠᠭᠤᠯᠤᠨ ᠬᠦᠷᠭᠡᠬᠦ᠌ ᠲᠥᠪ ᠪᠣᠯᠤᠨ ᠱᠢᠶᠠᠩ ᠪᠠᠯᠭᠠᠰᠤᠨ᠎ᠤ ᠪᠠᠷᠠᠭᠠᠨ᠎ᠤ ᠭᠦᠢᠯᠭᠡᠭᠡ ᠵᠢᠨ ᠥᠷᠲᠡᠭᠡ ᠴᠡᠭ᠎ᠦᠨ ᠪᠦᠲᠦᠭᠡᠨ ᠪᠠᠢᠭᠤᠯᠤᠯᠲᠠ ᠥᠭᠡᠷᠡᠴᠢᠯᠡᠯᠲᠡ᠎ᠶ᠋ᠢ ᠴᠢᠩᠭᠠᠳᠭᠠᠨ᠎ᠠ᠃ ᠬᠡᠷᠡᠭ᠌ᠯᠡᠭᠡ᠎ᠪᠡᠷ ᠬᠠᠪᠰᠤᠷᠤᠨ ᠲᠡᠳᠬᠦᠬᠦ᠌᠎ᠶ᠋ᠢ ᠬᠦᠴᠦᠯᠡᠨ ᠬᠡᠷᠡᠭ᠌ᠵᠢᠭᠦᠯᠵᠦ᠍᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ᠎ᠶ᠋ᠢ ᠴᠢᠩᠭᠠᠳᠭᠠᠨ᠂ ᠨᠢᠭᠡ ᠪᠦᠯᠦᠭ ᠨᠡᠷ᠎ᠡ ᠠᠯᠳᠠᠷ ᠲᠠᠢ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌ ᠢ᠋ ᠪᠣᠢᠵᠢᠭᠤᠯᠤᠨ ᠪᠤᠢ ᠪᠣᠯᠭᠠᠨ᠎ᠠ᠃ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠂ ᠲᠠᠷᠢᠶᠠᠴᠢᠳ᠎ᠤᠨ ᠲᠤᠰᠭᠠᠶ ᠬᠣᠷᠱᠢᠶ᠎ᠠ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠳᠡᠮᠵᠢᠵᠦ᠍᠂ ᠱᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠲᠠᠷᠢᠶᠠᠴᠢᠨ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠬᠦ᠌᠎ᠯᠦᠭᠡ ᠬᠣᠯᠪᠣᠭ᠍ᠳᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠠ᠃

(ᠬᠣᠶᠠᠷ) ᠭᠤᠤᠯᠳᠠᠯᠭ᠎ᠠ᠎ᠲᠠᠶ ᠳᠠᠪᠠᠭᠤᠯᠢᠭ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠤ᠋ ᠬᠠᠷᠢᠴᠠᠩᠭᠤᠢ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠲᠡᠮᠵᠢᠵᠤ᠂ ᠡᠬᠢ ᠪᠠᠶᠠᠯᠢᠭ᠎ᠤᠨ ᠤᠨᠴᠠᠭᠠᠢ ᠳᠠᠪᠠᠭᠤᠯᠢᠭ ᠪᠠ ᠠᠵᠤ ᠦᠢᠯᠡᠰ᠎ᠦᠨ ᠰᠠᠭᠤᠷᠢ᠎ᠲᠠᠶ ᠤᠶᠠᠯᠳᠤᠭᠤᠯᠤᠨ ᠭᠣᠣᠯᠳᠠᠯᠭ᠎ᠠ᠎ᠲᠠᠶ ᠳᠠᠪᠠᠭᠤᠯᠢᠭ ᠠᠵᠤ ᠦᠢᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢᠯᠠᠵᠤ᠂ ᠡᠨᠧᠷᠭᠢ᠎ᠶ᠋ᠢᠨ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠥᠨᠳᠥᠷ ᠪᠦᠲᠦᠮᠵᠢᠲᠡᠢ᠎ᠪᠡᠷ ᠨᠡᠭᠡᠭᠡᠨ ᠠᠱᠢᠭ᠍ᠯᠠᠨ᠎ᠠ᠃ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ ᠪᠠ ᠲᠤᠨᠤᠭ ᠲᠥᠬᠥᠭᠡᠷᠦᠮᠵᠢ᠎ᠶ᠋ᠢ ᠱᠢᠨᠡᠳᠬᠡᠬᠦ᠎ᠶ᠋ᠢ ᠳᠡᠮᠵᠢᠵᠦ᠍᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠬᠦᠯᠢ ᠴᠣᠭ᠍ᠴᠠ᠎ᠪᠠᠷ ᠲᠠᠰ ᠳᠡᠪᠱᠢᠭᠦᠯᠬᠦ᠌ ᠪᠠ ᠢᠵᠢ ᠪᠥᠷᠢᠳᠦᠭᠦᠯᠦᠨ ᠬᠠᠮᠵᠢᠯᠴᠠᠬᠤ᠎ᠶ᠋ᠢ ᠴᠢᠩᠭᠠᠷᠠᠭᠤᠯᠤᠨ᠂ ᠤᠶᠤᠨᠴᠢᠯᠠᠯᠳᠠ᠂ ᠪᠣᠬᠢᠷᠲᠤᠯ ᠥᠬᠡᠢᠵᠢᠯᠳᠡ᠂ ᠠᠭᠤᠰᠤᠯᠴᠠᠭᠤᠯᠬᠤ  ᠲᠦᠪᠱᠢᠨ᠎ᠢ ᠳᠡᠭᠡᠭ᠌ᠰᠢᠯᠡᠭᠦᠯᠦᠨ᠎ᠡ᠃ ᠨᠢᠭᠡ ᠪᠦᠯᠦᠭ ᠲᠤᠰᠬᠠᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠱᠢᠨ᠎ᠡ ᠳᠤᠮᠳᠠ ᠪᠠᠭ᠎ᠠ ᠠᠵᠤ ᠠᠬᠤᠢᠯᠠᠯ ᠪᠠ ᠣᠨᠴᠠᠯᠢᠭ᠍ᠲᠤ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠪᠣᠢᠵᠢᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠨᠥᠬᠥᠴᠡᠯ ᠪᠦᠷᠢᠳᠦᠭ᠌ᠰᠡᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ 《ᠵᠣᠬᠢᠶᠠᠮᠠᠯ ᠤᠶᠤᠨ ᠴᠢᠳᠠᠪᠤᠷᠢ +》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠦᠨ᠎ᠡ᠃

(ᠭᠤᠷᠪᠠ) ᠰᠣᠶᠣᠯ ᠪᠠ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠤ᠋ ᠰᠣᠶᠣᠯ ᠪᠠ ᠵᠢᠭᠤᠯᠴᠢᠯᠠᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠣᠷᠣᠨ ᠪᠦᠰᠡ ᠠᠯᠤᠰᠯᠠᠨ ᠠᠭᠤᠰᠤᠯᠴᠠᠨ ᠬᠥᠭ᠌ᠵᠢᠬᠦ᠌᠎ᠶ᠋ᠢ ᠳᠡᠮᠵᠢᠵᠦ᠍᠂ ᠦᠵᠡᠮᠵᠢ᠎ᠶ᠋ᠢᠨ ᠣᠷᠣᠨ᠎ᠤ ᠬᠣᠯᠪᠣᠭᠠᠯᠠᠨ ᠬᠥᠳᠡᠯᠦᠯᠴᠡᠬᠦ᠌᠂ ᠠᠱᠢᠭ ᠲᠤᠰᠠ ᠪᠠᠨ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃  ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠵᠢᠷᠤᠵᠤ ᠲᠥᠯᠥᠪᠯᠡᠨ ᠴᠤᠭᠴᠠᠯᠠᠵᠤ᠂ ᠨᠢᠭᠡ ᠪᠦᠯᠦᠭ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠤᠤᠯ ᠰᠡᠳᠦᠪᠲᠦ ᠵᠢᠭᠤᠯᠴᠢᠯᠠᠯ᠎ᠤᠨ ᠵᠠᠮ᠎ᠢ ᠪᠣᠢᠵᠢᠭᠤᠯᠤᠨ ᠲᠠᠨᠢᠯᠴᠠᠭᠤᠯᠵᠤ᠂ ᠰᠣᠶᠣᠯ ᠪᠠ ᠵᠢᠭᠤᠯᠴᠢᠯᠠᠯ᠎ᠤᠨ ᠰᠠᠭᠤᠷᠢ ᠲᠦᠬᠦᠭᠡᠷᠤᠮᠵᠢ᠎ᠶ᠋ᠢᠨ ᠳᠠᠭᠠᠭᠠᠬᠤ ᠴᠢᠳᠠᠪᠤᠷᠢ᠂ ᠦᠶ᠋ᠯᠡᠴᠢᠯᠡᠭᠡᠨ᠎ᠦ ᠲᠦᠪᠰᠢᠨ ᠢ᠋ ᠳᠡᠭᠡᠭ᠌ᠰᠢᠯᠡᠭᠦᠯᠦᠨ᠎ᠡ᠃ ᠬᠤᠪᠢᠰᠭᠠᠯᠲᠤ ᠵᠢᠭᠤᠯᠴᠢᠯᠠᠯ᠂ ᠠᠮᠢ ᠠᠬᠤᠢ᠎ᠶ᠋ᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ᠎ᠶ᠋ᠢᠨ ᠵᠢᠭᠤᠯᠴᠢᠯᠠᠯ ᠵᠡᠷᠭᠡ ᠠᠭᠤᠰᠤᠯᠴᠠᠭ᠍ᠰᠠᠨ ᠡᠵᠡᠩᠨᠡᠯᠲᠡ᠎ᠶ᠋ᠢᠨ ᠪᠠᠢᠳᠠᠯ᠎ᠢ ᠬᠦᠴᠦᠯᠡᠨ ᠪᠣᠢᠵᠢᠭᠤᠯᠵᠤ᠂ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠵᠢᠷᠤᠮᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠂ ᠭᠠᠵᠠᠷ ᠣᠷᠣᠨ᠎ᠤ ᠪᠠᠢᠳᠠᠯ ᠳ᠋ᠤᠨᠢ ᠲᠤᠬᠢᠷᠠᠭᠤᠯᠤᠨ ᠴᠢᠨᠠᠷ ᠰᠠᠢᠲᠠᠶ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠤᠷᠤᠯᠳᠤᠭᠠᠨ᠂ ᠦᠵᠡᠰᠬᠦᠯᠡᠩ᠂ ᠪᠠᠶᠠᠷ᠎ᠤᠨ ᠡᠳᠦᠷ᠂ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠨ ᠲᠥᠯᠥᠪᠵᠢᠭᠦᠯᠵᠦ᠍᠂ ᠨᠢᠭᠡ ᠴᠣᠭ᠍ᠴᠠᠵᠢᠭᠤᠯᠤᠨ ᠥᠷᠨᠢᠭᠦᠯᠬᠦ᠌᠎ᠶ᠋ᠢ ᠠᠬᠢᠭᠤᠯᠤᠨ᠎ᠠ᠃

(ᠳᠥᠷᠪᠡ) ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ ᠬᠢᠭᠡᠳ ᠬᠥᠭ᠌ᠵᠢᠭ᠌ᠰᠡᠨ ᠭᠠᠵᠠᠷ ᠣᠷᠣᠨ᠎ᠤ ᠠᠵᠤ ᠦᠢᠯᠡᠰ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠭᠣᠣᠯᠳᠠᠯᠭ᠎ᠠ᠎ᠲᠠᠶ ᠬᠤᠳᠠ ᠬᠢᠭᠡᠳ ᠵᠡᠭᠦᠨ ᠬᠡᠰᠡᠭ᠎ᠤᠨ ᠬᠥᠭ᠌ᠵᠢᠭ᠌ᠰᠡᠨ ᠬᠤᠳᠠ᠎ᠶ᠋ᠢᠨ ᠠᠵᠢᠯ ᠲᠥᠷᠥᠯ᠎ᠢᠶᠡᠷ᠎ᠢᠶᠡᠨ ᠬᠠᠮᠲᠤᠷᠠᠯᠴᠠᠬᠤ᠎ᠶ᠋ᠢ ᠭᠦᠨᠵᠡᠭᠡᠢ ᠠᠬᠢᠭᠤᠯᠵᠤ᠂ 《ᠠᠵᠤ ᠠᠬᠤᠢᠯᠠᠯ + ᠡᠬᠢ ᠪᠠᠶᠠᠯᠢᠭ》᠂ 《ᠰᠤᠳᠤᠯᠤᠨ ᠨᠡᠭᠡᠭᠡᠬᠦ᠌ + ᠦᠢᠯᠡᠳᠬᠦ᠌》᠂ 《ᠵᠠᠬ᠎ᠠ ᠳᠡᠯᠭᠡᠭᠦᠷ + ᠦᠢᠯᠡᠳᠬᠦᠨ》᠂ 《ᠶᠡᠷᠦᠩᠬᠡᠢ ᠬᠡᠯᠲᠡᠰ + ᠰᠠᠭᠤᠷᠢᠨ》 ᠵᠡᠷᠭᠡ ᠬᠠᠮᠲᠤᠷᠠᠯᠴᠠᠬᠤ ᠵᠠᠭ᠍ᠪᠤᠷ ᠢ᠋ ᠳᠡᠯᠭᠡᠷᠡᠭᠦᠯᠵᠦ᠍᠂ ᠨᠢᠭᠡ ᠪᠦᠯᠦᠭ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭᠠᠨ᠎ᠤ ᠲᠠᠪᠴᠠᠩ ᠢ᠋ ᠪᠠᠢᠭᠤᠯᠤᠨ᠎ᠠ᠃ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠬᠤ ᠡᠷᠴᠢᠮ᠎ᠢ ᠨᠡᠮᠡᠭ᠌ᠳᠡᠭᠦᠯᠦᠨ᠎ᠡ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠤᠯᠤᠰ᠎ᠤᠨ ᠳᠡᠰ᠂ ᠮᠤᠵᠢ᠎ᠶ᠋ᠢᠨ ᠲᠠᠰ᠎ᠤᠨ ᠨᠡᠭᠡᠭᠡᠯᠲᠡ᠎ᠶ᠋ᠢᠨ ᠣᠷᠣᠨ ᠬᠢᠭᠡᠳ ᠤᠯᠤᠰ᠎ᠤᠨ ᠲᠠᠰ᠎ᠤᠨ ᠱᠢᠨ᠎ᠡ ᠲᠣᠭᠣᠷᠢᠭ ᠵᠢᠴᠢ ᠬᠥᠭ᠌ᠵᠢᠭ᠌ᠰᠡᠨ ᠭᠠᠵᠠᠷ ᠣᠷᠣᠨ᠎ᠤ ᠨᠡᠭᠡᠭᠡᠯᠲᠡ᠎ᠶ᠋ᠢᠨ ᠣᠷᠣᠨ᠎ᠤ ᠠᠵᠤ ᠦᠢᠯᠡᠰ᠎ᠦᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠶᠡᠷᠦᠩᠬᠡᠢᠯᠡᠭ᠌ᠰᠡᠨ ᠭᠠᠢᠯᠢ᠎ᠦᠭᠡᠢ ᠣᠷᠣᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠬᠢᠭᠡᠳ ᠵᠡᠭᠦᠨ ᠬᠡᠰᠡᠭ᠎ᠦᠨ ᠲᠡᠯᠡᠶ ᠳᠠᠭᠠᠤ ᠭᠠᠵᠠᠷ ᠣᠷᠣᠨ᠎ᠤ ᠨᠡᠭᠡᠭᠡᠯᠲᠡ᠎ᠶ᠋ᠢᠨ ᠲᠠᠪᠴᠠᠩ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠤᠨ᠎ᠠ᠃

ᠭᠤᠷᠪᠠ᠂ ᠣᠷᠣᠨ ᠪᠦᠰᠡ ᠬᠣᠲᠠ ᠬᠥᠳᠡᠭᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ

(ᠲᠠᠪᠤ) ᠣᠷᠣᠨ ᠪᠦᠰᠡ᠎ᠶ᠋ᠢᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠭᠠᠵᠠᠷ ᠵᠦᠢ᠎ᠶ᠋ᠢᠨ ᠣᠷᠣᠨ ᠪᠠᠢᠷᠢᠱᠢᠯ᠎ᠳᠤ ᠲᠦᠱᠢᠭ᠌ᠯᠡᠬᠦ᠌᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ ᠵᠡᠷᠭᠡ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠳᠤ ᠠᠭᠤᠰᠤᠯᠴᠠᠬᠤ᠎ᠶ᠋ᠢ ᠳᠡᠮᠵᠢᠵᠦ᠍᠂ ᠲᠥᠯᠥᠪᠵᠢᠭᠦᠯᠭᠡ᠎ᠶ᠋ᠢ ᠵᠣᠯᠭᠠᠭᠤᠯᠬᠤ ᠪᠠ ᠲᠦᠷᠦ᠍᠎ᠶ᠋ᠢᠨ ᠪᠤᠳᠤᠯᠭ᠎ᠠ᠎ᠶ᠋ᠢ ᠵᠣᠯᠭᠠᠭᠤᠯᠬᠤ᠎ᠶ᠋ᠢ ᠴᠢᠩᠭᠠᠳᠭᠠᠵᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠂ ᠰᠠᠭᠤᠷᠢ ᠲᠥᠬᠥᠭᠡᠷᠦᠮᠵᠢ᠎ᠶ᠋ᠢ ᠬᠣᠯᠪᠣᠯᠳᠤᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠤᠨ ᠬᠡᠷᠡᠭ᠌ᠯᠡᠬᠦ᠌ ᠵᠡᠷᠭᠡ ᠬᠦᠷᠢᠶᠡᠨ᠎ᠳᠦ ᠭᠦᠨᠵᠡᠭᠡᠢ ᠬᠠᠮᠲᠤᠷᠠᠯᠴᠠᠨ᠎ᠠ᠃ ᠮᠤᠵᠢ᠎ᠶ᠋ᠢᠨ ᠬᠣᠭᠣᠷᠣᠨᠳᠣᠬᠢ ᠠᠭᠤᠯᠵᠠᠷ ᠭᠠᠵᠠᠷ ᠣᠷᠣᠨ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠵᠤ ᠦᠢᠯᠡᠰ᠎ᠦᠨ ᠬᠠᠮᠵᠢᠯᠴᠠᠭ᠎ᠠ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠠᠮᠲᠤ᠎ᠪᠠᠷ ᠡᠳ᠋ᠯᠡᠬᠦ᠌᠂ ᠠᠮᠢ ᠠᠬᠤᠢ ᠣᠷᠴᠢᠨ ᠲᠣᠭᠣᠷᠢᠨ᠎ᠢ ᠬᠠᠮᠲᠤ᠎ᠪᠠᠷ ᠬᠠᠮᠠᠭᠠᠯᠠᠵᠤ ᠬᠣᠯᠪᠣᠭᠠᠯᠠᠨ ᠵᠠᠰᠠᠬᠤ᠎ᠶ᠋ᠢ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠤᠨ᠎ᠠ᠃

(ᠵᠢᠷᠭᠤᠭ᠎ᠠ) ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠬᠤᠳᠠ ᠪᠠᠯᠭᠠᠰᠤᠨ᠎ᠤ ᠪᠠᠢᠷᠢᠱᠢᠯ᠎ᠢ ᠱᠢᠯᠢᠳᠡᠭ᠌ᠵᠢᠭᠦᠯᠵᠦ᠍᠂ ᠨᠥᠬᠥᠴᠡᠯ ᠪᠦᠷᠢᠳᠦᠭ᠌ᠰᠡᠨ ᠬᠤᠳᠠ᠎ᠶ᠋ᠢᠨ ᠮᠤᠵᠢ᠎ᠶ᠋ᠢᠨ ᠬᠡᠪᠴᠢᠶᠡᠨ᠎ᠦ ᠳᠡᠳ᠋ ᠲᠥᠪ ᠬᠤᠳᠠ᠂ ᠮᠤᠵᠢ᠎ᠶ᠋ᠢᠨ ᠬᠣᠭᠣᠷᠣᠨᠳᠣᠬᠢ ᠠᠭᠤᠯᠵᠠᠷ ᠣᠷᠣᠨ᠎ᠤ ᠣᠷᠣᠨ ᠪᠦᠰᠡ᠎ᠶ᠋ᠢᠨ ᠴᠢᠨᠠᠷᠲᠠᠢ ᠲᠥᠪ ᠬᠤᠳᠠ ᠪᠠᠢᠭᠤᠯᠬᠤ᠎ᠶ᠋ᠢ ᠲᠡᠮᠵᠢᠨ᠎ᠡ᠃ ᠱᠢᠶᠠᠨ᠎ᠤ ᠬᠣᠲᠠ᠎ᠶ᠋ᠢᠨ ᠬᠥᠮᠦᠨ ᠠᠮᠠ ᠲᠥᠪᠯᠡᠷᠡᠬᠦ᠌᠂ ᠠᠵᠤ ᠦᠢᠯᠡᠰ ᠲᠥᠪᠯᠡᠷᠡᠬᠦ᠌᠎ᠶ᠋ᠢ ᠠᠬᠢᠭᠤᠯᠵᠤ᠂ ᠪᠣᠳᠠᠲᠠᠶ ᠲᠠᠶ᠎ᠪᠠᠨ ᠤᠶᠠᠯᠳᠤᠭᠤᠯᠤᠨ ᠨᠢᠭᠡ ᠪᠦᠯᠦᠭ ᠲᠠᠷᠢᠶᠠᠯᠠᠩ᠎ᠤᠨ ᠬᠦᠴᠦᠷᠬᠡᠭ ᠱᠢᠶᠠᠨ᠂ ᠠᠵᠤ ᠦᠢᠯᠡᠳᠪᠦᠷᠢ᠎ᠶ᠋ᠢᠨ ᠲᠣᠮᠣ ᠱᠢᠶᠠᠨ᠂ ᠵᠢᠭᠤᠯᠴᠢᠯᠠᠯ᠎ᠤᠨ ᠨᠡᠷᠡᠲᠦ ᠱᠢᠶᠠᠨ ᠵᠡᠷᠭᠡ᠎ᠶ᠋ᠢ ᠪᠣᠢᠵᠢᠭᠤᠯᠵᠤ᠂ ᠬᠡᠪᠴᠢᠶ᠎ᠡ᠎ᠪᠡᠷ ᠨᠡᠯᠢᠶᠡᠳ ᠶᠡᠬᠡ ᠭᠣᠣᠯ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠲᠠᠷᠢᠶᠠᠯᠠᠩ᠎ᠡᠴᠡ ᠱᠢᠯᠵᠢᠭ᠌ᠰᠡᠨ ᠬᠥᠮᠦᠨ ᠠᠮᠠ᠎ᠶ᠋ᠢᠨ ᠣᠢᠷ᠎ᠠ ᠬᠠᠪᠢ᠎ᠳᠠᠭᠠᠨ ᠬᠣᠲᠠ ᠪᠠᠯᠭᠠᠰᠤᠵᠢᠬᠤ᠎ᠶ᠋ᠢ ᠠᠬᠢᠭᠤᠯᠤᠨ᠎ᠠ᠃ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠎ᠤᠨ ᠥᠭᠡᠷᠡᠴᠢᠯᠡᠯᠲᠡ ᠪᠣᠯᠤᠨ ᠬᠣᠲᠠ᠎ᠶ᠋ᠢᠨ ᠤᠰᠤ ᠵᠠᠯᠠᠵᠤ ᠤᠰᠤᠲᠤᠯ᠎ᠢ ᠰᠡᠷᠭᠡᠢᠯᠡᠬᠦ᠌᠂ ᠪᠣᠬᠢᠷ ᠤᠰᠤ᠎ᠶ᠋ᠢ ᠴᠤᠭ᠍ᠯᠠᠭᠤᠯᠤᠨ ᠱᠢᠶ᠋ᠳᠪᠦᠷᠢᠯᠡᠬᠦ᠌ ᠵᠡᠷᠭᠡ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠬᠣᠲᠠ᠎ᠶ᠋ᠢᠨ ᠣᠯᠠᠨ ᠨᠡᠢᠲᠡ᠎ᠶ᠋ᠢᠨ ᠴᠠᠬᠢᠯᠭᠠᠨ ᠴᠡᠨᠡᠭ᠌ᠯᠡᠬᠦ᠌ ᠲᠤᠤᠷ ᠰᠦᠯᠵᠢᠶ᠎ᠡ᠎ᠶ᠋ᠢᠨ ᠪᠠᠢᠷᠢᠱᠢᠭᠤᠯᠤᠯ᠎ᠢ ᠱᠢᠯᠢᠳᠡᠭ᠌ᠵᠢᠭᠦᠯᠦᠨ᠎ᠡ᠃

(ᠳᠣᠯᠣᠭ᠎ᠠ) ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠬᠥᠳᠡᠭᠡ ᠲᠣᠰᠭᠣᠨ᠎ᠤ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠤᠯᠠᠮᠵᠢᠯᠠᠯᠲᠤ ᠠᠢᠯ ᠲᠣᠰᠭᠣᠨ᠎ᠢ ᠬᠠᠮᠠᠭᠠᠯᠠᠵᠤ ᠠᠱᠢᠭ᠍ᠯᠠᠬᠤ᠎ᠶ᠋ᠢ ᠴᠢᠩᠭᠠᠳᠭᠠᠨ᠎ᠠ᠃ ᠬᠥᠳᠡᠭᠡ ᠲᠣᠰᠭᠣᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠡᠯ᠎ᠡ ᠲᠥᠷᠥᠯ᠎ᠦᠨ ᠰᠤᠯᠠ ᠬᠠᠶᠠᠭ᠍ᠳᠠᠵᠤ ᠪᠠᠢᠭ᠎ᠠ ᠡᠬᠢ ᠪᠠᠶᠠᠯᠢᠭ᠎ᠢ ᠠᠮᠢᠳᠤᠯᠢᠭᠵᠢᠭᠤᠯᠤᠨ ᠠᠱᠢᠭ᠍ᠯᠠᠬᠤ᠎ᠶ᠋ᠢ ᠳᠡᠮᠵᠢᠵᠦ᠍᠂ ᠠᠷᠠᠳ᠎ᠤᠨ ᠤᠯᠠᠮᠵᠢᠯᠠᠯᠲᠦ ᠰᠠᠭᠤᠴᠠ᠎ᠶ᠋ᠢᠨ ᠪᠠᠭᠤᠳᠠᠯ᠎ᠤᠨ ᠠᠵᠤ ᠠᠬᠤᠶ᠎ᠶ᠋ᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠶ᠎ᠪᠠᠷ ᠬᠥᠭ᠌ᠵᠢᠭᠦᠯᠦᠨ᠎ᠡ᠃ ᠬᠤᠪᠢᠰᠭᠠᠯ᠎ᠤᠨ ᠦᠵᠡᠰᠭᠦᠯᠡᠩᠲᠦ ᠰᠠᠢᠬᠠᠨ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠨ᠎ᠠ᠃ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠨᠡᠮᠡᠭ᠌ᠳᠡᠯ ᠬᠠᠰᠤᠭ᠍ᠳᠠᠯ᠎ᠢ ᠬᠣᠯᠪᠣᠭ᠍ᠳᠠᠭᠤᠯᠵᠤ ᠠᠷᠪᠢᠯᠠᠨ ᠭᠠᠷᠭᠠᠬᠤ ᠭᠦᠶ᠋ᠴᠡᠳᠭᠡᠯ ᠲᠣᠭ᠎ᠠ᠎ᠶ᠋ᠢᠨ ᠮᠤᠵᠢ᠎ᠶ᠋ᠢᠨ ᠬᠡᠪᠴᠢᠶᠡᠨ᠎ᠳᠡᠬᠢ ᠲᠥᠯᠥᠪᠦᠷᠢ᠎ᠲᠡᠶ᠎ᠪᠡᠷ ᠳᠣᠭᠢᠷᠠᠭᠤᠯᠬᠤ ᠠᠱᠢᠭ ᠣᠷᠣᠯᠭ᠎ᠠ᠎ᠶ᠋ᠢ ᠲᠣᠭ᠍ᠲᠠᠭᠠᠯ ᠶᠣᠰᠣᠭᠠᠷ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠡᠷᠡᠭ᠌ᠯᠡᠨ᠎ᠡ᠃ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠲᠣᠰᠭᠣᠨ᠎ᠤ 《ᠬᠣᠶᠠᠷ ᠵᠥᠪᠯᠡᠯ》᠎ᠤ᠋ᠨ ᠪᠠᠭ᠂ ᠢᠯᠠᠩᠭᠤᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶᠢ ᠱᠢᠯᠢᠳᠡᠭ᠎ᠢ ᠨᠢ ᠰᠤᠨᠭᠭᠤᠵᠤ ᠳᠤᠷᠪᠢᠲᠠᠢ᠎ᠵᠢ ᠨᠢ ᠲᠣᠬᠢᠷᠠᠭᠤᠯᠤᠨ᠎ᠠ᠃ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠭᠣᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠭᠦᠨᠵᠡᠭᠡᠶ ᠠᠬᠢᠭᠤᠯᠤᠨ᠎ᠠ᠃

ᠲᠦᠷᠪᠡ᠂ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠨ᠎ᠡ

(ᠨᠠᠶ᠋ᠮᠠ) ᠣᠳᠣᠬᠢᠴᠢᠯᠠᠭ᠍ᠰᠠᠨ ᠰᠠᠭᠤᠷᠢ ᠲᠦᠬᠦᠭᠡᠷᠦᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠵᠣᠬᠢᠬᠤ ᠬᠡᠮᠵᠢᠶ᠎ᠡ᠎ᠪᠡᠷ ᠤᠷᠢᠳᠴᠢᠯᠠᠭᠤᠯᠬᠤ᠂ ᠬᠡᠲᠦᠷᠡᠭᠦᠯᠦᠨ ᠤᠷᠢᠳᠴᠢᠯᠠᠭᠤᠯᠬᠤ ᠦᠭᠡᠢ ᠵᠠᠷᠴᠢᠮ᠎ᠢ ᠪᠠᠷᠢᠮᠲᠠᠯᠠᠨ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠨᠥᠬᠥᠴᠡᠯ ᠪᠦᠷᠢᠳᠦᠭ᠌ᠰᠡᠨ ᠲᠥᠷᠥᠯ ᠵᠦᠢᠯ᠎ᠢ ᠬᠤᠯᠪᠤᠭᠳᠠᠯ ᠪᠦᠬᠦᠢ ᠲᠤᠰᠭᠠᠶ ᠵᠦᠢᠯ᠎ᠦᠨ ᠲᠥᠯᠥᠪᠵᠢᠭᠦᠯᠭᠡ᠎ᠳᠦ ᠤᠷᠢᠳ᠎ᠢᠶᠡᠷ ᠣᠷᠣᠭᠤᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠵᠠᠮ ᠬᠠᠷᠢᠯᠴᠠᠭᠠᠨ᠎ᠤ ᠭᠣᠣᠯ ᠨᠡᠪᠲᠡᠷᠡᠬᠦ᠌ ᠵᠠᠮ᠎ᠢ ᠰᠠᠭᠠᠳ ᠦᠭᠡᠶ ᠨᠡᠪᠲᠡᠷᠡᠭᠦᠯᠵᠦ᠍᠂ ᠪᠦᠲᠦᠭᠡᠨ ᠪᠠᠢᠭᠤᠯᠬᠤ ᠬᠡᠷᠡᠭ᠌ᠴᠡᠭᠡ ᠲᠤᠯᠭᠠᠮ᠂ ᠵᠠᠮ᠎ᠤᠨ ᠲᠣᠣᠷ᠎ᠤᠨ ᠴᠢᠳᠠᠮᠵᠢ ᠲᠣᠪᠣᠢᠮ᠎ᠠ ᠲᠡᠮᠦᠷ ᠵᠠᠮ᠎ᠤᠨ ᠲᠥᠷᠥᠯ ᠵᠦᠢᠯ᠎ᠢ ᠳᠡᠮᠵᠢᠵᠦ᠍᠂ ᠭᠣᠣᠯ ᠱᠤᠭᠤᠮ᠎ᠤᠨ ᠵᠠᠰᠠᠮᠠᠯ ᠵᠠᠮ᠎ᠤᠨ ᠮᠤᠵᠢ᠎ᠶ᠋ᠢᠨ ᠬᠣᠭᠣᠷᠣᠨᠳᠣᠬᠢ ᠪᠣᠭᠣᠮᠢ ᠵᠠᠮ᠎ᠤᠨ ᠬᠡᠰᠡᠭ᠎ᠢ ᠲᠦᠷᠭᠡᠳᠭᠡᠨ ᠨᠡᠪᠲᠡᠷᠡᠭᠦᠯᠦᠨ᠎ᠡ᠃ ᠲᠦᠷᠭᠡᠨ᠎ᠦ ᠵᠠᠮ᠎ᠤᠨ ᠣᠷᠣᠴᠠ ᠪᠠ ᠭᠠᠷᠴᠠ᠎ᠶᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠭᠣᠣᠯᠳᠠᠯᠭ᠎ᠠ᠎ᠲᠠᠶ ᠬᠣᠲᠠ ᠪᠠᠯᠭᠠᠰᠤ ᠪᠣᠯᠤᠨ ᠬᠤᠪᠢᠰᠭᠠᠯ᠎ᠤᠨ ᠰᠣᠶᠣᠯ᠎ᠤᠨ ᠳᠤᠷᠠᠰᠭᠠᠯ᠎ᠤᠨ ᠭᠠᠵᠠᠷ᠎ᠢ ᠤᠷᠢᠳ᠎ᠢᠶᠠᠷ ᠬᠣᠯᠪᠣᠨ᠎ᠠ᠃ 《ᠳᠥᠷᠪᠡᠨ ᠰᠠᠢᠨ ᠬᠥᠳᠡᠭᠡ ᠲᠣᠰᠭᠣᠨ᠎ᠤ ᠵᠠᠮ》᠎ᠤ᠋ᠨ ᠪᠦᠲᠦᠭᠡᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠨᠥᠬᠥᠴᠡᠯ ᠪᠦᠷᠢᠯᠳᠦᠭᠦᠯᠦᠭ᠌ᠰᠡᠨ ᠱᠢᠶᠠᠩ ᠪᠠᠯᠭᠠᠰᠤ᠎ᠳᠤ ᠭᠤᠷᠪᠠᠳᠤᠭᠠᠷ ᠳᠡᠰ᠎ᠡᠴᠡ ᠳᠡᠭᠡᠭ᠌ᠰᠢᠬᠢ ᠵᠠᠰᠠᠮᠠᠯ ᠵᠠᠮ ᠨᠡᠪᠲᠡᠷᠡᠭᠦᠯᠬᠦ᠌᠂ ᠪᠠᠢᠭᠤᠯᠤᠮᠵᠢᠲᠦ ᠲᠣᠰᠭᠣᠨ᠎ᠳᠤ ᠵᠡᠷᠭᠡ ᠲᠡᠰᠳᠤ ᠵᠠᠮ ᠨᠡᠪᠲᠡᠷᠡᠭᠦᠯᠬᠦ᠌᠂ ᠨᠡᠯᠢᠶᠡᠳ ᠶᠡᠬᠡ ᠬᠥᠮᠦᠨ ᠠᠮᠠ᠎ᠲᠠᠶ ᠬᠡᠪᠴᠢᠶᠡᠲᠦ ᠠᠢᠯ ᠲᠣᠰᠭᠣᠨ (ᠳᠤᠭᠤᠢᠯᠠᠩ)᠎ᠳ᠋ᠤ ᠬᠠᠲᠠᠭᠤ ᠵᠠᠮ ᠨᠡᠪᠲᠡᠷᠡᠭᠦᠯᠬᠦ᠌᠎ᠶ᠋ᠢ ᠠᠬᠢᠭᠤᠯᠤᠨ᠎ᠠ᠃ ᠠᠷᠠᠳ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ᠎ᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠤᠪᠢᠰᠭᠠᠯᠲᠤ ᠵᠢᠭᠤᠯᠴᠢᠯᠠᠯ᠎ᠤᠨ ᠵᠣᠷᠢᠭ᠍ᠰᠠᠨ ᠭᠠᠵᠠᠷ᠎ᠲᠤ ᠠᠶᠠᠯᠠᠯ᠎ᠤᠨ ᠱᠤᠭᠤᠮ ᠨᠡᠮᠡᠵᠦ᠍ ᠨᠡᠭᠡᠭᠡᠬᠦ᠌᠂ ᠡᠭᠡᠯᠵᠢᠨ ᠨᠢᠰᠭᠡᠯ᠎ᠤᠨ ᠨᠢᠭᠲᠠᠴᠠ᠎ᠵᠢ ᠨᠡᠮᠡᠭᠳᠡᠭᠦᠯᠬᠦ᠎ᠶ᠋ᠢ ᠵᠣᠷᠢᠭ᠍ᠵᠢᠭᠤᠯᠤᠨ᠎ᠠ᠃ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ᠂ ᠤᠢᠷ᠎ᠠ ᠤᠭᠲᠠᠷᠭᠤᠢ᠎ᠶᠢᠨ ᠰᠠᠭᠤᠷᠢ ᠲᠦᠬᠦᠭᠡᠷᠦᠮᠵᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠪᠠᠢᠷᠢᠱᠢᠭᠤᠯᠤᠨ᠎ᠠ᠃ ᠳᠣᠲᠣᠭᠠᠳᠤ ᠭᠣᠣᠯ ᠮᠥᠷᠡᠨ᠎ᠦ ᠳᠡᠭᠡᠳᠦ ᠳᠡᠰ᠎ᠤᠨ ᠤᠰᠤᠨ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠣᠳᠣᠬᠢᠴᠢᠯᠠᠭ᠍ᠰᠠᠨ ᠤᠰᠤᠨ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠬᠢᠭᠡᠳ ᠥᠭᠡᠷᠡᠴᠢᠯᠡᠯᠲᠡ᠎ᠶ᠋ᠢ ᠴᠢᠩᠭᠠᠳᠭᠠᠵᠤ᠂ ᠬᠥᠳᠡᠭᠡ ᠲᠣᠰᠭᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠲᠦᠪᠰᠢᠨ᠎ᠢ ᠲᠥᠷᠥᠯ ᠬᠤᠪᠢᠶᠠᠨ ᠳᠡᠭᠡᠭ᠌ᠰᠢᠯᠡᠭᠦᠯᠵᠦ᠍᠂ ᠨᠥᠬᠥᠴᠡᠯ᠎ᠲᠡᠶ ᠭᠠᠵᠠᠷ ᠣᠷᠣᠨ ᠨᠢ ᠬᠥᠳᠡᠭᠡ ᠲᠣᠰᠭᠣᠨ᠎ᠤ ᠤᠰᠤ ᠬᠠᠩᠭᠠᠬᠤ ᠱᠢᠶᠠᠨ᠎ᠤ ᠬᠡᠪᠴᠢᠶ᠎ᠡ᠎ᠶ᠋ᠢ ᠨᠢᠭᠡᠳᠦᠯᠲᠡᠶ ᠬᠠᠮᠢᠶᠠᠷᠬᠤ ᠪᠠ ᠲᠤᠰᠭᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠎ᠶ᠋ᠢ ᠠᠬᠢᠭᠤᠯᠵᠤ ᠪᠣᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠬᠣᠯᠪᠣᠭ᠍ᠳᠠᠬᠤ ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ᠌ ᠨᠡᠪᠳᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠥᠬᠥᠴᠡᠯ᠎ᠳᠦ ᠨᠡᠢᠴᠡᠬᠦ᠌ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠵᠦᠢ ᠵᠣᠬᠢᠰᠲᠠᠶ ᠪᠠᠢᠷᠢᠯᠠᠭᠤᠯᠬᠤ᠎ᠶ᠋ᠢ ᠳᠡᠮᠵᠢᠵᠦ᠍᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶ᠋ᠢ ᠡᠮᠬᠢ ᠵᠢᠷᠤᠮ᠎ᠲᠠᠶ  ᠪᠥᠲᠥᠭᠡᠨ ᠪᠠᠢᠭᠤᠯᠤᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠴᠢᠮᠡᠭᠡ ᠬᠣᠯᠪᠣᠭᠠᠨ᠎ᠤ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠰᠦᠯᠵᠢᠶᠡᠨ᠎ᠦ ᠪᠦᠷᠬᠦᠴᠡ᠎ᠶ᠋ᠢᠨ ᠥᠷᠭᠡᠴᠡ ᠪᠠ ᠭᠦᠨᠴᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃

(ᠶᠢᠰᠦ) ᠭᠤᠤᠯᠳᠠᠯᠭ᠎ᠠ᠎ᠲᠠᠶ ᠬᠥᠮᠦᠰ᠎ᠤ᠋ᠨ ᠠᠵᠢᠯ ᠣᠯᠭᠣᠯᠳᠠ ᠵᠢᠨ ᠦᠶ᠋ᠯᠡᠴᠢᠯᠡᠭᠡ᠎ᠶ᠋ᠢ ᠴᠢᠩᠭᠠᠳᠭᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠦᠯᠦᠰᠦᠨ ᠲᠠᠷᠢᠶᠠᠴᠢᠨ᠂ ᠴᠡᠷᠢᠭ᠎ᠤᠨ ᠠᠯᠪᠠᠨ ᠡᠴᠡ ᠬᠠᠯᠠᠭ᠍ᠳᠠᠭ᠍ᠰᠠᠳ᠎ᠵᠡᠷᠭᠡ ᠭᠣᠣᠯᠳᠠᠯᠭ᠎ᠠ᠎ᠲᠠᠶ ᠬᠦᠮᠦᠰ᠎ᠤᠨ ᠠᠵᠢᠯ ᠣᠯᠭᠣᠯᠲᠠ᠎ᠶ᠋ᠢ ᠳᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠤ᠂ ᠠᠵᠢᠯ ᠮᠡᠷᠭᠡᠵᠢᠯ᠎ᠦᠨ ᠵᠢᠯᠤᠭᠤᠳᠤᠯᠭ᠎ᠠ᠂ ᠠᠵᠢᠯ ᠮᠡᠷᠭᠡᠵᠢᠯ᠎ᠦᠨ ᠲᠠᠨᠢᠯᠴᠠᠭᠤᠯᠭ᠎ᠠ ᠵᠡᠷᠭᠡ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠨ᠎ᠠ᠃ ᠣᠯᠠᠨ ᠨᠡᠢᠲᠡ᠎ᠶ᠋ᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠤ᠋ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠴᠢᠭ᠌ᠯᠡᠭᠦᠯᠦᠯᠲᠦ ᠴᠢᠨᠠᠷ ᠲᠠᠢ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ᠎ᠢ ᠲᠥᠷᠥᠯ ᠬᠤᠪᠢᠶᠠᠨ ᠥᠷᠨᠢᠭᠦᠯᠦᠨ᠎ᠡ᠃ ᠣᠷᠣᠨ ᠪᠦᠰᠡ᠎ᠶ᠋ᠢᠨ ᠬᠠᠮᠳᠤᠷᠠᠯᠴᠠᠭ᠎ᠠ᠂ ᠠᠵᠢᠯ ᠲᠥᠷᠥᠯ᠎ᠵᠢᠡᠷ ᠨᠢ ᠲᠤᠰᠠᠯᠠᠬᠤ ᠵᠡᠷᠭᠡ ᠲᠣᠭ᠍ᠲᠠᠴᠠ᠎ᠳᠤ ᠲᠦᠱᠢᠭ᠌ᠯᠡᠨ᠂ ᠬᠦᠯᠦᠰᠦᠨ ᠲᠠᠷᠢᠶᠠᠴᠢᠨ ᠤ᠋ ᠭᠠᠳᠠᠭ᠍ᠰᠢ ᠭᠠᠷᠴᠤ᠌ ᠠᠵᠢᠯ ᠣᠯᠬᠤ ᠠᠷᠭ᠎ᠠ ᠵᠠᠮ᠎ᠢ ᠰᠠᠭᠠᠳ ᠦᠭᠡᠶ ᠨᠡᠪᠲᠡᠷᠡᠭᠦᠯᠵᠦ᠍᠂ ᠬᠥᠳᠡᠯᠮᠦᠷᠢ ᠬᠦᠴᠦᠨ᠎ᠢ ᠭᠠᠳᠠᠭ᠍ᠰᠢ ᠭᠠᠷᠭᠠᠬᠤ ᠬᠡᠪᠴᠢᠶ᠎ᠡ᠎ᠶ᠋ᠢ ᠯᠠᠪᠳᠠᠭᠤᠨ᠎ᠢᠶᠠᠷ ᠥᠷᠭᠡᠳᠭᠡᠨ᠂ ᠣᠷᠣᠨ ᠪᠦᠰᠡ᠎ᠶ᠋ᠢᠨ ᠴᠢᠨᠠᠷᠲᠠᠶ ᠬᠥᠳᠡᠯᠮᠦᠷᠢ ᠦᠢᠯᠡᠴᠢᠯᠡᠭᠡᠨ᠎ᠦ ᠨᠢᠭᠡ ᠪᠦᠯᠦᠭ ᠲᠦᠷᠦᠯ ᠲᠡᠮᠳᠡᠭ᠎ᠢ ᠪᠤᠶ ᠪᠣᠯᠭᠠᠨ᠎ᠠ᠃ ᠠᠵᠢᠯ ᠣᠯᠭᠣᠯᠲᠠ᠎ᠶ᠋ᠢ ᠱᠢᠩᠭᠡᠭᠡᠨ ᠠᠪᠬᠤ ᠴᠢᠳᠠᠪᠤᠷᠢ᠎ᠪᠠᠷ ᠴᠢᠩᠭ᠎ᠠ ᠱᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠢᠳᠡᠪᠬᠢᠲᠡᠶ᠎ᠬᠥᠭ᠌ᠵᠢᠭᠦᠯᠵᠦ᠍᠂ ᠠᠵᠢᠯ ᠣᠯᠭᠣᠬᠤ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠬᠡᠷᠡᠭ᠌ᠵᠢᠭᠦᠯᠬᠦ᠌ ᠬᠡᠪᠴᠢᠶ᠎ᠡ᠎ᠶ᠋ᠢ ᠲᠣᠭ᠍ᠲᠠᠭᠠᠯ ᠶᠣᠰᠣᠭᠠᠷ ᠥᠷᠭᠡᠳᠭᠡᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠨᠡᠭᠡᠭᠡᠨ ᠬᠥᠭ᠌ᠵᠢᠭᠦᠯᠬᠦ᠌ ᠬᠠᠮᠢᠶᠠᠷᠤᠯᠲᠠ᠎ᠶ᠋ᠢ ᠵᠢᠷᠤᠮᠵᠢᠭᠤᠯᠤᠨ᠎ᠠ᠃

(ᠠᠷᠪᠠ) ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠪᠣᠯᠤᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠢ᠋ ᠲᠡᠭᠦᠯᠳᠡᠷᠵᠢᠭᠦᠯᠦᠨ᠎ᠡ᠃ ᠬᠥᠮᠦᠨ ᠠᠮᠠ᠎ᠶ᠋ᠢᠨ ᠬᠤᠪᠢᠷᠠᠯᠲᠠ᠎ᠲᠠᠶ ᠵᠣᠬᠢᠴᠠᠯᠳᠤᠭ᠍ᠰᠠᠨ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠬᠤ ᠲᠣᠭ᠍ᠲᠠᠴᠠ᠎ᠶ᠋ᠢ ᠪᠠᠢᠭᠤᠯᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠢ ᠬᠦᠳᠦᠯᠦᠨ ᠵᠢᠯᠣᠭᠣᠳᠴᠤ᠌ ᠵᠣᠬᠢᠰᠲᠠᠢ᠎ᠪᠠᠷ ᠲᠥᠪᠯᠡᠷᠡᠭᠦᠯᠦᠨ᠎ᠡ᠃ ᠰᠠᠭᠤᠷᠢ ᠰᠤᠷᠭᠠᠨ ᠬᠥᠮᠦᠵᠢᠯ᠎ᠦᠨ ᠰᠢᠯᠢᠳᠡᠭ ᠡᠬᠢ ᠪᠠᠶᠠᠯᠢᠭ ᠢ᠋ ᠦᠷᠭᠡᠳᠬᠡᠨ ᠰᠤᠷᠭᠠᠨ ᠬᠦᠮᠦᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠪᠠᠷᠢᠮᠵᠢᠶᠠᠵᠢᠭ᠍ᠰᠠᠨ ᠪᠦᠲᠦᠭᠡᠨ ᠪᠠᠢᠭᠤᠯᠤᠯᠲᠠ ᠪᠠ ᠴᠢᠨᠠᠷ ᠰᠠᠢᠲᠠᠢ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠭ᠌ᠵᠢᠭ᠌ᠰᠡᠨ ᠭᠠᠵᠠᠷ ᠣᠷᠣᠨ᠎ᠤ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠵᠤ᠂ 《ᠲᠤᠮᠳᠠᠳᠤ ᠪᠠᠭ᠎ᠠ ᠰᠤᠷᠭᠠᠭᠤᠯᠢ ᠵᠢᠨ ᠪᠠᠭᠰᠢ ᠵᠢ ᠪᠣᠯᠪᠠᠰᠤᠷᠠᠭᠤᠯᠬᠤ ᠤᠯᠤᠰ ᠤ᠋ᠨ ᠲᠡᠰ ᠤ᠋ᠨ ᠲᠥᠯᠥᠪᠯᠡᠭᠡ》 ᠶ᠋ᠢ ᠳᠡᠮᠵᠢᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠤᠨ᠎ᠠ᠃ 《ᠪᠠ ᠢ ᠤᠯᠤᠰ᠎ᠢᠶᠠᠨ ᠬᠠᠢᠷᠠᠯᠠᠬᠤ ᠰᠤᠷᠭᠠᠭᠤᠯᠢ》 ᠶ᠋ᠢ ᠲᠤᠰᠠᠯᠠᠨ ᠪᠠᠢᠭᠤᠯᠬᠤ ᠠᠵᠢᠯ᠎ᠢ ᠭᠦᠨᠵᠡᠭᠡᠶ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ᠎ᠤ᠋ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠪᠠᠨ ᠨᠠᠢᠳᠠᠪᠤᠷᠢᠵᠢᠭᠤᠯᠬᠤ᠎ᠶ᠋ᠢ ᠳᠡᠮᠵᠢᠵᠦ᠍᠂ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠡᠮᠨᠡᠯᠭᠡ᠎ᠶ᠋ᠢᠨ ᠬᠣᠷᠢᠶ᠎ᠠ ᠪᠣᠯᠤᠨ ᠤᠯᠤᠰ᠎ᠤᠨ ᠳᠣᠲᠣᠭᠠᠳᠤ᠎ᠶ᠋ᠢᠨ ᠥᠨᠳᠥᠷ ᠲᠦᠪᠱᠢᠨ ᠪᠥᠬᠥᠶ ᠡᠮᠨᠡᠯᠭᠡ᠎ᠶ᠋ᠢᠨ ᠬᠣᠷᠢᠶ᠎ᠠ ᠬᠠᠮᠲᠤᠷᠠᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠬᠦᠴᠦᠯᠡᠨ ᠬᠡᠷᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠦ ᠨᠢᠭ᠍ᠲᠠᠷᠬᠠᠰᠠᠨ ᠬᠡᠯᠪᠡᠷᠢ ᠵᠢᠨ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ᠂ ᠲᠦᠭᠡᠮᠡᠯ ᠬᠠᠷᠠᠭᠠᠯᠵᠠᠯᠲᠤ ᠬᠡᠯᠪᠡᠷᠢ᠎ᠶ᠋ᠢᠨ᠂ ᠣᠯᠠᠨ ᠶᠠᠩᠵᠤ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠬᠥᠭ᠌ᠵᠢᠭᠦᠯᠦᠨ᠎ᠡ᠃ ᠬᠠᠷᠠᠭᠠᠯᠵᠠᠬᠤ ᠡᠲᠡᠭᠡᠳ ᠵᠡᠷᠭᠡ ᠬᠥᠮᠦᠰ᠎ᠦᠨ ᠠᠰᠠᠷᠠᠮᠵᠢ ᠪᠠ ᠠᠮᠢᠳᠤᠷᠠᠯ᠎ᠤᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠵᠦᠢ ᠵᠣᠬᠢᠰᠲᠠᠢ ᠲᠣᠭ᠍ᠲᠠᠭᠠᠵᠤ᠂ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠬᠠᠷᠠᠭᠠᠯᠵᠠᠬᠤ ᠡᠮᠨᠡᠯᠭᠡ᠎ᠶ᠋ᠢᠨ ᠬᠣᠷᠢᠶ᠎ᠠ᠂ ᠢᠷᠠᠭᠤ ᠠᠯᠳᠠᠷ᠎ᠤᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍᠂ ᠴᠡᠷᠢᠭ᠎ᠦᠨ ᠠᠯᠪᠠᠨ᠎ᠡᠴᠡ ᠬᠠᠯᠠᠭ᠍ᠳᠠᠭ᠍ᠰᠠᠳ᠎ᠤᠨ ᠦᠢᠯᠡᠴᠢᠯᠡᠭᠡᠨ᠎ᠦ ᠲᠥᠪ (ᠦᠷᠲᠡᠭᠡ) ᠤ᠋ᠨ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃

(ᠠᠷᠪᠠᠨ ᠨᠢᠭᠡ) ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠱᠢᠰᠲ᠋ᠧᠮ᠎ᠲᠡᠶ ᠠᠬᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠬᠠᠮᠵᠢᠯᠴᠠᠨ ᠠᠬᠢᠭᠤᠯᠬᠤ᠎ᠶ᠋ᠢ ᠳᠡᠮᠵᠢᠵᠤ᠂ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠵᠤ᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠭᠤᠷᠬᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠎ᠠ᠃ ᠪᠠᠢᠭᠠᠯᠢ᠎ᠶ᠋ᠢᠨ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ ᠪᠠ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠰᠠᠭᠤᠷᠢ ᠲᠥᠬᠥᠭᠡᠷᠦᠮᠵᠢ᠎ᠶ᠋ᠢ ᠲᠡᠭᠦᠯᠳᠡᠷᠵᠢᠭᠦᠯᠦᠨ᠎ᠡ᠃ ᠰᠠᠪᠠ ᠭᠠᠵᠠᠷ᠎ᠤᠨ ᠬᠠᠮᠠᠭᠠᠯᠠᠯᠲᠠ ᠵᠠᠰᠠᠯᠲᠠ᠎ᠶ᠋ᠢ ᠢᠳᠡᠪᠬᠢᠲᠡᠢ ᠠᠬᠢᠭᠤᠯᠵᠤ᠂ ᠬᠢᠯᠢ ᠠᠯᠤᠰᠯᠠᠭ᠍ᠰᠠᠨ ᠣᠷᠣᠨ ᠪᠦᠰᠡ᠎ᠶ᠋ᠢᠨ ᠣᠷᠴᠢᠨ ᠲᠣᠭᠣᠷᠢᠨ᠎ᠤ ᠬᠠᠮᠢᠶᠠᠷᠤᠯᠲᠠ ᠡᠵᠡᠮᠳᠡᠯ ᠪᠣᠯᠤᠨ ᠪᠣᠬᠢᠷᠲᠤᠯ᠎ᠤᠨ ᠵᠠᠰᠠᠯᠲᠠ᠎ᠶ᠋ᠢ ᠴᠢᠩᠭᠠᠳᠭᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ᠎ᠢ ᠵᠣᠷᠢᠭ᠍ᠵᠢᠭᠤᠯᠤᠨ ᠠᠮᠢ ᠠᠬᠤᠶ᠎ᠶ᠋ᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠦᠷᠭᠡᠳᠭᠡᠨ ᠰᠦᠪᠡᠭ᠌ᠴᠢᠯᠡᠵᠦ᠍᠂ ᠡᠬᠢ ᠪᠠᠶᠠᠯᠢᠭ ᠣᠷᠴᠢᠨ ᠲᠣᠭᠣᠷᠢᠨ᠎ᠤ ᠡᠯᠸᠮᠸᠨ᠋ᠲ᠎ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠦᠢᠯᠡᠳᠬᠦᠨ᠎ᠢ ᠡᠵᠡᠩᠨᠡᠨ ᠨᠡᠭᠡᠭᠡᠬᠦ᠌ ᠵᠡᠷᠭᠡ ᠣᠯᠠᠨ ᠡᠱᠢᠵᠢᠭ᠌ᠰᠡᠨ ᠵᠠᠭ᠍ᠪᠤᠷ᠎ᠢ ᠬᠠᠢᠨ ᠰᠦᠪᠡᠭ᠌ᠴᠢᠯᠡᠬᠦ᠌᠎ᠶ᠋ᠢ ᠳᠡᠮᠵᠢᠨ᠎ᠡ᠃

ᠲᠠᠪᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠭᠠᠨ᠎ᠠ

(ᠠᠷᠪᠠᠨ ᠬᠣᠶᠠᠷ) ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠰᠤᠷᠭᠠᠭᠤᠯᠢ ᠡᠷᠭᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠬᠢᠴᠢᠶᠡᠯ ᠲᠥᠷᠥᠯ ᠲᠤᠰᠭᠠᠶ ᠮᠡᠷᠭᠡᠵᠢᠯ᠎ᠢ ᠳᠣᠭᠢᠷᠠᠭᠤᠯᠤᠨ ᠱᠢᠯᠢᠳᠡᠭ᠌ᠵᠢᠭᠦᠯᠬᠦ᠌᠂ ᠡᠷᠳᠡᠮ᠎ᠦᠨ ᠴᠣᠯᠠ᠎ᠶ᠋ᠢᠨ ᠡᠷᠬᠡ ᠣᠯᠭᠣᠬᠤ ᠴᠡᠭ᠎ᠢ ᠨᠡᠮᠡᠵᠦ᠍ ᠪᠠᠢᠭᠤᠯᠬᠤ ᠵᠡᠷᠭᠡ ᠲᠠᠯ᠎ᠠ᠎ᠪᠠᠷ ᠲᠣᠭ᠍ᠲᠠᠭᠠᠯ ᠶᠣᠰᠣᠭᠠᠷ ᠳᠡᠮᠵᠢᠯᠭᠡ ᠦᠵᠡᠭᠦᠯᠦᠨ᠎ᠡ᠃ ᠠᠵᠤ ᠦᠶ᠋ᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠤᠢᠯ᠎ᠤᠨ ᠣᠨᠣᠪᠴᠢᠲᠠᠶ᠎ᠪᠠᠷ ᠵᠣᠯᠭᠠᠭᠤᠯᠵᠤ᠂ ᠨᠢᠭᠡ ᠪᠦᠯᠦᠭ ᠥᠨᠳᠥᠷ ᠬᠢᠷᠢ ᠲᠦᠪᠱᠢᠨ ᠪᠥᠬᠥᠶ ᠬᠡᠷᠡᠭ᠌ᠯᠡᠭᠡᠨ᠎ᠦ ᠬᠡᠯᠪᠡᠷᠢ᠎ᠶ᠋ᠢᠨ ᠵᠢᠩᠬᠢᠨᠢ ᠠᠩᠭᠢ᠎ᠶ᠋ᠢᠨ ᠰᠤᠷᠭᠠᠭᠤᠯᠢ᠂ ᠠᠵᠢᠯ ᠮᠡᠷᠭᠡᠵᠢᠯ᠎ᠦᠨ ᠰᠤᠷᠭᠠᠭᠤᠯᠢ᠂ ᠮᠠᠰᠲ᠋ᠸᠷ᠎ᠤᠨ ᠳᠡᠭᠡᠳᠦ ᠰᠤᠷᠭᠠᠭᠤᠯᠢ᠎ᠶ᠋ᠢ ᠴᠣᠭ᠍ᠴᠠᠯᠠᠨ ᠪᠠᠢᠭᠤᠯᠵᠤ᠂ ᠠᠵᠢᠯ ᠮᠡᠷᠭᠡᠵᠢᠯ ᠤ᠋ᠨ ᠰᠤᠷᠭᠠᠨ ᠬᠦᠮᠦᠵᠢᠯ ᠪᠠ ᠡᠩ᠎ᠦᠨ᠎ᠰᠤᠷᠭᠠᠨ ᠬᠦᠮᠦᠵᠢᠯ ᠢ᠋ ᠠᠭᠤᠰᠤᠯᠴᠠᠭᠤᠯᠬᠤ᠂ ᠠᠵᠤ ᠦᠢᠯᠡᠰ ᠪᠠ ᠰᠤᠷᠭᠠᠨ ᠬᠦᠮᠦᠵᠢᠯ᠎ᠢ ᠠᠭᠤᠰᠤᠯᠴᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠶ᠋ᠢ ᠠᠬᠢᠭᠤᠯᠤᠨ᠂ ᠥᠨᠳᠥᠷ ᠬᠡᠪ ᠪᠣᠯᠪᠠᠰᠤᠷᠠᠯ ᠪᠦᠬᠦᠢ ᠮᠡᠷᠭᠡᠵᠢᠯ ᠪᠠ ᠤᠷ᠎ᠠ ᠴᠢᠳᠠᠪᠤᠷᠢ᠎ᠲᠠᠶ ᠴᠢᠳᠠᠪᠤᠷᠢᠲᠠᠨ᠎ᠢ ᠶᠡᠬᠡ ᠪᠡᠷ ᠬᠥᠮᠦᠵᠢᠭᠦᠯᠦᠨ᠎ᠡ᠃ 《ᠬᠤᠤᠰ ᠲᠡᠷᠢᠭᠦᠨ ᠲᠠᠰ》᠎ᠤ᠋ᠨ ᠪᠥᠲᠥᠭᠡᠨ ᠪᠠᠢᠭᠤᠯᠤᠯᠲᠠ᠎ᠶ᠋ᠢᠨ ᠶᠡᠬᠡ ᠳᠡᠭᠡᠳᠦ ᠰᠤᠷᠭᠠᠭᠤᠯᠢ᠂ ᠥᠨᠳᠥᠷ ᠬᠢᠷᠢ ᠲᠦᠪᠱᠢᠨ ᠪᠥᠬᠥᠶ ᠠᠵᠢᠯ ᠮᠡᠷᠭᠡᠵᠢᠯ᠎ᠦᠨ ᠰᠤᠷᠭᠠᠭᠤᠯᠢ᠂ ᠮᠠᠰᠲ᠋ᠸᠷ᠎ᠤᠨ ᠳᠡᠭᠡᠳᠦ ᠰᠤᠷᠭᠠᠭᠤᠯᠢ ᠬᠢᠭᠡᠳ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠶᠡᠬᠡ ᠳᠡᠭᠡᠳᠦ ᠰᠤᠷᠭᠠᠭᠤᠯᠢ᠎ᠶ᠋ᠢᠨ ᠬᠠᠮᠲᠤᠷᠠᠯᠴᠠᠭ᠎ᠠ ᠥᠷᠨᠢᠭᠦᠯᠵᠦ᠍ ᠬᠠᠮᠲᠤ᠎ᠪᠠᠷ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃

(ᠠᠷᠪᠠᠨ ᠭᠤᠷᠪᠠ) ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠴᠢᠳᠠᠪᠤᠷᠢ᠎ᠶ᠋ᠢ ᠴᠢᠩᠭᠠᠳᠬᠠᠨ᠎ᠠ᠃ ᠲᠡᠷᠢᠭᠦᠨ ᠵᠡᠷᠭᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠰᠠᠯᠪᠤᠷᠢ ᠪᠠᠢᠭᠤᠯᠤᠮᠵᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠠ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠵᠡᠷᠭᠡ᠎ᠶ᠋ᠢᠨ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠳ᠋ᠤ ᠨᠤᠲᠤᠭ᠍ᠰᠢᠬᠤ᠎ᠶ᠋ᠢ ᠵᠣᠷᠢᠭ᠍ᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠰᠠᠭᠤᠷᠢᠨ᠎ᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠎ᠪᠠᠷ ᠪᠠᠢᠷᠢᠱᠢᠭᠤᠯᠤᠨ ᠪᠠᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠤ᠋ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠳᠡᠮᠵᠢᠵᠦ᠍ ᠬᠥᠭ᠌ᠵᠢᠭ᠌ᠰᠡᠨ ᠭᠠᠵᠠᠷ ᠣᠷᠣᠨ᠎ᠯᠤᠭ᠎ᠠ ᠬᠠᠮᠲᠤᠷᠠᠨ ᠰᠤᠳᠤᠯᠤᠨ ᠨᠡᠭᠡᠭᠡᠬᠦ᠌ ᠲᠥᠪ᠎ᠢ ᠪᠠᠢᠭᠤᠯᠵᠤ᠂ ᠲᠡᠷᠢᠭᠦᠨ᠎ᠦ ᠬᠡᠷᠡᠭ᠌ᠯᠡᠭᠡᠨ᠎ᠦ ᠮᠡᠷᠭᠡᠵᠢᠯ᠎ᠦᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠴᠢᠩᠭᠠᠳᠭᠠᠨ᠂ ᠨᠡᠩ ᠣᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢᠵᠢᠭᠤᠯᠤᠨ ᠤᠯᠠᠷᠢᠭᠤᠯᠬᠤ᠎ᠶ᠋ᠢ ᠠᠬᠢᠭᠤᠯᠤᠨ᠎ᠠ᠃

(ᠠᠷᠪᠠᠨ ᠳᠥᠷᠪᠡ) ᠴᠢᠳᠠᠪᠤᠷᠢᠲᠠᠨ᠎ᠢ᠋ ᠬᠠᠪᠰᠤᠷᠤᠨ ᠲᠡᠳᠬᠦᠬᠦ᠌ ᠡᠷᠴᠢᠮ᠎ᠢ ᠴᠢᠩᠭᠠᠷᠠᠭᠤᠯᠤᠨ᠎ᠠ᠃ ᠳ᠋ᠣᠺᠲ᠋ᠣᠷ᠎ᠤᠨ ᠦᠢᠯᠡᠴᠢᠯᠡᠭᠡᠨ᠎ᠦ ᠪᠦᠯᠬᠦᠮ᠎ᠢ ᠰᠣᠩᠭᠣᠨ ᠲᠣᠮᠢᠯᠠᠬᠤ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ 《ᠪᠠᠷᠠᠭᠤᠨ ᠣᠷᠣᠨ᠎ᠤ ᠭᠡᠷᠡᠯ ᠭᠢᠯᠪᠠᠭ᠎ᠠ》 ᠠᠢᠯᠴᠢᠯᠠᠬᠤ ᠡᠷᠳᠡᠮᠲᠡᠨ᠎ᠦ ᠲᠦᠷᠦᠯ ᠵᠦᠢᠯ᠎ᠢ ᠬᠡᠰᠡᠭ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠳ᠋ᠤ ᠲᠤᠰᠠᠭᠠᠷ ᠤᠷᠤᠨ ᠲᠤᠭ᠎ᠠ ᠵᠢᠭᠰᠠᠭᠠᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ ᠳ᠋ᠤ ᠲᠤᠰᠭᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠤᠯᠤᠰ᠎ᠤᠨ ᠪᠠᠢᠳᠠᠯ᠎ᠢ ᠱᠢᠨᠵᠢᠯᠡᠨ ᠪᠠᠢᠴᠠᠭᠠᠬᠤ ᠵᠡᠷᠭᠡ ᠠᠵᠢᠯᠯᠠᠭ᠎ᠠ ᠥᠷᠨᠢᠭᠦᠯᠬᠦ᠌᠎ᠶ᠋ᠢ ᠲᠡᠮᠵᠢᠵᠤ᠂ ᠤᠷᠳᠤ ᠬᠤᠭᠤᠴᠠᠭᠠᠨ᠎ᠤ ᠤᠶᠤᠨ᠎ᠤ ᠳᠡᠮᠵᠢᠯᠭᠡ ᠪᠠ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭ᠌ᠳᠡᠭ᠌ᠰᠡᠨ ᠤᠷᠤᠨ᠎ᠳ᠋ᠤ ᠠᠺᠠᠳᠧᠮᠢᠴᠢ᠎ᠶ᠋ᠢᠨ ᠲᠤᠱᠢᠶᠠᠯ ᠬᠠᠪᠰᠤᠷᠭᠠᠬᠤ᠎ᠳᠤ ᠪᠠᠷᠠᠭᠤᠨ ᠬᠡᠰᠡᠭ᠎ᠦᠨ ᠭᠠᠵᠠᠷ ᠣᠷᠣᠨ᠂ ᠵᠡᠭᠦᠨ ᠬᠣᠢᠲᠤ ᠣᠷᠣᠨ ᠪᠠ ᠪᠡᠷᠬᠡ ᠬᠠᠲᠠᠭᠤᠵᠢᠯᠲᠠᠶ ᠵᠠᠬ᠎ᠠ ᠬᠢᠵᠠᠭᠠᠷ ᠣᠷᠣᠨ᠎ᠳᠤ ᠲᠤᠱᠢᠶᠠᠯ ᠬᠠᠪᠰᠤᠷᠭᠠᠬᠤ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ ᠪᠡᠷ ᠯᠠᠪᠯᠠᠯᠲᠠ ᠪᠣᠯᠭᠠᠨ ᠬᠡᠷᠡᠭ᠌ᠵᠢᠭᠦᠯᠵᠦ᠍ ᠪᠣᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠮᠴᠢᠯᠡᠭᠡ᠂ ᠰᠤᠷᠭᠠᠨ ᠬᠥᠮᠦᠵᠢᠯ᠎ᠦᠨ ᠺᠠᠳ᠋ᠷ ᠴᠢᠳᠠᠪᠤᠷᠢᠲᠠᠨ᠎ᠤ 《ᠪᠦᠯᠬᠦᠮ ᠪᠠᠢᠭᠤᠯᠬᠤ ᠮᠠᠶᠢᠭ》 ᠵᠢᠡᠷ ᠬᠠᠪᠰᠤᠷᠤᠨ ᠲᠡᠳᠬᠦᠬᠦ᠌ ᠡᠷᠴᠢᠮ᠎ᠢ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ ᠵᠡᠷᠭᠡ ᠴᠢᠳᠠᠪᠤᠷᠢᠲᠠᠨ᠎ᠢ ᠤᠶᠠᠨ ᠴᠢᠨᠠᠷᠲᠠᠶ᠎ᠪᠠᠷ ᠣᠷᠣᠭᠤᠯᠤᠨ ᠠᠪᠴᠢᠷᠠᠬᠤ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ᠎ᠡ᠃ 《ᠭᠤᠷᠪᠠ᠎ᠶ᠋ᠢ ᠳᠡᠮᠵᠢᠵᠦ᠍ ᠨᠢᠭᠡ᠎ᠶ᠋ᠢ ᠲᠡᠳᠬᠦᠬᠦ᠌》᠂ 《ᠬᠦᠳᠡᠭᠡ ᠲᠤᠰᠬᠤᠨ ᠤ᠋ ᠠᠯᠪᠠᠨ ᠵᠢᠷᠤᠮ ᠤ᠋ᠨ ᠰᠤᠷᠭᠠᠨ ᠬᠦᠮᠦᠵᠢᠯ ᠤ᠋ᠨ ᠱᠠᠳᠤᠨ ᠤ᠋ ᠰᠤᠷᠭᠠᠭᠤᠯᠢ ᠵᠢᠨ ᠪᠠᠭᠰᠢ ᠵᠢᠨ ᠣᠨᠴᠠᠭᠠᠶ ᠠᠵᠢᠯ᠎ᠤᠨ ᠪᠠᠢᠷᠢ᠎ᠶ᠋ᠢᠨ ᠲᠥᠯᠥᠪᠯᠡᠭᠡ》 ᠵᠡᠷᠭᠡ ᠳᠡᠮᠵᠢᠯᠭᠡ᠎ᠶ᠋ᠢ ᠴᠢᠩᠭᠠᠳᠭᠠᠵᠤ᠂ 《ᠴᠡᠷᠢᠭ᠎ᠦᠨ ᠡᠮᠴᠢ᠎ᠶ᠋ᠢᠨ ᠬᠤᠪᠢᠰᠬᠠᠯ ᠤ᠋ᠨ ᠡᠷᠲᠡ ᠴᠢᠯᠥᠭᠡᠯᠡᠭ᠌ᠳᠡᠭ᠌ᠰᠡᠨ ᠣᠷᠣᠨ ᠳ᠋ᠡᠬᠢ ᠠᠶᠠᠯᠠᠯ》 ᠤ᠋ᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ᠃

ᠵᠢᠷᠭᠤᠭ᠎ᠠ᠂ ᠬᠤᠪᠢᠰᠭᠠᠯᠲᠦ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠨ᠎ᠠ

(ᠠᠷᠪᠠᠨ ᠲᠠᠪᠤ ) ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠨ᠎ᠠ᠃ ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠵᠤ ᠤᠯᠠᠮᠵᠢᠯᠠᠬᠤ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠬᠠᠮᠤᠭ᠎ᠤᠨ ᠪᠠᠭ᠎ᠠ ᠭᠠᠷ ᠲᠦᠷᠦᠭᠦ᠌ ᠵᠠᠷᠴᠢᠮ᠎ᠢ ᠪᠠᠷᠢᠮᠲᠠᠯᠠᠵᠤ᠂ ᠬᠤᠪᠢᠰᠭᠠᠯ᠎ᠤᠨ ᠬᠠᠭᠤᠴᠢᠨ ᠪᠠᠭᠤᠷᠢ ᠵᠢᠴᠢ ᠲᠡᠭᠦᠨ᠎ᠦ ᠲᠡᠦᠬᠡ᠎ᠶ᠋ᠢᠨ ᠣᠷᠴᠢᠨ ᠲᠣᠭᠣᠷᠢᠨ᠎ᠢ ᠪᠦᠬᠦᠯᠢ ᠴᠣᠭ᠍ᠴᠠ᠎ᠪᠠᠷ ᠨᠢ ᠬᠠᠮᠠᠭᠠᠯᠠᠵᠤ᠂ ᠨᠢᠭᠡᠨᠲᠡ ᠪᠠᠢᠭᠤᠯᠤᠭ᠍ᠰᠠᠨ ᠬᠤᠪᠢᠰᠭᠠᠯ᠎ᠤᠨ ᠮᠦᠽᠧᠢ᠂ ᠳᠤᠷᠠᠰᠭᠠᠯ᠎ᠤᠨ ᠣᠷᠳᠣᠨ᠂ ᠨᠠᠮ᠎ᠤᠨ ᠲᠡᠦᠬᠡ᠎ᠶ᠋ᠢᠨ ᠣᠷᠳᠣᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠲᠥᠬᠥᠭᠡᠷᠦᠮᠵᠢ᠎ᠶ᠋ᠢᠨ ᠡᠵᠡᠩᠨᠡᠯᠲᠡ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠳᠡᠯᠭᠡᠨ ᠦᠵᠡᠭᠦᠯᠬᠦ᠌᠎ᠶ᠋ᠢ ᠴᠢᠩᠭᠠᠳᠭᠠᠵᠤ᠂ ᠰᠣᠳᠣᠨ ᠵᠦᠢᠯᠡᠰ᠎ᠦᠨ ᠳᠡᠯᠭᠡᠨ ᠦᠵᠡᠭᠦᠯᠭᠡ᠎ᠶ᠋ᠢ ᠤᠬᠠᠭᠠᠯᠠᠨ᠎ᠠ᠃ ᠤᠷᠳᠤ ᠵᠠᠮ᠎ᠤᠨ ᠠᠶᠠᠨ ᠲᠠᠢ᠌ᠨ᠂ ᠶᠠᠫᠣᠨ᠎ᠢ ᠡᠰᠡᠷᠭᠦᠴᠡᠬᠦ᠌ ᠲᠠᠢ᠌ᠨ ᠵᠡᠷᠭᠡ ᠬᠤᠪᠢᠰᠭᠠᠯᠲᠤ ᠰᠣᠶᠣᠯ᠎ᠤᠨ ᠴᠢᠬᠤᠯᠠ ᠲᠡᠮᠳᠡᠭ᠎ᠦᠨ ᠭᠠᠵᠠᠷ᠎ᠢ ᠬᠠᠮᠠᠭᠠᠯᠠᠵᠤ᠂ ᠫᠠᠢᠰᠠ ᠡᠯᠭᠦᠨ ᠬᠠᠮᠠᠭᠠᠯᠠᠬᠤ ᠲᠣᠭ᠍ᠲᠡᠴᠡ᠎ᠶ᠋ᠢ ᠰᠠᠢᠲᠤᠷ ᠠᠱᠢᠭ᠍ᠯᠠᠵᠤ ᠤᠷᠳᠤ ᠵᠠᠮ᠎ᠤᠨ ᠠᠶᠠᠨ ᠲᠠᠢ᠌ᠨ᠎ᠦ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃

(ᠠᠷᠪᠠᠨ ᠵᠢᠷᠭᠤᠭ᠎ᠠ) ᠬᠤᠪᠢᠰᠭᠠᠯ᠎ᠤᠨ ᠦᠯᠢᠭᠡᠷ᠎ᠢ ᠰᠠᠢᠲᠤᠷ ᠶᠠᠷᠢᠨ᠎ᠠ᠃ ᠬᠤᠪᠢᠰᠭᠠᠯ᠎ᠤᠨ ᠰᠠᠭᠤᠷᠢᠨ ᠭᠠᠵᠠᠷ᠎ᠤᠨ ᠲᠡᠦᠬᠡ ᠪᠠ ᠬᠤᠪᠢᠰᠭᠠᠯ᠎ᠤᠨ ᠰᠣᠶᠣᠯ᠎ᠤᠨ ᠰᠤᠳᠤᠯᠭᠠᠨ᠎ᠢ ᠴᠢᠩᠭᠠᠳᠭᠠᠵᠤ᠂ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠵᠣᠷᠢᠭ ᠰᠠᠨᠠᠭᠠᠨ᠎ᠤ ᠠᠭᠤᠯᠤᠭ᠍ᠳᠠᠬᠤᠨ᠎ᠤ ᠰᠤᠳᠤᠯᠭᠠᠨ᠂ ᠤᠬᠠᠭᠤᠯᠭ᠎ᠠ᠂ ᠲᠠᠢᠯᠪᠤᠷᠢᠯᠠᠯᠲᠠ᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠲᠡᠦᠬᠡ᠎ᠶ᠋ᠢᠨ ᠳᠠᠩᠰᠠ ᠡᠪᠬᠡᠮᠡᠯ᠂ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠶᠠᠷᠢᠶᠠᠨ᠎ᠤ ᠲᠡᠦᠬᠡ ᠵᠡᠷᠭᠡ ᠡᠬᠢ ᠪᠠᠶᠠᠯᠢᠭ᠎ᠢ ᠱᠢᠰᠲ᠋ᠧᠮ ᠲᠠᠢ ᠠᠭᠤᠳᠠᠯᠬᠤ ᠪᠠ ᠱᠢᠨ᠎ᠡ᠎ᠶ᠋ᠢ ᠡᠭᠦᠳᠦᠨ ᠠᠱᠢᠭ᠍ᠯᠠᠬᠤ᠎ᠶ᠋ᠢ ᠥᠷᠨᠢᠭᠦᠯᠵᠦ᠍᠂ ᠬᠤᠪᠢᠰᠭᠠᠯᠲᠦ ᠰᠣᠶᠣᠯ᠎ᠤᠨ ᠲᠣᠭᠠᠴᠢᠯᠠᠭ᠍ᠰᠠᠨ ᠳᠠᠮᠵᠢᠭᠤᠯᠭ᠎ᠠ᠎ᠶ᠋ᠢᠨ ᠲᠠᠪᠴᠠᠩ᠎ᠢ ᠪᠠᠢᠭᠤᠯᠤᠨ᠎ᠠ᠃ ᠬᠤᠪᠢᠰᠭᠠᠯ᠎ᠤᠨ ᠰᠡᠳᠦᠪᠲᠦ ᠤᠳᠭ᠎ᠠ ᠤᠷᠠᠯᠢᠭ᠎ᠤᠨ ᠪᠦᠲᠦᠭᠡᠯ᠎ᠦᠨ ᠵᠣᠬᠢᠶᠠᠨ ᠪᠦᠲᠦᠭᠡᠯᠭᠡ᠎ᠶ᠋ᠢ ᠳᠡᠮᠵᠢᠵᠦ᠍᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠡᠯ᠎ᠡ ᠱᠠᠲᠤᠨ᠎ᠤ ᠡᠯ᠎ᠡ ᠲᠥᠷᠥᠯ᠎ᠦᠨ ᠵᠠᠭᠤᠴᠢᠯᠠᠭᠤᠷ᠎ᠢᠶᠠᠷ ᠳᠠᠮᠵᠢᠭᠤᠯᠤᠨ ᠬᠤᠪᠢᠰᠭᠠᠯ᠎ᠤᠨ ᠰᠣᠶᠣᠯ᠎ᠢ ᠤᠬᠠᠭᠤᠯᠤᠨ ᠳᠡᠯᠭᠡᠷᠡᠭᠦᠯᠬᠦ᠌᠎ᠶ᠋ᠢ ᠵᠣᠷᠢᠭ᠍ᠵᠢᠭᠤᠯᠤᠨ᠎ᠠ᠃

(ᠠᠷᠪᠠᠨ ᠳᠣᠯᠣᠭ᠎ᠠ) ᠬᠤᠪᠢᠰᠭᠠᠯ᠎ᠤᠨ ᠬᠥᠮᠦᠵᠢᠯ᠎ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠵᠢᠩᠭᠠᠩᠱᠠᠨ᠎ᠤ ᠺᠠᠳ᠋ᠷ᠎ᠤᠨ ᠳᠡᠭᠡᠳᠦ ᠰᠤᠷᠭᠠᠭᠤᠯᠢ᠂ ᠳᠤᠮᠳᠠᠳᠤ ᠤᠯᠤᠰ᠎ᠤᠨ ᠶᠠᠨ ᠠᠨ᠎ᠤ ᠺᠠᠳ᠋ᠷ᠎ᠤᠨ ᠳᠡᠭᠡᠳᠦ ᠰᠤᠷᠭᠠᠭᠤᠯᠢ ᠵᠡᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠨᠠᠮᠴᠢ ᠴᠢᠨᠠᠷ᠎ᠤᠨ ᠬᠥᠮᠦᠵᠢᠯ᠎ᠦᠨ ᠺᠠᠳ᠋ᠷ᠎ᠤᠨ ᠳᠡᠭᠡᠳᠦ ᠰᠤᠷᠭᠠᠭᠤᠯᠢ ᠵᠡᠷᠭᠡ ᠴᠢᠬᠤᠯᠠ ᠵᠢᠭ᠍ᠰᠠᠭᠠᠯ᠎ᠤᠨ ᠭᠠᠵᠠᠷ᠎ᠢ ᠰᠠᠢᠲᠤᠷ ᠠᠱᠢᠭ᠍ᠯᠠᠵᠤ᠂ ᠲᠤᠬᠠᠢ᠎ᠶ᠋ᠢᠨ ᠭᠠᠵᠠᠷ᠎ᠤᠨ ᠬᠤᠪᠢᠰᠭᠠᠯ᠎ᠤᠨ ᠡᠬᠢ ᠪᠠᠶᠠᠯᠢᠭ᠎ᠲᠠᠶ ᠤᠶᠠᠯᠳᠤᠭᠤᠯᠤᠨ ᠬᠥᠮᠦᠵᠢᠯ ᠪᠣᠯᠪᠠᠰᠤᠷᠠᠯ᠎ᠢ ᠥᠷᠨᠢᠭᠦᠯᠦᠨ᠎ᠡ᠃ ᠬᠤᠪᠢᠰᠭᠠᠯᠲᠤ ᠤᠯᠠᠮᠵᠢᠯᠠᠯ᠎ᠤᠨ ᠬᠥᠮᠦᠵᠢᠯ᠂ ᠤᠯᠤᠰ᠎ᠵᠢᠡᠨ ᠬᠠᠢᠷᠠᠯᠠᠬᠤ ᠦᠵᠡᠯ᠎ᠦᠨ ᠬᠥᠮᠦᠵᠢᠯ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠬᠥᠮᠦᠵᠢᠯ᠎ᠦᠨ ᠰᠠᠭᠤᠷᠢᠨ ᠪᠠ ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠰᠠᠭᠤᠷᠢᠨ᠎ᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠣᠷᠣᠨ ᠪᠦᠰᠡ᠎ᠶ᠋ᠢᠨ ᠴᠢᠨᠠᠷᠲᠠᠢ ᠬᠤᠪᠢᠰᠭᠠᠯ᠎ᠤᠨ ᠴᠢᠨᠠᠷᠲᠠᠢ ᠰᠤᠳᠤᠯᠤᠨ ᠰᠤᠷᠤᠯᠴᠠᠬᠤ ᠰᠠᠭᠤᠷᠢᠨ ᠪᠠ ᠰᠤᠳᠤᠯᠤᠨ ᠰᠤᠷᠤᠯᠴᠠᠬᠤ ᠱᠤᠭᠤᠮ᠎ᠢ ᠪᠤᠢ ᠪᠣᠯᠭᠠᠨ᠎ᠠ᠃ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ ᠵᠡᠷᠭᠡ ᠴᠢᠬᠤᠯᠠ ᠶᠡᠬᠡ ᠲᠡᠦᠬᠡᠨ ᠬᠡᠷᠡᠭ ᠶᠠᠪᠤᠳᠠᠯ᠎ᠤᠨ ᠵᠠᠩᠭᠢᠯᠠᠭ᠎ᠠ᠎ᠶ᠋ᠢᠨ ᠴᠠᠭ᠎ᠤᠨ ᠲᠣᠭᠣᠷᠢᠨ᠎ᠳᠤ ᠬᠣᠯᠪᠣᠭ᠍ᠳᠠᠯ ᠪᠦᠬᠦᠢ ᠠᠵᠢᠯᠯᠠᠭ᠎ᠠ ᠥᠷᠨᠢᠭᠦᠯᠦᠨ᠎ᠡ᠃

ᠳᠣᠯᠣᠭ᠎ᠠ᠂ ᠳᠡᠮᠵᠢᠯᠭᠡ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠤᠨ᠎ᠠ

( ᠠᠷᠪᠠᠨ ᠨᠠᠶ᠋ᠮᠠ ) ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠷᠠᠭᠤᠯᠤᠨ᠎ᠠ᠃ ᠵᠢᠷᠤᠮ ᠶᠤᠰᠤᠭᠠᠷ ᠨᠥᠬᠥᠴᠡᠯ᠎ᠳᠦ ᠨᠡᠢᠴᠡᠬᠦ᠌ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠢ ᠤᠯᠤᠰ᠎ᠤᠨ ᠲᠡᠰ᠎ᠤᠨ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠴᠢᠳᠠᠮᠵᠢᠳᠦ ᠣᠷᠣᠨ᠂ ᠡᠨᠧᠷᠭᠢ ᠡᠬᠢ ᠪᠠᠶᠠᠯᠢᠭ ᠡᠯᠪᠡᠭ ᠬᠤᠷᠠᠭ᠍ᠰᠠᠨ ᠣᠷᠣᠨ᠂ ᠲᠡᠦᠬᠡ ᠰᠣᠶᠣᠯ᠎ᠤᠨ ᠡᠬᠢ ᠪᠠᠶᠠᠯᠢᠭ ᠡᠯᠪᠡᠭ ᠬᠤᠷᠠᠭ᠍ᠰᠠᠨ ᠣᠷᠣᠨ ᠵᠡᠷᠭᠡ ᠣᠨᠴᠠᠭᠠᠢ ᠴᠢᠳᠠᠮᠵᠢᠳᠦ ᠣᠷᠣᠨ᠎ᠳᠤ ᠣᠷᠣᠭᠤᠯᠤᠨ᠎ᠠ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠤᠷᠤᠨ᠎ᠤ ᠴᠢᠬᠤᠯᠠ ᠶᠡᠬᠡ ᠰᠠᠭᠤᠷᠢ ᠲᠦᠬᠦᠭᠡᠷᠦᠮᠵᠢ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠶ ᠢᠨᠵᠧᠨᠧᠷᠢᠩ᠂ ᠴᠢᠬᠤᠯᠠ ᠠᠵᠤ ᠦᠢᠯᠡᠰ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠡᠬᠢ ᠪᠠᠶᠠᠯᠢᠭ᠎ᠤᠨ ᠬᠦᠴᠦᠨ ᠵᠦᠢᠯ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠨᠥᠬᠥᠴᠡᠯ᠎ᠳᠦ ᠨᠡᠢᠴᠡᠬᠦ᠌ ᠲᠥᠷᠥᠯ ᠵᠦᠢᠯ᠎ᠳᠦ ᠬᠡᠷᠡᠭ᠌ᠯᠡᠬᠦ᠌ ᠭᠠᠵᠠᠷ᠂ ᠲᠥᠷᠥᠯ ᠵᠦᠢᠯ᠎ᠳᠦ ᠬᠡᠷᠡᠭ᠌ᠯᠡᠬᠦ᠌ ᠣᠶ ᠱᠢᠭᠤᠶ ᠳ᠋ᠦ ᠲᠥᠯᠥᠪᠯᠡᠭᠡᠲᠦ ᠭᠦᠢᠴᠡᠳᠭᠡᠯ ᠲᠣᠭ᠎ᠠ᠎ᠶ᠋ᠢᠨ ᠭᠣᠣᠯᠳᠠᠯᠭ᠎ᠠ᠎ᠲᠠᠶ ᠪᠠᠲᠤᠯᠠᠭ᠎ᠠ᠎ᠶ᠋ᠢ ᠬᠡᠷᠡᠭ᠌ᠵᠢᠭᠦᠯᠦᠨ᠎ᠡ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠵᠠᠰᠠᠭ ᠵᠠᠬᠢᠷᠭᠠᠨ᠎ᠤ ᠣᠷᠣᠨ ᠠᠯᠤᠰᠯᠠᠨ ᠬᠠᠮᠲᠤᠷᠠᠯᠴᠠᠬᠤ᠂ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠥᠭ᠌ᠬᠦ ᠵᠡᠷᠭᠡ ᠬᠦᠷᠢᠶᠡᠨ᠎ᠦ ᠥᠭᠡᠷᠡᠴᠢᠯᠡᠯᠲᠡ᠎ᠶ᠋ᠢᠨ ᠡᠭᠦᠷᠭᠡ ᠡᠭᠦᠷᠭᠡᠯᠡᠬᠦ᠌᠎ᠶ᠋ᠢ ᠵᠣᠷᠢᠭ᠍ᠵᠢᠭᠤᠯᠤᠨ᠎ᠠ᠃ ᠲᠥᠪ᠎ᠦᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠭᠦᠨᠵᠡᠭᠡᠶ ᠪᠠᠢᠷᠢᠱᠢᠭᠤᠯᠤᠨ ᠬᠥᠭ᠌ᠵᠢᠭᠦᠯᠦᠨ᠎ᠡ᠃ ᠡᠯ᠎ᠡ ᠱᠠᠲᠤᠨ᠎ᠤ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠬᠤᠷᠠᠯ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃

(ᠠᠷᠪᠠ ᠶᠢᠰᠦ) ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢᠨ ᠡᠷᠴᠢᠮ᠎ᠢᠶᠡᠨ ᠨᠡᠮᠡᠭ᠌ᠳᠡᠭᠦᠯᠦᠨ᠎ᠡ᠃ ᠲᠥᠪ᠎ᠦᠨ ᠡᠳ᠋᠎ᠦᠨ ᠵᠠᠰᠠᠭ᠎ᠡᠴᠡ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠱᠢᠯᠵᠢᠭᠦᠯᠦᠨ ᠥᠭ᠌ᠬᠦ ᠵᠡᠷᠭᠡ ᠤᠳᠤ ᠪᠠᠢᠭ᠎ᠠ ᠪᠡᠯᠡ ᠮᠥᠩᠭᠥ᠎ᠶ᠋ᠢᠨ ᠠᠷᠭ᠎ᠠ ᠵᠠᠮ᠎ᠢᠶᠠᠷ ᠳᠠᠮᠵᠢᠭᠤᠯᠤᠨ ᠦᠷᠭᠦᠯᠵᠢᠯᠡᠨ ᠳᠡᠮᠵᠢᠯᠭᠡ ᠦᠵᠡᠭᠦᠯᠦᠨ᠎ᠡ᠃ ᠲᠥᠪ᠎ᠦᠨ ᠪᠡᠯᠡ ᠣᠷᠣᠭᠤᠯᠤᠯᠲᠠ ᠨᠢ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠵᠦᠷᠢᠶᠡᠴᠢᠯᠡᠭ᠌ᠰᠡᠨ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠨᠥᠬᠥᠴᠡᠯ᠎ᠳᠦ ᠨᠡᠢᠴᠡᠬᠦ᠌ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠳᠡᠮᠵᠢᠨ᠎ᠡ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠡᠴᠡ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠡᠯᠡ ᠮᠥᠩᠭᠥ᠎ᠶ᠋ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠩᠭᠠᠳᠭᠠᠨ᠎ᠠ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ ᠪᠣᠯᠤᠨ ᠤᠯᠤᠰ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠳᠤ ᠨᠡᠢᠴᠡᠬᠦ᠌ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠳᠦ ᠪᠣᠯ ᠲᠥᠪ᠎ᠦᠨ ᠬᠣᠯᠪᠣᠭ᠍ᠳᠠᠯ ᠪᠦᠬᠦᠢ ᠪᠡᠯᠡ ᠮᠥᠩᠭᠥ᠎ᠶ᠋ᠢ ᠵᠢᠭᠡᠯᠡᠯᠭᠡ᠎ᠶ᠋ᠢᠨ ᠳᠠᠮ ᠬᠦᠦ᠍᠎ᠶ᠋ᠢᠨ ᠠᠷᠭ᠎ᠠ ᠮᠠᠶᠢᠭ᠎ᠢᠶᠡᠷ ᠳᠠᠮᠵᠢᠭᠤᠯᠤᠨ ᠳᠡᠮᠵᠢᠯᠭᠡ ᠦᠵᠡᠭᠦᠯᠦᠨ᠎ᠡ᠃ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠥ᠎ᠨᠢ ᠲᠣᠭ᠍ᠲᠠᠭᠠᠯ ᠶᠣᠰᠣᠭᠠᠷ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠳᠡᠮᠵᠢᠯᠭᠡ ᠦᠵᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ᠎ᠦ ᠭᠣᠣᠯᠳᠠᠯᠭ᠎ᠠ᠎ᠲᠠᠶ ᠲᠥᠷᠥᠯ ᠵᠦᠢᠯ᠎ᠦᠨ ᠪᠡᠯᠡ ᠮᠥᠩᠭᠥ᠌ ᠪᠣᠯᠤᠨ ᠲᠤᠰᠭᠠᠶ ᠵᠦᠢᠯ᠎ᠦᠨ ᠪᠡᠯᠡ ᠮᠥᠩᠭᠥ᠌ ᠨᠢ ᠲᠣᠭ᠍ᠲᠠᠭᠠᠯ ᠶᠣᠰᠣᠭᠠᠷ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠳᠡᠮᠵᠢᠯᠭᠡ ᠦᠵᠡᠭᠦᠯᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠦᠢᠯᠡᠳᠬᠦᠨ ᠪᠣᠯᠤᠨ ᠦᠢᠯᠡᠴᠢᠯᠡᠭᠡᠨ᠎ᠤ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠵᠠᠬ᠎ᠠ ᠳᠡᠯᠭᠡᠭᠦᠷᠴᠢᠯᠡᠬᠦ᠌ ᠵᠠᠷᠴᠢᠮ ᠶᠣᠰᠣᠭᠠᠷ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠳᠡᠮᠵᠢᠬᠦ᠌ ᠡᠷᠴᠢᠮ᠎ᠢᠶᠡᠨ ᠨᠡᠮᠡᠭ᠌ᠳᠡᠭᠦᠯᠦᠨ᠎ᠡ᠃ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠡᠴᠡ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠪᠡᠯᠡ ᠣᠷᠣᠭᠤᠯᠬᠤ ᠲᠥᠷᠥᠯ ᠵᠦᠢᠯ᠎ᠦᠨ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃

( ᠬᠣᠷᠢ ) ᠲᠤᠰᠠᠯᠠᠵᠤ ᠬᠠᠮᠲᠤᠷᠠᠯᠴᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠦᠨ᠎ᠡ᠃ ᠬᠥᠭ᠌ᠵᠢᠭ᠌ᠰᠡᠨ ᠭᠠᠵᠠᠷ ᠣᠷᠣᠨ ᠪᠣᠯᠤᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠭᠤᠤᠯᠳᠠᠯᠭ᠎ᠠ᠎ᠲᠠᠶ ᠬᠣᠲᠠ᠎ᠶ᠋ᠢᠨ ᠠᠵᠢᠯ ᠲᠥᠷᠥᠯ᠎ᠵᠢᠡᠷ ᠬᠠᠮᠲᠤᠷᠠᠯᠴᠠᠬᠤ᠎ᠶ᠋ᠢ ᠬᠥᠳᠡᠯᠦᠩᠭᠦᠶ᠎ᠪᠡᠷ ᠱᠢᠯᠢᠳᠡᠭ᠌ᠵᠢᠭᠦᠯᠦᠨ᠎ᠡ᠃ ᠮᠤᠵᠢ᠎ᠶ᠋ᠢᠨ ᠬᠡᠪᠴᠢᠶᠡᠨ᠎ᠳᠡᠬᠢ ᠬᠠᠷᠢᠴᠠᠩᠭᠤᠢ ᠬᠥᠭ᠌ᠵᠢᠭ᠌ᠰᠡᠨ ᠭᠠᠵᠠᠷ ᠣᠷᠣᠨ ᠪᠣᠯᠤᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠠᠵᠢᠯ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ ᠵᠢᠴᠢ ᠬᠣᠯᠪᠣᠭ᠍ᠳᠠᠯ ᠪᠦᠬᠦᠢ ᠨᠢᠭᠡᠴᠢ᠎ᠶ᠋ᠢᠨ ᠵᠢᠶᠠᠩᠰᠢ᠎ᠶ᠋ᠢᠨ ᠡᠮᠦᠨᠡᠲᠦ ᠬᠡᠰᠡᠭ ᠵᠡᠷᠭᠡ ᠤᠤᠯ᠎ᠤᠨ ᠲᠥᠪ᠎ᠦᠨ ᠰᠣᠪᠢᠶᠠᠳ ᠣᠷᠣᠨ᠎ᠢ ᠠᠵᠢᠯ ᠲᠦᠷᠦᠯ᠎ᠢᠶᠡᠷ ᠲᠤᠰᠠᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠵᠡᠭᠦᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠠᠮᠵᠢᠯᠴᠠᠭ᠎ᠠ ᠪᠠ ᠲᠥᠪ᠎ᠦᠨ ᠨᠢᠭᠡᠴᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠲᠣᠭ᠍ᠲᠡᠴᠡ ᠨᠢ ᠬᠣᠯᠪᠣᠭ᠍ᠳᠠᠯ ᠪᠦᠬᠦᠢ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠲᠡᠮᠵᠢᠨ᠎ᠠ᠃

ᠨᠠᠶ᠋ᠮᠠ᠂ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ

ᠡᠯ᠎ᠡ ᠬᠣᠯᠪᠣᠭ᠍ᠳᠠᠯ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ᠎ᠦᠳ ᠨᠠᠮ᠎ᠤᠨ ᠲᠥᠪ ᠬᠣᠷᠢᠶ᠎ᠠ᠎ᠶ᠋ᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠬᠣᠯᠪᠣᠭ᠍ᠳᠠᠯ ᠪᠦᠬᠦᠢ ᠭᠠᠵᠠᠷ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠬᠤ ᠬᠡᠷᠡᠭ᠌ᠲᠡᠢ᠃ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶ᠋ᠢᠨ᠎ᠢᠶᠠᠨ ᠶᠣᠰᠣᠭᠠᠷ ᠲᠥᠷᠥᠯ ᠵᠦᠶ᠋ᠯ᠎ᠦᠨ ᠪᠠᠢᠷᠢᠯᠠᠭᠤᠯᠤᠯᠲᠠ᠂ ᠪᠡᠯᠡ ᠮᠥᠩᠭᠥ᠎ᠶ᠋ᠢᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ ᠳᠡᠮᠵᠢᠯᠭᠡ ᠦᠵᠡᠭᠦᠯᠬᠦ᠌ ᠬᠡᠷᠡᠭ᠌ᠲᠡᠶ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌᠎ᠪᠡᠨ ᠴᠢᠩᠭᠠᠳᠭᠠᠨ᠂ ᠤᠬᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ᠎ᠳᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠡᠴᠡ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号