— ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠪᠠᠷᠠᠯᠠᠯ ④
ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠠᠬᠡᠬᠡᠪᠤᠷᠢ ᠵᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠤᠯᠤᠨ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠴᠡ ᠡᠬᠢᠯᠡᠨ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠢ᠋ᠢ ᠬᠡᠷᠡᠭᠵᠢᠬᠦᠯᠵᠤ᠂ 2035 ᠤᠨ ᠪᠤᠯᠬᠤ ᠳ᠋ᠤ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ᠋ ᠣᠳᠣᠬᠢᠴᠢᠯᠠᠯᠳᠠ ᠵᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠬᠤ ᠪᠡᠷ ᠪᠤᠢ᠃
ᠵᠠᠰᠠᠯᠲᠠ ᠢ᠋ᠢᠨ ᠴᠢᠳᠠᠪᠤᠷᠢ ᠢ᠋ᠢ ᠳᠡᠰ ᠳᠡᠪᠰᠢᠭᠦᠯᠬᠦ ᠠᠵᠢᠯᠯᠠᠭ᠎ᠠ ᠪᠤᠯ ᠮᠠᠨ ᠤ᠋ ᠤᠷᠤᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠨᠢᠬᠡ ᠪᠠᠢᠵᠤ᠂ ᠲᠤᠰ ᠠᠵᠢᠯᠯᠠᠭ᠎ᠠ ᠪᠡᠷ ᠳᠡᠮᠵᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠬᠠᠤᠯᠢ ᠲᠣᠭ᠍ᠲᠠᠭᠠᠯ ᠢ᠋ ᠪᠦᠷᠢᠨᠱᠢᠭᠦᠯᠵᠤ᠂ ᠵᠠᠮ ᠤ᠋ᠨ ᠳᠠᠷᠤᠭ᠎ᠠ ᠢ᠋ᠢᠨ ᠳᠦᠷᠢᠮ ᠢ᠋ ᠪᠣᠳᠠᠲᠠᠢᠵᠢᠭᠤᠯᠤᠨ᠂ ᠬᠠᠤᠯᠢ ᠬᠡᠷᠡᠭ᠌ᠵᠢᠭᠦᠯᠬᠦ ᠬᠢᠨᠠᠯᠲᠠ ᠬᠠᠮᠢᠶᠠᠷᠤᠯᠲᠠ ᠢ᠋ᠢ ᠴᠢᠡᠭᠭᠠᠷᠠᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠬᠦᠳᠡᠭᠡ ᠲᠤᠰᠬᠤᠨ ᠤ᠋ ᠵᠠᠰᠠᠮᠠᠯ ᠵᠠᠮ ᠤ᠋ᠨ ᠣᠳᠣᠬᠢᠴᠢᠯᠠᠭ᠍ᠰᠠᠨ ᠵᠠᠰᠠᠯᠲᠠ ᠢ᠋ᠢᠨ ᠱᠢᠰᠲ᠋ᠧᠮ ᠢ᠋ ᠪᠠᠢᠭᠤᠯᠬᠤ ᠪᠤᠯᠤᠨ᠎ᠠ᠃
ᠡᠨᠡ ᠵᠢᠯ ᠣᠷᠳᠣᠰ ᠬᠣᠲᠠ ᠪᠤᠯᠤᠨ ᠪᠠᠶᠠᠨᠨᠠᠭᠤᠷ ᠬᠣᠲᠠ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠬᠠᠮᠢᠶᠠᠷᠬᠤ ᠠᠷᠠᠴᠢᠯᠠᠬᠤ ᠪᠠᠢᠭᠤᠯᠤᠯ ᠤ᠋ᠨ ᠥᠭᠡᠷᠡᠴᠢᠯᠡᠯᠲᠡ ᠢ᠋ᠢᠨ ᠱᠢᠯᠢᠳᠡᠭ ᠬᠤᠲᠠ ᠢ᠋ᠢᠨ ᠳᠡᠰ ᠤ᠋ᠨ ᠲᠤᠷᠱᠢᠯᠲᠠ ᠢ᠋ᠢᠨ ᠴᠡᠭ ᠢ᠋ᠢᠡᠷ ᠰᠤᠡᠭᠭᠤᠭᠳᠠᠪᠠ᠃ ᠣᠷᠳᠣᠰ ᠬᠣᠲᠠ ᠪᠤᠯᠤᠨ ᠪᠠᠶᠠᠨᠨᠠᠭᠤᠷ ᠬᠣᠲᠠ 《ᠬᠠᠤᠯᠢ ᠲᠣᠭ᠍ᠲᠠᠭᠠᠯ + ᠲᠦᠷᠢᠮ + ᠪᠠᠷᠢᠮᠵᠢᠶ᠎ᠠ + ᠲᠣᠰᠭᠣᠨ ᠤ᠋ ᠲᠦᠷᠢᠮ ᠠᠷᠠᠳ ᠤ᠋ᠨ ᠭᠡᠷ᠎ᠡ》 ᠵᠢᠨ 4 ᠪᠠᠲᠤᠯᠠᠭ᠎ᠠ ᠢ᠋ᠢᠨ ᠱᠢᠰᠲ᠋ᠧᠮ ᠢ᠋ ᠪᠠᠢᠭᠤᠯᠵᠤ᠂ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠢ᠋ᠢᠨ ᠱᠢᠰᠲ᠋ᠧᠮ ᠢ᠋ ᠪᠦᠷᠢᠨᠱᠢᠬᠦᠯᠤᠨ᠂ ᠪᠠᠷᠢᠯᠭ᠎ᠠ ᠢ᠋ᠢᠨ ᠶᠠᠰᠤ ᠴᠢᠨᠠᠷ ᠲᠤ᠌ ᠨᠠᠰᠤᠨ ᠲᠤᠷᠱᠢᠳᠠ ᠬᠠᠷᠢᠭᠤᠴᠠᠬᠤ ᠲᠦᠷᠢᠮ ᠢ᠋ ᠬᠡᠷᠡᠭ᠌ᠵᠢᠭᠦᠯᠵᠤ᠂ ᠣᠷᠣᠨ ᠨᠤᠲᠤᠭ ᠤ᠋ᠨ ᠮᠡᠷᠭᠡᠵᠢᠯ ᠤ᠋ᠨ ᠪᠠᠷᠢᠮᠵᠢᠶ᠎ᠠ ᠢ᠋ᠢ ᠲᠡᠭᠦᠯᠳᠡᠷᠵᠢᠭᠦᠯᠤᠨ᠂ ᠵᠠᠰᠠᠮᠠᠯ ᠵᠠᠮ ᠢ᠋ ᠬᠠᠢᠷᠠᠯᠠᠨ ᠬᠠᠮᠠᠭᠠᠯᠠᠬᠤ ᠢ᠋ᠢ ᠲᠤᠰᠬᠤᠨ ᠤ᠋ ᠲᠦᠷᠢᠮ ᠠᠷᠠᠳ ᠤ᠋ᠨ ᠭᠡᠷ᠎ᠡ ᠳ᠋ᠤ ᠣᠷᠣᠭᠤᠯᠵᠤ ᠵᠠᠰᠠᠮᠠᠯ ᠵᠠᠮ ᠤ᠋ᠨ ᠡᠷᠬᠡ ᠶ᠋ᠢᠨ ᠬᠠᠮᠠᠭᠠᠯᠠᠯᠲᠠ ᠢ᠋ᠢ ᠴᠢᠩᠭᠠᠳᠬᠠᠭᠠᠳ ᠪᠦᠬᠦ ᠤᠷᠤᠨ ᠤ᠋ ᠦᠯᠢᠭᠡᠷ ᠵᠢᠱ᠌ᠢᠶᠠ ᠪᠤᠯᠵᠤ ᠶᠠᠪᠤᠨ᠎ᠠ᠃
ᠲᠥᠷᠥ ᠢ᠋ᠢᠨ ᠪᠣᠳᠣᠯᠭ᠎ᠠ ᠬᠠᠤᠯᠢ ᠲᠣᠭ᠍ᠲᠠᠭᠠᠯ ᠤ᠋ᠨ ᠱᠢᠰᠲ᠋ᠧᠮ ᠢ᠋ ᠪᠦᠷᠢᠨᠱᠢᠭᠦᠯᠬᠦ ᠪᠤᠯ ᠵᠠᠰᠠᠯᠲᠠ ᠢ᠋ᠢᠨ ᠴᠢᠳᠠᠪᠤᠷᠢ ᠢ᠋ᠢ ᠳᠡᠰ ᠳᠡᠪᠰᠢᠭᠦᠯᠬᠦ ᠠᠵᠢᠯᠯᠠᠭ᠎ᠠ ᠢ᠋ᠢᠨ ᠭᠤᠤᠯᠳᠠᠯᠭ᠎ᠠ ᠪᠤᠯᠤᠨ᠎ᠠ᠃ ᠮᠠᠨ ᠤ᠋ ᠤᠷᠤᠨ ᠲᠤᠰ ᠠᠵᠢᠯᠯᠠᠭ᠎ᠠ ᠪᠡᠷ ᠳᠡᠮᠵᠢᠨ 《ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠲᠦᠷᠢᠮ》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠲᠦᠷᠢᠮ》 ᠵᠡᠷᠭᠡ ᠬᠠᠤᠯᠢ ᠴᠠᠭᠠᠵᠠ ᠲᠦᠷᠢᠮ ᠲᠣᠭ᠍ᠲᠠᠭᠠᠯ ᠢ᠋ ᠥᠷᠭᠡᠨ ᠢ᠋ᠢᠡᠷ ᠤᠬᠠᠭᠤᠯᠬᠤ ᠵᠢᠨ ᠬᠠᠮᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ᠂ ᠪᠥᠬᠥ᠌ ᠲᠠᠯ᠎ᠠ ᠢ᠋ᠢ ᠬᠠᠮᠤᠷᠤᠭ᠍ᠰᠠᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠶᠠᠰᠤ ᠴᠢᠨᠠᠷ ᠠᠮᠤᠷ ᠲᠦᠪᠱᠢᠨ ᠤ᠋ ᠳᠦᠷᠢᠮ ᠤ᠋ᠨ ᠱᠢᠰᠲ᠋ᠧᠮ ᠪᠠ ᠬᠠᠮᠢᠶᠠᠷᠤᠯᠲᠠ ᠢ᠋ᠢᠨ ᠱᠢᠰᠲ᠋ᠧᠮ ᠢ᠋ ᠪᠦᠷᠢᠨᠱᠢᠭᠦᠯᠤᠨᠠ᠃ ᠥᠪᠡᠷᠲᠡᠭᠡᠨ ᠵᠠᠰᠠᠬᠤ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠣᠷᠣᠨ ᠨᠤᠲᠤᠭ ᠤ᠋ᠨ ᠮᠡᠷᠭᠡᠵᠢᠯ ᠤ᠋ᠨ ᠪᠠᠷᠢᠮᠵᠢᠶᠠᠨ ᠤ᠋ ᠱᠢᠰᠲ᠋ᠧᠮ ᠢ᠋ ᠲᠡᠭᠦᠯᠳᠡᠷᠵᠢᠭᠦᠯᠵᠦ᠍᠂ ᠵᠠᠰᠠᠮᠠᠯ ᠵᠠᠮ ᠢ᠋ ᠬᠠᠢᠷᠠᠯᠠᠵᠤ ᠬᠠᠮᠠᠭᠠᠯᠠᠬᠤ ᠰᠤᠮᠤ ᠰᠢᠶᠠᠡᠭ ᠪᠠᠯᠭᠠᠰᠤ ᠵᠢᠨ ᠲᠤᠭᠲᠠᠭᠠᠯ ᠠᠷᠠᠳ ᠤ᠋ᠨ ᠭᠡᠷ᠎ᠠ᠂ ᠭᠠᠴᠠᠭ᠎ᠠ ᠲᠣᠰᠭᠣᠨ ᠤ᠋ ᠲᠣᠭ᠍ᠲᠠᠭᠠᠯ ᠠᠷᠠᠳ ᠤ᠋ᠨ ᠭᠡᠷ᠎ᠡ ᠢ᠋ᠢ ᠪᠦᠷᠢᠨᠱᠢᠭᠦᠯᠦᠨ᠂ ᠵᠠᠰᠠᠮᠠᠯ ᠵᠠᠮ ᠤ᠋ᠨ ᠦᠢᠯᠡᠳᠪᠦᠷᠢᠯᠡᠯ ᠪᠠ ᠡᠷᠬᠡ ᠢ᠋ᠢᠨ ᠬᠠᠮᠠᠭᠠᠯᠠᠯᠲᠠ ᠢ᠋ᠢ ᠴᠢᠩᠭᠠᠷᠠᠭᠤᠯᠵᠤ᠂ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠲᠦᠷᠢᠮ ᠪᠠ ᠲᠥᠷᠥ ᠢ᠋ᠢᠨ ᠪᠣᠳᠣᠯᠭ᠎ᠠ ᠢ᠋ᠢᠨ ᠪᠦᠷᠢᠨ ᠲᠡᠭᠦᠯᠳᠡᠷ ᠪᠠᠲᠤᠯᠠᠭ᠎ᠠ ᠢ᠋ᠢᠨ ᠱᠢᠰᠲ᠋ᠧᠮ ᠢ᠋ ᠪᠦᠷᠢᠯᠳᠦᠭᠦᠯᠬᠦ ᠪᠡᠷ ᠪᠤᠢ᠃
ᠣᠷᠳᠣᠰᠬᠤᠲᠠ ᠢ᠋ᠢᠨ ᠦᠦᠱᠢᠨ ᠬᠣᠱᠢᠭᠤ 《ᠵᠠᠮ ᠤ᠋ᠨ ᠳᠠᠷᠤᠭ᠎ᠠ ᠢ᠋ᠢᠨ ᠲᠦᠷᠢᠮ》 ᠢ᠋ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ 《ᠵᠠᠮ ᠤ᠋ᠨ ᠳᠠᠷᠤᠭ᠎ᠠ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠭᠠᠴᠠᠭ᠎ᠠ ᠲᠣᠰᠭᠣᠨ ᠤ᠋ ᠠᠷᠠᠳ ᠣᠷᠣᠯᠴᠠᠬᠤ》 ᠵᠠᠰᠠᠯᠲᠠ ᠢ᠋ᠢᠨ ᠪᠠᠢᠷᠢᠱᠢᠯ ᠢ᠋ ᠪᠦᠷᠢᠯᠳᠦᠭᠦᠯᠵᠤ᠂ ᠪᠥᠬᠥ᠌ ᠬᠣᠱᠢᠭᠤᠨ ᠤ᠋ 339 ᠠᠵᠢᠯᠲᠠᠨ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠬᠤ ᠠᠵᠢᠯ ᠳ᠋ᠤ ᠭᠠᠪᠰᠢᠭᠠᠢᠯᠠᠵᠤ ᠪᠠᠢᠨ᠎ᠠ᠃
ᠤᠢᠯᠠᠭᠠᠭᠰᠠᠨ ᠢ᠋ᠢᠡᠷ᠂ ᠮᠠᠨ ᠤ᠋ ᠤᠷᠤᠨ ᠵᠠᠰᠠᠯᠲᠠ ᠢ᠋ᠢᠨ ᠴᠢᠳᠠᠪᠤᠷᠢ ᠢ᠋ᠢ ᠳᠡᠰ ᠳᠡᠪᠰᠢᠭᠦᠯᠬᠦ ᠠᠵᠢᠯᠯᠠᠭ᠎ᠠ ᠪᠡᠷ ᠳᠡᠮᠵᠢᠨ ᠬᠠᠷᠢᠭᠤᠴᠠᠯᠭ᠎ᠠ ᠢ᠋ᠢᠨ ᠱᠢᠰᠲ᠋ᠧᠮ ᠢ᠋ ᠲᠡᠭᠦᠯᠳᠡᠷᠵᠢᠭᠦᠯᠵᠤ᠂ 《ᠵᠠᠮ ᠤ᠋ᠨ ᠳᠠᠷᠤᠭ᠎ᠠ ᠢ᠋ᠢᠨ ᠲᠦᠷᠢᠮ》 ᠤ᠋ᠨ ᠭᠤᠤᠯ ᠴᠣᠭ᠍ᠴᠠ ᠢ᠋ᠢᠨ ᠬᠠᠷᠢᠭᠤᠴᠠᠯᠭ᠎ᠠ ᠢ᠋ᠢ ᠲᠣᠳᠣᠷᠬᠠᠢᠯᠠᠨ 《ᠵᠠᠮ ᠤ᠋ᠨ ᠳᠠᠷᠤᠭ᠎ᠠ ᠢ᠋ᠢᠨ ᠲᠦᠷᠢᠮ》 ᠤ᠋ᠨ ᠲᠣᠭᠣᠷᠢᠨ ᠪᠠᠢᠴᠠᠭᠠᠬᠤ ᠲᠦᠷᠢᠮ ᠢ᠋ ᠲᠡᠭᠦᠯᠳᠡᠷᠵᠢᠭᠦᠯᠵᠦ᠍᠂ ᠵᠠᠮ ᠤ᠋ᠨ ᠳᠠᠷᠤᠭ᠎ᠠ ᠪᠣᠯᠤᠨ ᠡᠳᠦᠷ ᠲᠤᠲᠤᠮ ᠤ᠋ᠨ ᠬᠠᠮᠢᠶᠠᠷᠤᠯᠲᠠ ᠢ᠋ᠢᠨ ᠠᠵᠢᠯᠲᠠᠨ ᠤ᠋ ᠲᠣᠭᠣᠷᠢᠨ ᠪᠠᠢᠴᠠᠭᠠᠬᠤ ᠡᠭᠦᠷᠭᠡ ᠬᠠᠷᠢᠭᠤᠴᠠᠯᠭ᠎ᠠ ᠢ᠋ᠢ ᠲᠣᠳᠣᠷᠬᠠᠢᠯᠠᠵᠤ᠂ ᠵᠠᠮ ᠤ᠋ᠨ ᠳᠠᠷᠤᠭ᠎ᠠ ᠢ᠋ᠢᠨ ᠢᠯᠡ ᠨᠡᠢᠲᠡᠯᠡᠬᠦ᠌ ᠫᠠᠢᠰᠠ ᠢ᠋ᠢ ᠱᠢᠨᠡᠳᠭᠡᠨᠠ᠃ ᠬᠣᠱᠢᠭᠤ ᠱᠢᠶᠠᠨ ᠤ᠋ ᠬᠠᠮᠢᠶ᠎ᠠ ᠪᠥᠬᠥᠶ ᠰᠠᠯᠠᠭ᠎ᠠ ᠮᠥᠴᠢᠷ᠂ ᠱᠢᠶᠠᠩ ᠰᠤᠮᠤ ᠪᠠᠯᠭᠠᠰᠤ ᠢ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠬᠠᠮᠢᠶᠠᠷᠴᠤ᠌ ᠠᠷᠠᠴᠢᠯᠠᠨ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠢ᠋ᠢᠨ ᠨᠠᠷᠢᠨ ᠳᠠᠡᠭᠰᠠ ᠢ᠋ᠢ ᠲᠣᠳᠣᠷᠬᠠᠢᠯᠠᠵᠤ᠂ 《ᠵᠠᠮ ᠤ᠋ᠨ ᠳᠠᠷᠤᠭ᠎ᠠ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠲᠣᠰᠭᠣᠨ ᠤ᠋ ᠠᠷᠠᠳ ᠣᠷᠣᠯᠴᠠᠬᠤ》 ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠵᠠᠰᠠᠯᠲᠠ ᠢ᠋ᠢᠨ ᠪᠠᠢᠷᠢᠱᠢᠯ ᠢ᠋ ᠪᠠᠢᠭᠤᠯᠤᠨ᠎ᠠ᠃ ᠠᠢᠮᠠᠭ ᠬᠣᠲᠠ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤ᠋ᠨ ᠬᠢᠨᠠᠯᠲᠠ ᠲᠠᠯᠪᠢᠵᠤ ᠵᠢᠯᠣᠭᠣᠳᠭᠤ ᠬᠢᠭᠡᠳ ᠠᠵᠢᠯ ᠲᠥᠷᠥᠯ ᠤ᠋ᠨ ᠬᠠᠮᠢᠶᠠᠷᠤᠯᠲᠠ ᠢ᠋ᠢᠨ ᠡᠭᠦᠷᠭᠡ ᠬᠠᠷᠢᠭᠤᠴᠠᠯᠭ᠎ᠠ ᠢ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠵᠠᠮ ᠤ᠋ᠨ ᠴᠠᠭ᠍ᠳᠠᠭᠠ ᠢ᠋ᠢᠨ ᠪᠠᠢᠡᠭᠭᠤᠵᠢᠬᠰᠠᠨ᠂ ᠨᠢᠭ᠍ᠲᠠ ᠬᠡᠯᠪᠡᠷᠢ ᠢ᠋ᠢᠨ ᠬᠣᠯᠪᠣᠭᠠᠯᠠᠨ ᠬᠠᠤᠯᠢ ᠬᠡᠷᠡᠭ᠌ᠵᠢᠭᠦᠯᠬᠦ ᠵᠢ ᠠᠬᠢᠭᠤᠯᠵᠤ᠂ ᠬᠡᠮᠵᠢᠶ᠎ᠡ ᠡᠴᠡ ᠬᠡᠲᠦᠷᠡᠲᠡᠯ᠎ᠡ ᠲᠡᠭᠡᠭᠡᠪᠦᠷᠢᠯᠡᠬᠦ ᠢ᠋ᠢ ᠵᠠᠰᠠᠬᠤ ᠲᠣᠭ᠍ᠲᠠᠴᠠ ᠢ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠲᠤᠬᠠᠶ ᠢ᠋ᠢᠨ ᠲᠠᠯᠠᠪᠠᠶ ᠢ᠋ᠢᠨ ᠪᠤᠰᠤ ᠬᠠᠤᠯᠢ ᠬᠡᠷᠡᠭ᠌ᠵᠢᠭᠦᠯᠬᠦ᠌ ᠣᠷᠣᠨ ᠪᠠᠢᠷᠢ ᠢ᠋ᠢ ᠨᠠᠮᠠᠵᠤ ᠪᠠᠢᠷᠢᠯᠠᠭᠤᠯᠤᠨ᠂ ᠦᠨᠳᠦᠰᠦᠨ ᠱᠠᠲᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠠᠤᠯᠢ ᠬᠡᠷᠡᠭ᠌ᠵᠢᠭᠦᠯᠬᠦ᠌ ᠬᠦᠴᠦᠨ ᠢ᠋ ᠴᠢᠩᠭᠠᠳᠬᠠᠵᠤ᠂ 《ᠤᠷᠢᠳ ᠵᠢᠡᠷ ᠪᠠᠭᠤᠯᠭᠠᠵᠤ ᠳᠠᠷᠠᠭ᠎ᠠ ᠨᠢ ᠲᠣᠷᠭᠠᠬᠤ》᠂ 《ᠨᠢᠭᠡᠬᠡᠲᠦᠷᠡᠪᠡᠯ ᠳᠥᠷᠪᠡ ᠲᠣᠷᠭᠠᠬᠤ》 ᠵᠡᠷᠭᠡ ᠲᠦᠷᠢᠮ ᠢ᠋ ᠴᠢᠩᠭ᠎ᠠ ᠨᠠᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠠᠷᠢᠯᠭ᠎ᠠ ᠢ᠋ᠢᠨ ᠪᠥᠲᠥᠭᠡᠨ ᠪᠠᠢᠭᠤᠯᠤᠯᠲᠠ ᠢ᠋ᠢᠨ ᠶᠠᠰᠤ ᠴᠢᠨᠠᠷ ᠲᠦ᠍ ᠨᠠᠰᠤᠨ ᠲᠤᠷᠱᠢᠳᠠ ᠬᠠᠷᠢᠭᠤᠴᠠᠬᠤ ᠲᠦᠷᠢᠮ ᠪᠠ 《ᠭᠤᠷᠪᠠ ᠢ᠋ᠢ ᠵᠡᠷᠭᠡ ᠳ᠋ᠤᠨᠢ ᠬᠢᠬᠦ᠌》 ᠲᠦᠷᠢᠮ ᠢ᠋ ᠴᠢᠩᠭ᠎ᠠ ᠬᠡᠷᠡᠭ᠌ᠵᠢᠭᠦᠯᠵᠦ᠍᠂ ᠠᠮᠤᠷ ᠠᠮᠤᠭᠤᠯᠠᠩ ᠪᠠᠷᠢᠯᠭ᠎ᠠ ᠢ᠋ᠢᠨ ᠭᠠᠵᠠᠷ ᠤ᠋ᠨ ᠪᠥᠲᠥᠭᠡᠨ ᠪᠠᠢᠭᠤᠯᠤᠯᠲᠠ ᠢ᠋ᠢ ᠠᠬᠢᠭᠤᠯᠤᠨ᠂ ᠬᠣᠱᠢᠭᠤ ᠱᠢᠶᠠᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤ᠋ᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠶᠠᠰᠤ ᠴᠢᠨᠠᠷ ᠠᠮᠤᠷ ᠲᠦᠪᠱᠢᠨ ᠢ᠋ ᠬᠢᠨᠠᠨ ᠬᠠᠮᠢᠶᠠᠷᠬᠤ ᠭᠤᠤᠯ ᠴᠣᠭ᠍ᠴᠠ ᠢ᠋ᠢᠨ ᠬᠠᠷᠢᠭᠤᠴᠠᠯᠭ᠎ᠠ ᠢ᠋ᠢ ᠴᠢᠩᠭ᠎ᠠ ᠨᠠᠢᠳᠠᠪᠤᠷᠢᠵᠢᠭᠤᠯᠬᠤ ᠪᠤᠯᠤᠨ᠎ᠠ᠃
ᠡᠨᠡ ᠵᠢᠯ ᠪᠤᠭᠤᠲᠤ ᠬᠤᠲᠠ ᠬᠤᠰᠢᠭᠤ ᠰᠢᠶᠠᠨ ᠤ᠋ ᠱᠠᠲᠤᠨ ᠤ᠋ ᠤᠶᠤᠨᠲᠤ ᠬᠠᠮᠢᠶᠠᠷᠤᠯᠲᠠ ᠢ᠋ᠢᠨ ᠲᠠᠪᠴᠡᠡᠭ ᠢ᠋ ᠪᠠᠢᠭᠤᠯᠵᠤ᠂ ᠤᠶᠤᠨᠲᠤ ᠲᠤᠭᠤᠷᠢᠨ ᠪᠠᠢᠴᠠᠭᠠᠬᠤ ᠲᠤᠨᠤᠭ ᠲᠦᠬᠦᠭᠡᠷᠦᠮᠵᠢ ᠵᠢ ᠬᠡᠷᠡᠭᠯᠡᠨ ᠵᠠᠰᠠᠮᠠᠯ ᠵᠠᠮ ᠤ᠋ᠨ ᠪᠠᠢᠳᠠᠯ ᠢ᠋ ᠪᠠᠢᠴᠠᠭᠠᠵᠤ᠂ ᠨᠥᠬᠥᠴᠡᠯ ᠪᠦᠷᠢᠯᠳᠦᠭᠦᠯᠦᠭ᠌ᠰᠡᠨ ᠵᠠᠮ ᠤ᠋ᠨ ᠬᠡᠰᠡᠭ ᠢ᠋ 100% ᠪᠡᠷ ᠠᠦ᠋ᠲ᠋ᠣᠴᠢᠯᠠᠨ ᠪᠠᠢᠴᠠᠭᠠᠨ ᠬᠡᠮᠵᠢᠬᠦ ᠢ᠋ᠢ ᠪᠡᠶᠡᠯᠡᠭᠦᠯᠬᠦ ᠪᠡᠷ ᠬᠦᠴᠦᠯᠡᠨ ᠠᠵᠢᠯᠯᠠᠵᠤ ᠪᠠᠢᠨ᠎ᠠ; ᠤᠯᠠᠭᠠᠨᠬᠠᠳᠠ ᠬᠤᠲᠠ ᠴᠤ᠌ 《ᠨᠢᠭᠡ ᠵᠠᠮ ᠳ᠋ᠤ ᠨᠢᠭᠡ ᠳᠡᠡᠭᠰᠠ ᠡᠪᠬᠡᠮᠡᠯ》 ᠤ᠋ᠨ ᠮᠡᠳᠡᠭᠡ ᠵᠠᠩᠭᠢᠴᠢᠯᠠᠯᠲᠠ ᠢ᠋ᠢᠨ ᠪᠠᠢᠭᠤᠯᠤᠯᠲᠠ ᠢ᠋ᠢ ᠠᠬᠢᠭᠤᠯᠵᠤ᠂ ᠬᠠᠮᠢᠶᠠᠷᠴᠤ ᠠᠷᠠᠴᠢᠯᠠᠬᠤ ᠤᠶᠤᠨᠴᠢᠯᠠᠯᠲᠠ ᠢ᠋ᠢᠨ ᠬᠡᠮᠵᠢᠶ᠎ᠠ ᠢ᠋ᠢ ᠪᠦᠬᠦ ᠲᠠᠯ᠎ᠠ ᠪᠡᠷ ᠳᠡᠭᠡᠭᠰᠢᠯᠡᠭᠦᠯᠵᠤ ᠪᠤᠢ᠃
ᠮᠠᠨ ᠤ᠋ ᠤᠷᠤᠨ ᠲᠣᠭᠠᠴᠢᠯᠠᠭ᠍ᠰᠠᠨ ᠬᠠᠮᠢᠶᠠᠷᠤᠯᠲᠠ ᠢ᠋ᠢᠨ ᠱᠢᠰᠲ᠋ᠧᠮ ᠢ᠋ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ 《ᠨᠢᠭᠡ ᠵᠠᠮ ᠳ᠋ᠤ ᠨᠢᠭᠡ ᠲᠠᠩᠰᠠ ᠡᠪᠬᠡᠮᠡᠯ》 ᠤ᠋ᠨ ᠮᠡᠳᠡᠭᠡ ᠵᠠᠩᠭᠢᠴᠢᠯᠠᠯᠲᠠ ᠢ᠋ᠢᠨ ᠪᠠᠢᠭᠤᠯᠤᠯᠲᠠ ᠵᠢ ᠥᠷᠨᠢᠭᠦᠯᠵᠤ᠂ ᠬᠣᠱᠢᠭᠤ ᠱᠢᠶᠠᠨ ᠤ᠋ ᠱᠠᠲᠤᠨ ᠤ᠋ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠬᠠᠮᠢᠶᠠᠷᠤᠯᠲᠠ ᠢ᠋ᠢᠨ ᠱᠢᠰᠲ᠋ᠧᠮ ᠤ᠋ᠨ ᠪᠠᠢᠭᠤᠯᠤᠯᠲᠠ ᠢ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠠᠢᠳᠠᠯ ᠤ᠋ᠨ ᠠᠦ᠋ᠲ᠋ᠣᠴᠢᠯᠠᠭ᠍ᠰᠠᠨ ᠪᠠᠢᠴᠠᠭᠠᠨ ᠬᠡᠮᠵᠢᠯᠲᠡ ᠪᠠ ᠬᠥᠭᠥᠷᠭᠡ ᠢ᠋ᠢᠨ ᠪᠦᠲᠦᠴᠡ ᠢ᠋ᠢᠨ ᠡᠷᠡᠭᠦᠯ ᠮᠡᠨᠳᠦ᠍ ᠢ᠋ᠢᠨ ᠬᠢᠨᠠᠨ ᠬᠡᠮᠵᠢᠯᠲᠡ ᠢ᠋ᠢ ᠠᠬᠢᠭᠤᠯᠵᠤ᠂ ᠨᠥᠬᠥᠴᠡᠯ ᠪᠦᠷᠢᠯᠳᠦᠭᠦᠯᠦᠭ᠌ᠰᠡᠨ ᠵᠠᠮ ᠤ᠋ᠨ ᠬᠡᠰᠡᠭ ᠢ᠋ 100% ᠪᠡᠷ ᠠᠦ᠋ᠲ᠋ᠣᠴᠢᠯᠠᠨ ᠪᠠᠢᠴᠠᠭᠠᠨ ᠬᠡᠮᠵᠢᠬᠦ ᠢ᠋ᠢ ᠪᠡᠶᠡᠯᠡᠭᠦᠯᠵᠦ᠍᠂ ᠲᠣᠭ᠎ᠠ ᠪᠠᠷᠢᠮᠲᠠ ᠢ᠋ᠢ ᠴᠤᠭ᠍ᠯᠠᠭᠤᠯᠤᠨ ᠨᠡᠢᠯᠡᠭᠦᠯᠬᠦ᠌᠂ ᠨᠢᠭᠡᠳᠦᠯᠲᠡᠶ ᠵᠠᠳᠠᠯᠬᠤ ᠪᠠ ᠪᠦᠬᠦᠯᠢ ᠴᠣᠭ᠍ᠴᠠ ᠪᠠᠷ ᠦᠨᠡᠯᠡᠬᠦ᠌ ᠢ᠋ᠢ ᠴᠢᠩᠭᠠᠳᠬᠠᠨ᠂ ᠮᠡᠷᠭᠡᠵᠢᠯ ᠤ᠋ᠨ ᠪᠠᠢᠳᠠᠯ ᠢ᠋ ᠪᠠᠢᠴᠠᠭᠠᠨ ᠬᠡᠮᠵᠢᠵᠦ᠍ ᠦᠨᠡᠯᠡᠨ ᠲᠣᠭ᠍ᠲᠠᠭᠠᠬᠤ᠂ ᠬᠠᠷᠠᠯᠲᠠ ᠲᠣᠭ᠍ᠲᠠᠭᠠᠬᠤ᠂ ᠬᠡᠷᠡᠭ᠌ᠴᠡᠭᠡ ᠱᠠᠭᠠᠷᠳᠠᠯᠭ᠎ᠠ ᠢ᠋ᠢ ᠵᠠᠳᠠᠯᠬᠤ ᠪᠠ ᠠᠷᠠᠴᠢᠯᠠᠨ ᠬᠠᠮᠠᠭᠠᠯᠠᠬᠤ ᠲᠥᠯᠥᠪᠯᠡᠭᠡ ᠢ᠋ᠢ ᠨᠠᠢᠷᠠᠭᠤᠯᠤᠨ ᠵᠣᠬᠢᠶᠠᠬᠤ ᠢ᠋ᠢ ᠬᠠᠮᠤᠷᠤᠭ᠍ᠰᠠᠨ ᠱᠢᠨᠵᠢᠯᠡᠬᠦ᠌ ᠤᠬᠠᠭᠠᠨᠴᠢ ᠱᠢᠶ᠋ᠳᠪᠦᠷᠢᠲᠦ ᠪᠣᠳᠣᠯᠭ᠎ᠠ ᠢ᠋ᠢᠨ ᠱᠢᠰᠲ᠋ᠧᠮ ᠢ᠋ ᠲᠦᠷᠭᠡᠳᠭᠡᠨ ᠪᠠᠢᠭᠤᠯᠬᠤ ᠪᠡᠷ ᠪᠤᠢ᠃
《ᠪᠢᠳᠡ ᠵᠠᠰᠠᠯᠲᠠ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠢ᠋ᠢ ᠭᠦᠨᠵᠡᠭᠡᠶ ᠠᠬᠢᠭᠤᠯᠵᠤ᠂ ᠲᠥᠷᠥ ᠢ᠋ᠢᠨ ᠪᠣᠳᠣᠯᠭ᠎ᠠ ᠬᠠᠤᠯᠢ ᠲᠣᠭ᠍ᠲᠠᠭᠠᠯ ᠤ᠋ᠨ ᠪᠠᠲᠤᠯᠠᠭ᠎ᠠ ᠢ᠋ᠢ ᠴᠢᠩᠭᠠᠳᠭᠠᠨ᠂ 〈ᠵᠠᠮ ᠤ᠋ᠨ ᠳᠠᠷᠤᠭ᠎ᠠ ᠢ᠋ᠢᠨ ᠲᠦᠷᠢᠮ〉 ᠤ᠋ᠨ ᠬᠠᠷᠢᠭᠤᠴᠠᠯᠭ᠎ᠠ ᠢ᠋ᠢ ᠴᠢᠩᠭ᠎ᠠ ᠪᠥᠭᠡᠳ ᠪᠣᠳᠠᠲᠠᠶ ᠳ᠋ᠤ ᠨᠠᠢᠳᠠᠪᠤᠷᠢᠵᠢᠭᠤᠯᠵᠤ᠂ ᠵᠠᠰᠠᠮᠠᠯ ᠵᠠᠮ ᠤ᠋ᠨ ᠡᠳ᠋ ᠬᠥᠷᠥᠩᠭᠡ ᠪᠠ ᠡᠷᠬᠡ ᠢ᠋ᠢ ᠬᠠᠮᠠᠭᠠᠯᠠᠬᠤ ᠱᠢᠰᠲ᠋ᠧᠮ ᠢ᠋ ᠪᠦᠷᠢᠨᠱᠢᠬᠦᠯᠤᠨ᠂ ᠬᠦᠳᠡᠭᠡ ᠲᠤᠰᠬᠤᠨ ᠤ᠋ ᠵᠠᠰᠠᠮᠠᠯ ᠵᠠᠮ ᠤ᠋ᠨ ᠲᠦᠷᠢᠮ ᠲᠡᠭᠦᠯᠳᠡᠷ ᠪᠤᠰᠤ᠂ ᠬᠠᠷᠢᠭᠤᠴᠠᠯᠭ᠎ᠠ ᠲᠣᠳᠣᠷᠬᠠᠶ ᠪᠢᠰᠢ᠂ ᠬᠢᠨᠠᠯᠲᠠ ᠬᠠᠮᠢᠶᠠᠷᠤᠯᠲᠠ ᠪᠣᠳᠠᠲᠠᠶ ᠪᠢᠰᠢ᠂ ᠬᠠᠮᠢᠶᠠᠷᠤᠯᠲᠠ ᠠᠷᠠᠴᠢᠯᠠᠯᠲᠠ ᠨᠠᠷᠢᠯᠢᠭ ᠪᠤᠰᠤ᠂ ᠬᠠᠮᠵᠢᠯᠴᠠᠭ᠎ᠠ ᠱᠢᠯᠤᠭᠤᠨ ᠪᠢᠰᠢ ᠵᠡᠷᠭᠡ ᠲᠣᠪᠣᠢᠮ᠎ᠠ ᠠᠰᠠᠭᠤᠳᠠᠯ ᠢ᠋ ᠭᠤᠤᠯᠳᠠᠯᠭ᠎ᠠ ᠲᠠᠢ ᠱᠢᠶ᠋ᠳᠪᠦᠷᠢᠯᠡᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠵᠠᠰᠠᠯᠲᠠ ᠢ᠋ᠢᠨ ᠲᠦᠪᠱᠢᠨ ᠢ᠋ ᠪᠥᠬᠥ᠌ ᠲᠠᠯ᠎ᠠ ᠳᠡᠭᠡᠭ᠌ᠰᠢᠯᠡᠭᠦᠯᠤᠨᠠ》 ᠭᠡᠵᠤ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠵᠤ ᠪᠠᠢᠯ᠎ᠠ᠃