ᠲᠥᠷᠥ᠎ᠶ᠋ᠢᠨ ᠪᠣᠳᠣᠯᠭ᠎ᠠ᠎ᠶ᠋ᠢᠨ 《ᠵᠥᠭᠡᠯᠡᠨ ᠪᠣᠳᠠᠲᠤ ᠬᠦᠴᠦᠨ》 ᠵᠢᠡᠷ ᠬᠥᠭ᠌ᠵᠢᠯᠲᠡ᠎ᠶ᠋ᠢᠨ 《ᠬᠠᠲᠠᠭᠤ ᠲᠤᠯᠭᠠᠭᠤᠷᠢᠯᠠᠯ》 ᠢ᠋ ᠪᠡᠬᠢᠵᠢᠭᠦᠯᠦᠨ᠎ᠡ
2026-03-21 11:16:00
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ ᠪᠡᠷ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠪᠠ (ᠨᠢᠭᠡ)


ᠪᠥᠬᠥ᠌ ᠪᠥᠮᠪᠥᠷᠴᠡᠭ᠎ᠦᠨ ᠠᠩᠬᠠᠳᠠᠭ᠍ᠴᠢ 30 ᠮᠧᠭ᠎ᠠ ᠸᠠᠲ᠎ᠤᠨ ᠴᠤᠯ ᠤᠰᠤᠲᠥ᠋ᠷᠥᠭ᠌ᠴᠢᠲᠦ ᠱᠢᠲᠠᠮᠠᠬᠠᠶ ᠬᠡᠶ᠎ᠶ᠋ᠢᠨ ᠲᠦᠷᠪᠢᠨ ᠤ᠋ ᠤᠰᠤᠲᠥ᠋ᠷᠥᠭ᠌ᠴᠢ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠨᠢ ᠴᠤᠯ ᠤᠰᠤᠲᠥ᠋ᠷᠥᠭ᠌ᠴᠢ᠎ᠪᠡᠷ ᠴᠠᠬᠢᠯᠭᠠᠨ ᠭᠠᠷᠭᠠᠬᠤ᠎ᠶ᠋ᠢ ᠪᠡᠶᠡᠯᠡᠭᠦᠯᠵᠦ᠍᠂ ᠪᠥᠬᠥ᠌ ᠪᠥᠮᠪᠥᠷᠴᠡᠭ᠎ᠦᠨ ᠬᠠᠮᠤᠭ᠎ᠤᠨ ᠲᠣᠮᠣ ᠪᠣᠬᠢᠷᠲᠤᠯ ᠥᠬᠡᠶ ᠤᠰᠤᠲᠥ᠋ᠷᠥᠭ᠌ᠴᠢᠲᠦ ᠱᠢᠪᠲᠦᠷ᠎ᠦᠨ ᠲᠥᠷᠥᠯ ᠵᠦᠶ᠋ᠯ᠎ᠨᠢ ᠠᠩᠬ᠎ᠠ ᠤᠳᠠᠭ᠎ᠠ ᠣᠩᠭᠣᠴᠠᠨ᠎ᠳᠤ ᠬᠡᠷᠡᠭ᠌ᠯᠡᠬᠦ᠌ ᠱᠢᠪᠲᠦᠷ᠎ᠦᠨ ᠲᠦᠯᠡᠰᠢ ᠨᠡᠮᠡᠬᠦ᠌᠎ᠶ᠋ᠢ ᠪᠡᠶᠡᠯᠡᠭᠦᠯᠵᠦ᠍᠂ ᠳᠡᠯᠡᠬᠡᠶ᠎ᠶ᠋ᠢᠨ ᠠᠩᠬᠠᠳᠠᠭ᠍ᠴᠢ ᠭᠠᠭ᠍ᠴᠠ ᠳᠠᠬᠢᠨᠳᠤ ᠪᠡᠶᠡᠲᠦ ᠭᠤᠤᠯ ᠡᠰ᠎ᠢᠶᠡᠷ ᠪᠦᠳᠦᠭᠡᠭᠰᠡᠨ ᠦᠬᠡᠷ ᠬᠣᠨᠢ᠎ᠶ᠋ᠢ ᠠᠮᠵᠢᠯᠲᠠ ᠲᠠᠶ ᠪᠣᠢᠵᠢᠭᠤᠯᠪᠠ ᠁

ᠠᠯᠢ ᠤᠯᠠᠨ ᠴᠢᠬᠤᠯᠠ ᠶᠡᠬᠡ ᠱᠢᠨ᠎ᠡ᠎ᠶ᠋ᠢ ᠡᠭᠦᠳᠦᠭᠰᠡᠨ ᠱᠢᠪᠲᠤᠯᠤᠯᠲᠠ ᠨᠢ ᠥᠪᠥᠷ ᠮᠣᠩᠭᠣᠯ᠎ᠤᠨ ᠲᠦᠷᠦ᠍᠎ᠶ᠋ᠢᠨ ᠪᠤᠳᠤᠯᠭ᠎ᠠ᠎ᠪᠠᠷ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠬᠥᠭ᠌ᠵᠢᠭᠡᠭ᠌ᠰᠡᠨ ᠠᠮᠢᠳᠤᠯᠢᠭ ᠦᠢᠯᠡᠳᠦᠯᠭᠡ ᠪᠣᠯᠵᠠᠢ᠃

2026 ᠣᠨ᠎ᠤ ᠪᠦᠬᠦ᠌ ᠤᠯᠤᠰ᠎ᠤᠨ ᠬᠣᠶᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢᠷᠢᠯᠠᠭᠤᠯᠤᠯᠲᠠ ᠲᠠᠢ ᠨᠢᠬᠳᠠ ᠤᠶᠠᠯᠳᠤᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠪᠡᠷ ᠰᠢᠨ᠎ᠡ ᠭᠠᠷᠤᠭ᠎ᠠ ᠪᠤᠯᠭᠠᠵᠤ᠂ ᠥᠪᠥᠷ ᠮᠣᠩᠭᠣᠯ ᠲᠦᠷᠦ᠍᠎ᠶ᠋ᠢᠨ ᠪᠤᠳᠤᠯᠭ᠎ᠠ᠎ᠪᠠᠷ ᠬᠦᠳᠦᠯᠦᠨ ᠳᠠᠭᠠᠭᠤᠯᠬᠤ᠎ᠶ᠋ᠢ ᠦᠷᠭᠦᠯᠵᠢᠯᠡᠨ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠠᠪᠠᠭᠤᠯᠢᠭ ᠲᠤ᠌ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯᠤᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ 《ᠵᠥᠭᠡᠯᠡᠨ ᠪᠣᠳᠠᠲᠤ ᠬᠦᠴᠦᠨ》 ᠵᠢᠡᠷ ᠴᠢᠨᠠᠷ ᠰᠠᠢᠲᠠᠢ ᠬᠥᠭ᠌ᠵᠢᠯᠲᠡ᠎ᠶ᠋ᠢᠨ 《ᠬᠠᠲᠠᠭᠤ ᠲᠤᠯᠭᠠᠭᠤᠷᠢᠯᠠᠯ》 ᠢ᠋ ᠪᠡᠬᠢᠵᠢᠭᠦᠯᠵᠦ ᠪᠤᠢ᠃

《ᠬᠠᠯᠠᠭᠤᠨ ᠪᠦᠰᠡᠨ᠎ᠦ ᠪᠣᠷᠣᠭᠠᠨᠲᠤ ᠤᠢ》 ᠵᠢ ᠱᠢᠨ᠎ᠡ᠎ᠶ᠋ᠢ ᠡᠭᠦᠳᠦᠨ ᠪᠣᠢᠵᠢᠭᠤᠯᠵᠤ  ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢ 《ᠭᠤᠤᠯ ᠪᠠᠢᠷᠢ》 ᠳ᠋ᠤ ᠯᠠᠪᠳᠠᠭᠤᠨ ᠵᠣᠭ᠍ᠰᠣᠭᠠᠪᠠ

《ᠰᠤᠳᠤᠯᠤᠨ ᠨᠡᠭᠡᠭᠡᠭ᠌ᠰᠡᠨ᠎ᠦ ᠳᠠᠷᠠᠭᠠᠬᠢ ᠡᠨᠡ ᠪᠦᠯᠦᠭ ᠨᠥᠬᠥᠪᠥᠷᠢ ᠪᠠᠯᠠ ᠮᠥᠩᠭᠥ᠌ ᠨᠢ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠶ᠋ᠢᠨ ᠳᠠᠷᠤᠯᠲᠠ᠎ᠶ᠋ᠢ ᠴᠠᠭ ᠲᠤᠬᠠᠶ᠎ᠳᠤᠨᠢ ᠨᠠᠮᠳᠠᠭᠤᠯᠵᠤ᠂ ᠪᠢᠳᠡᠨ᠎ᠦ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠳᠤ ᠣᠷᠣᠯᠴᠠᠬᠤ ᠢᠲᠡᠭᠡᠯ ᠵᠣᠷᠢᠭ᠎ᠢ ᠨᠠᠩ ᠬᠥᠪᠴᠢᠯᠡᠵᠡᠶ》 ᠭᠡᠵᠦ᠍ ᠯᠢᠶᠠᠨ ᠪᠠᠩ ᠡᠮ ᠦᠢᠯᠡᠳᠬᠦ᠌ (ᠥᠪᠥᠷ ᠮᠣᠩᠭᠣᠯ) ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠬᠤᠸᠠ ᠶᠤᠸᠠᠨ ᡁᠢ ᠬᠡᠯᠡᠪᠡ᠃

ᠰᠤᠳᠤᠯᠤᠨ ᠨᠡᠭᠡᠭᠡᠬᠦ᠌ ᠣᠷᠣᠭᠤᠯᠤᠯᠲᠠ ᠪᠣᠯ 《ᠢᠷᠡᠭᠡᠳᠦᠢ ᠳ᠋ᠡᠭᠡᠨ ᠰᠠᠭᠤᠷᠢ ᠲᠠᠯᠪᠢᠬᠤ》 ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠪᠠᠢᠵᠤ᠂ ᠠᠵᠤ ᠦᠢᠯᠡᠰ᠎ᠦᠨ ᠦᠨᠳᠦᠷᠴᠡ ᠪᠣᠯᠤᠨ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠢ ᠲᠣᠭ᠍ᠲᠠᠭᠠᠨ᠎ᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠳᠠᠷᠠᠭ᠎ᠠ ᠨᠥᠬᠥᠪᠥᠷᠢ᠎ᠦᠬᠬᠦ ᠲᠥᠷᠥ᠎ᠶ᠋ᠢᠨ ᠪᠣᠳᠣᠯᠭ᠎ᠠ ᠪᠣᠯ ᠥᠪᠥᠷ ᠮᠣᠩᠭᠣᠯ᠎ᠤᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠬᠠᠰᠤᠵᠤ ᠭᠠᠷᠭᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ 2025 ᠣᠨ᠎ᠳᠤ᠂ ᠥᠪᠥᠷ ᠮᠣᠩᠭᠣᠯ ᠲᠣᠰ ᠨᠥᠬᠥᠪᠥᠷᠢ ᠪᠠᠯᠠ ᠮᠥᠩᠭᠥ᠎ᠶ᠋ᠢ 1.5 ᠳ᠋ᠦᠩᠱᠢᠭᠤᠷ ᠲᠥᠭᠥᠷᠢᠭ ᠪᠠᠭᠤᠯᠭᠠᠵᠤ᠂ 420 ᠠᠵᠤ ᠠᠬᠤᠢᠯᠠᠯ᠎ᠳᠤ ᠠᠱᠢᠭ ᠬᠦᠷᠲᠡᠭᠡᠭ᠌ᠰᠡᠨ ᠪᠥᠭᠡᠳ 《ᠠᠵᠤ ᠠᠬᠤᠢᠯᠠᠯ᠎ᠳᠤ ᠠᠱᠢᠭ ᠬᠦᠷᠲᠡᠭᠡᠬᠦ᠌ ᠪᠠᠯᠠ ᠮᠥᠩᠭᠥ᠎ᠶ᠋ᠢ ᠱᠢᠭᠤᠳ ᠦᠭᠬᠦ》 ᠵᠠᠭ᠍ᠪᠤᠷ᠎ᠢ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ ᠪᠠᠯᠠ ᠮᠥᠩᠭᠥ᠎ᠶ᠋ᠢ ᠥᠨᠳᠥᠷ ᠪᠦᠲᠦᠮᠵᠢᠲᠡᠶ ᠪᠥᠭᠡᠳ ᠣᠨᠣᠪᠴᠢᠲᠠᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ 《ᠲᠥᠷᠥ᠎ᠶ᠋ᠢᠨ ᠪᠣᠳᠣᠯᠭ᠎ᠠ + ᠪᠠᠯᠠ ᠮᠥᠩᠭᠥ᠌》 ᠵᠢᠨ ᠬᠤᠤᠰ  ᠵᠤᠷᠢᠭᠵᠢᠭᠤᠯᠤᠯ ᠨᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠶ᠋ᠢᠨ ᠬᠦᠰᠡᠯ᠎ᠢ ᠪᠦᠲᠦᠮᠵᠢᠲᠡᠶ ᠳᠠᠢᠴᠢᠯᠠᠪᠠ᠃

ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠲᠦᠷᠦ᠍᠎ᠶ᠋ᠢᠨ ᠪᠤᠳᠤᠯᠭ᠎ᠠ᠎ᠪᠠᠷ ᠬᠦᠴᠦᠯᠡᠬᠦ᠌ ᠮᠥᠷᠲᠡᠭᠡᠨ ᠪᠠᠰᠠ ᠥᠭᠡᠷᠡᠴᠢᠯᠡᠯᠲᠡ᠎ᠪᠡᠷ ᠬᠦᠴᠦᠯᠡᠬᠦ᠌ ᠬᠡᠷᠡᠭ᠌ᠲᠡᠢ᠃ ᠱᠢᠨ᠎ᠡ᠎ᠶ᠋ᠢ ᠡᠭᠦᠳᠬᠦ᠌ ᠭᠣᠣᠯ ᠬᠦᠴᠦᠨ ᠪᠣᠯᠤᠭ᠍ᠰᠠᠨ ᠠᠵᠤ ᠠᠬᠤᠢᠯᠠᠯ᠎ᠢ ᠪᠦᠬᠦ᠌ ᠬᠦᠴᠦᠨ᠎ᠢᠶᠡᠷ᠎ᠢᠶᠡᠨ ᠡᠷᠭᠦᠨ ᠳᠡᠪᠱᠢᠭᠦᠯᠵᠦ᠍ 《ᠭᠤᠤᠯ ᠪᠠᠢᠷᠢ》 ᠳ᠋ᠤ ᠯᠠᠪᠳᠠᠭᠤᠨ ᠵᠣᠭ᠍ᠰᠣᠭᠠᠬᠤ᠎ᠶ᠋ᠢᠨ ᠲᠥᠯᠥᠭᠡ᠂ ᠥᠪᠥᠷ ᠮᠣᠩᠭᠣᠯ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠦᠵᠡᠭᠦᠯᠬᠦ᠌ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ 《1 + 7 + N》 ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ 《ᠲᠤᠨᠭᠬᠠᠬ ᠨᠡᠢᠳᠡᠯᠡᠨ ᠮᠠᠨᠭᠯᠠᠢᠯᠠᠬᠴᠢ ᠡᠯᠰᠡᠬᠦ》᠂ 《ᠮᠤᠷᠢᠨ ᠤᠷᠤᠯᠳᠤᠭᠠᠨ᠎ᠤ ᠲᠦᠷᠢᠮ》 ᠵᠡᠷᠭᠡ ᠱᠢᠨ᠎ᠡ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ ᠪᠣᠯᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠶᠡᠬᠡ᠎ᠪᠡᠷ ᠬᠡᠷᠡᠭ᠌ᠵᠢᠭᠦᠯᠦᠭ᠌ᠰᠡᠨ ᠪᠥᠭᠡᠳ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶ᠋ᠢ ᠵᠢᠯ ᠳᠤᠮᠳᠠᠴᠢ᠎ᠪᠠᠷ 20% ᠪᠡᠷ ᠨᠡᠮᠡᠭ᠌ᠳᠡᠬᠦᠯᠬᠦ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠪᠠ᠃ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠲᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠯᠭ᠎ᠠ᠎ᠶ᠋ᠢ 60.5 ᠳ᠋ᠦᠩᠱᠢᠭᠤᠷ ᠲᠥᠭᠥᠷᠢᠭ ᠳᠣᠭᠢᠷᠠᠭᠤᠯᠵᠤ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 41% ᠪᠠᠷ ᠨᠡᠮᠡᠭ᠌ᠳᠡᠪᠡ᠃ ᠡᠭᠦᠨ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠶ ᠪᠡᠯᠡ ᠮᠥᠩᠭᠥ᠌ 50 ᠳ᠋ᠦᠩᠱᠢᠭᠤᠷ ᠲᠥᠭᠥᠷᠢᠭ ᠲᠤ᠌ ᠬᠦᠷᠴᠤ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠬᠣᠶᠠᠷ ᠳᠠᠬᠢᠨ ᠨᠡᠮᠡᠭ᠌ᠳᠡᠪᠡ᠃

ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠮᠡᠭ᠌ᠳᠡᠯ᠎ᠦᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠶ᠋ᠢᠨ ᠲᠥᠯᠥᠭᠡ᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢ ᠤᠨᠢᠯᠠᠵᠤ᠂ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠤᠯᠲᠠ + ᠦᠷ᠎ᠡ ᠪᠦᠲᠦᠭᠡᠯ᠎ᠦᠨ ᠤᠨᠳᠤᠤᠰᠢᠭᠤᠯᠤᠯᠲᠠ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠥᠨ ᠭᠦᠶ᠋ᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ》 ᠤ᠋ᠨ ᠪᠥᠬᠥ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠯᠠᠪᠳᠠᠭᠤᠨ ᠪᠠᠲᠤᠲᠠᠶ ᠠᠬᠢᠭᠤᠯᠪᠠ᠃ 2026 ᠣᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠭᠣᠮᠲᠠ ᠱᠢᠪᠲᠤᠯᠬᠤ ᠤᠷᠬᠢᠯ᠎ᠳᠤ ᠠᠪᠠᠷᠢᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠦᠢᠯᠡᠳᠦᠯ ᠴᠢᠳᠠᠪᠬᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠦᠨ᠎ᠡ; 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠴᠢᠨᠠᠷ ᠰᠠᠢᠲᠠᠶ ᠪᠣᠢᠵᠢᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ 《ᠭᠤᠷᠪᠠᠨ ᠵᠢᠯ᠎ᠦᠨ ᠠᠵᠢᠯᠯᠠᠭ᠎ᠠ》 ᠶ᠋ᠢ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ 《ᠵᠤᠯᠵᠠᠭ᠎ᠠ ᠮᠣᠳᠣ》᠎ᠡᠴᠡ 《ᠲᠣᠮᠣ ᠮᠣᠳᠣ》 ᠪᠣᠯᠤᠨ ᠪᠣᠢᠵᠢᠬᠤ᠎ᠳᠤ ᠬᠦᠴᠦᠨ ᠨᠡᠮᠡᠷᠢᠯᠡᠵᠦ᠍᠂ 《ᠳᠥᠷᠪᠡᠨ ᠶᠡᠬᠡ ᠬᠥᠳᠡᠯᠭᠡᠭᠦᠷ》 ᠵᠢᠡᠷ ᠪᠥᠬᠥ᠌ ᠬᠡᠯᠬᠢᠶᠡᠨ᠎ᠦ ᠦᠷ᠎ᠡ ᠪᠦᠲᠦᠭᠡᠯ᠎ᠢ ᠤᠨᠳᠤᠤᠰᠢᠭᠤᠯᠬᠤ ᠱᠢᠰᠲ᠋ᠧᠮ ᠢ᠋ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠳᠡᠯᠭᠡᠬᠦ ᠡᠨ᠋ᠸᠷᠬᠢ᠎ᠶ᠋ᠢ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠲᠦᠷᠭᠡᠳᠭᠡᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ᠃

ᠦᠷ᠎ᠡ ᠪᠦᠲᠦᠭᠡᠯ᠎ᠢ ᠣᠨᠳᠣᠣᠱᠢᠭᠤᠯᠬᠤ ᠱᠢᠰᠲ᠋ᠧᠮ᠎ᠢ ᠰᠠᠭᠠᠳ ᠦᠭᠡᠢ ᠨᠡᠪᠲᠡᠷᠡᠭᠦᠯᠵᠦ᠍ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠠᠵᠤ ᠦᠢᠯᠡᠰ᠎ᠦᠨ 《ᠰᠡᠳᠭᠢᠯ᠎ᠦᠨ ᠬᠥᠭᠥᠷᠭᠡ》 ᠶ᠋ᠢ ᠪᠤᠰᠭᠠᠪᠠ

ᠥᠪᠥᠷ ᠮᠣᠩᠭᠣᠯ᠎ᠤᠨ ᠰᠦ ᠶ᠋ᠢᠨ ᠦᠶ᠋ᠯᠡᠰ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠰᠠᠭᠤᠷᠢᠨ᠎ᠳᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠶᠠᠭ ᠲᠡᠷᠢᠭᠦᠨ᠎ᠦ ᠪᠦᠷᠬᠦᠭᠦᠯ᠎ᠢᠶᠡᠷ ᠱᠦᠭᠦᠬᠦ᠌ ᠮᠡᠷᠭᠡᠵᠢᠯ᠎ᠢ ᠠᠱᠢᠭ᠍ᠯᠠᠨ᠂ ᠦᠨᠢᠶᠡᠨ ᠰᠦ ᠳ᠋ᠡᠬᠢ ᠴᠢᠳᠠᠮᠵᠢ᠎ᠶ᠋ᠢᠨ ᠴᠢᠨᠠᠷᠲᠠᠶ ᠪᠦᠷᠢᠯᠳᠦᠬᠦᠨ᠎ᠢ ᠨᠠᠷᠢᠯᠢᠭ ᠰᠠᠯᠭᠠᠬᠤ ᠪᠠ ᠭᠠᠷᠭᠠᠨ ᠠᠪᠴᠤ᠌ ᠪᠠᠢᠪᠠ᠃ ᠦᠨᠢᠶᠡᠨ ᠰᠦ ᠪᠡᠷ ᠡᠬᠢᠯᠡᠯᠲᠡ ᠪᠣᠯᠭᠠᠵᠤ᠂ ᠲᠤᠰ ᠰᠠᠭᠤᠷᠢᠨ ᠨᠢ ᠨᠢᠭᠡᠨᠲᠡ ᠣᠯᠠᠨ ᠵᠦᠢᠯ᠎ᠦᠨ ᠥᠨᠳᠥᠷ ᠨᠡᠮᠡᠯᠲᠡ ᠥᠷᠲᠡᠭ ᠪᠦᠬᠦᠢ ᠰᠦ ᠵᠢᠨ ᠪᠦᠲᠦᠭᠡᠭᠳᠡᠭᠦᠨ ᠲᠠᠢ ᠦᠨᠳᠦᠰᠦᠨ ᠨᠠᠢᠷᠠᠯᠭ᠎ᠠ ᠪᠣᠯᠤᠨ ᠦᠵᠦᠭᠦᠷᠯᠢᠭ᠎ᠦᠨ ᠦᠢᠯᠡᠳᠬᠦᠨ᠎ᠢ ᠠᠮᠵᠢᠯᠲᠠ᠎ᠲᠠᠶ᠎ᠪᠠᠷ ᠨᠡᠭᠡᠭᠡᠨ ᠭᠠᠷᠭᠠᠵᠤ᠂ ᠣᠯᠠᠨ ᠵᠦᠢᠯ᠎ᠦᠨ ᠦᠷ᠎ᠡ ᠪᠦᠲᠦᠭᠡᠯ᠎ᠢ ᠠᠵᠤ ᠠᠬᠤᠢᠯᠠᠯ ᠲᠡᠢᠰᠢ ᠱᠢᠯᠵᠢᠭᠦᠯᠬᠦ᠌᠎ᠶ᠋ᠢ ᠨᠢᠭᠡᠨᠲᠡ ᠪᠡᠶᠡᠯᠡᠭᠦᠯᠦᠭ᠌ᠰᠡᠨ ᠪᠥᠭᠡᠳ ᠠᠵᠤ ᠦᠶ᠋ᠯᠡᠰᠵᠢᠬᠦᠯᠬᠦ ᠱᠠᠲᠤᠨ᠎ᠳᠤ ᠤᠷᠤᠭ᠍ᠰᠠᠨ ᠪᠠᠢᠨ᠎ᠠ᠃

《ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ ᠪᠣᠯ ᠲᠤᠷᠱᠢᠯᠲᠠ᠎ᠶ᠋ᠢᠨ ᠲᠠᠰᠤᠭ ᠲᠤ᠌ ᠰᠤᠳᠤᠯᠤᠨ ᠨᠡᠭᠡᠭᠡᠬᠦ᠌ ᠪᠠ ᠬᠡᠪᠴᠢᠶᠡᠵᠢᠭᠦᠯᠦᠨ ᠦᠶ᠋ᠯᠡᠳᠪᠦᠷᠢᠯᠡᠬᠦ᠌ ᠵᠢ ᠬᠣᠯᠪᠣᠬᠤ ᠳᠤᠲᠠᠭ᠍ᠳᠠᠵᠤ ᠪᠣᠯᠤᠰᠢ ᠥᠬᠡᠶ ᠬᠥᠭᠥᠷᠭᠡ ᠮᠥᠨ᠃ ᠲᠡᠷᠡ᠎ᠨᠢ ᠠᠵᠤ ᠦᠢᠯᠡᠰᠵᠢᠯᠲᠡ᠎ᠶ᠋ᠢᠨ ᠶᠠᠪᠤᠴᠠ᠎ᠳᠠᠬᠢ ᠳᠠᠯᠳᠠ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠢᠯᠡᠷᠡᠭᠦᠯᠬᠦ᠌᠎ᠶ᠋ᠢᠨ ᠬᠠᠮᠲᠤ ᠱᠢᠶ᠋ᠳᠪᠦᠷᠢᠯᠡᠵᠦ᠍᠂ ᠤᠷ᠎ᠠ ᠮᠡᠷᠭᠡᠵᠢᠯ᠎ᠢ ᠱᠢᠯᠢᠳᠡᠭ᠌ᠵᠢᠭᠦᠯᠬᠦ᠌ ᠪᠠ ᠵᠠᠭ᠍ᠪᠤᠷ᠎ᠢ ᠱᠢᠯᠭᠠᠨ ᠪᠠᠲᠤᠯᠠᠬᠤ᠎ᠪᠠᠷ ᠳᠠᠮᠵᠢᠨ᠂ ᠤᠨᠳᠤᠤᠰᠢᠭᠤᠯᠬᠤ ᠦᠶᠡᠯᠡᠯ᠎ᠤᠨ ᠬᠤᠭᠤᠴᠠᠭ᠎ᠠ᠎ᠵᠢ ᠶᠡᠬᠡ᠎ᠪᠡᠷ ᠪᠣᠭᠣᠨᠢᠰᠭᠠᠵᠤ᠂ ᠠᠮᠵᠢᠯᠲᠠ ᠤᠯᠬᠤ ᠨᠣᠷᠮ᠎ᠠ᠎ᠶ᠋ᠢ ᠳᠡᠭᠡᠭ᠌ᠰᠢᠯᠡᠭᠦᠯᠳᠡᠭ》᠃ ᠲᠤᠰ ᠰᠠᠭᠤᠷᠢᠨ᠎ᠤ ᠲᠤᠷᠱᠢᠯᠲᠠ᠎ᠶ᠋ᠢ ᠭᠣᠣᠯᠯᠠᠨ ᠬᠠᠮᠢᠶᠠᠷᠤᠭ᠍ᠴᠢ ᠴᠢ ᠱᠢᠶᠤᠤ ᠮᠢᠩ᠂ ᠰᠠᠭᠤᠷᠢᠨ ᠤ᠋ ᠬᠢᠨ 《0 ᠡᠴᠡ 1 ᠬᠦᠷᠬᠦ᠌》 ᠮᠡᠷᠭᠡᠵᠢᠯ᠎ᠦᠨ ᠱᠢᠯᠭᠠᠨ ᠪᠠᠲᠤᠯᠠᠯᠲᠠ ᠪᠣᠯᠤᠨ 《1 ᠡᠴᠡ 100 ᠬᠦᠷᠬᠦ᠌》 ᠲᠤᠷᠱᠢᠯᠲᠠ᠎ᠶ᠋ᠢᠨ ᠦᠢᠯᠡᠴᠢᠯᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠯᠢᠭᠡᠷ ᠡᠳ᠋᠎ᠡᠴᠡ ᠦᠢᠯᠡᠳᠬᠦᠨ ᠲᠡᠢᠰᠢ ᠣᠨᠳᠣᠣᠱᠢᠭᠤᠯᠬᠤ ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ ᠪᠠᠢᠨ᠎ᠠ ᠭᠡᠵᠦ᠍ ᠲᠠᠨᠢᠯᠴᠠᠭᠤᠯᠪᠠ᠃

ᠦᠷ᠎ᠡ ᠪᠦᠲᠦᠭᠡᠯ᠎ᠦᠨ ᠣᠨᠳᠣᠣᠱᠢᠭᠤᠯᠤᠯᠳᠠ᠎ᠶ᠋ᠢᠨ ᠤᠷᠤᠭ᠍ᠰᠢᠲᠠᠢ ᠠᠭᠢᠬᠤ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠱᠢᠰᠲ᠋ᠧᠮᠵᠢᠭᠦᠯᠦᠨ ᠲᠤᠯᠭᠠᠭᠤᠷᠢᠯᠠᠬᠤ᠎ᠡᠴᠡ ᠰᠠᠯᠵᠤ ᠴᠢᠳᠠᠬᠤ ᠦᠭᠡᠢ ᠶᠤᠮ᠃ 2025 ᠣᠨ᠎ᠳᠤ᠂ ᠥᠪᠥᠷ ᠮᠣᠩᠭᠣᠯ ᠠᠩᠬᠠᠨ᠎ᠤ ᠪᠦᠯᠦᠭ᠎ᠤᠨ ᠤᠬᠠᠭ᠍ᠳᠠᠬᠤᠨ᠎ᠢ ᠱᠢᠯᠭᠠᠨ ᠪᠠᠲᠤᠯᠠᠬᠤ 5 ᠲᠠᠪᠴᠠᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ 5 ᠲᠤᠷᠱᠢᠯᠲᠠ᠎ᠶ᠋ᠢᠨ ᠰᠠᠭᠤᠷᠢᠨ ᠪᠣᠯᠤᠨ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ 5 ᠲᠠᠪᠴᠠᠩ᠎ᠢ ᠨᠡᠢᠲᠡᠯᠡᠵᠦ᠍᠂ ᠭᠤᠷᠪᠠᠨ ᠲᠥᠷᠥᠯ᠎ᠦᠨ ᠲᠠᠪᠴᠠᠩ᠎ᠨᠢ ᠦᠷ᠎ᠡ ᠪᠦᠲᠦᠭᠡᠯ᠎ᠢ ᠤᠨᠳᠤᠤᠱᠢᠭᠤᠯᠬᠤ ᠵᠢᠨ 《ᠴᠢᠬᠢ ᠵᠢ ᠱᠢᠭ᠌ᠰᠢᠨ ᠰᠣᠩᠭᠣᠬᠤ᠂ ᠴᠢᠬᠢ ᠵᠢ ᠪᠣᠢᠵᠢᠭᠤᠯᠬᠤ᠂ ᠴᠢᠬᠢ ᠵᠢ ᠬᠠᠮᠠᠭᠠᠯᠠᠬᠤ》 ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ᠂ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠪᠠ᠃ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ 《ᠭᠣᠣᠯ ᠬᠦᠢᠰᠦ》 ᠪᠣᠯᠤᠭ᠍ᠰᠠᠨ᠎ᠤ ᠬᠤᠪᠢ᠎ᠳᠤ᠂ ᠱᠢᠨ᠎ᠡ᠎ᠶ᠋ᠢ ᠡᠭᠦᠳᠬᠦ᠌ ᠲᠠᠪᠴᠠᠩ ᠪᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢ ᠠᠭᠤᠰᠤᠯᠴᠠᠭᠤᠯᠬᠤ ᠴᠢᠬᠤᠯᠠ ᠭᠠᠷᠳᠠᠴᠠ ᠮᠥᠨ᠃ ᠡᠨᠡ ᠵᠢᠯ᠎ᠦᠨ 1 ᠰᠠᠷ᠎ᠠ᠎ᠳᠤ᠂ ᠥᠪᠥᠷ ᠮᠣᠩᠭᠣᠯ᠎ᠤᠨ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ 《ᠰᠠᠢᠨ ᠡᠬᠢᠯᠡᠯᠲᠡ》 ᠵᠢ ᠪᠡᠶᠡᠯᠡᠭᠦᠯᠪᠡ᠄ ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠥᠪᠱᠢᠶᠡᠷᠡᠭᠳᠡᠨ ᠪᠠᠢᠭᠤᠯᠤᠬᠳᠠᠪᠠ᠂ ᠲᠤᠰ ᠲᠥᠪ᠎ᠡᠴᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠡᠪᠡᠰᠦᠨ᠎ᠦ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠦᠷ᠎ᠡ ᠪᠦᠲᠦᠭᠡᠯ᠎ᠢ ᠣᠨᠳᠣᠣᠱᠢᠭᠤᠯᠬᠤ ᠪᠠ ᠠᠵᠤ ᠦᠢᠯᠡᠰᠵᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠦᠷ᠎ᠡ ᠵᠢᠨ ᠦᠶ᠋ᠯᠡᠰ᠎ᠦᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠬᠤ ᠪᠤᠯᠤᠨ᠎ᠠ᠃

ᠦᠵᠦ᠍ ᠲᠥᠯᠥᠪᠯᠡᠭᠡ᠎ᠶ᠋ᠢᠨ ᠥᠨᠳᠥᠷ ᠲᠦᠪᠰᠢᠨ ᠪᠦᠬᠦᠢ ᠠᠬᠢᠭᠤᠯᠤᠯ ᠳᠣᠣᠷ᠎ᠠ᠂ ᠲᠠᠪᠴᠠᠩ᠎ᠤᠨ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠬᠦᠳᠦᠯᠦᠨ ᠳᠠᠭᠠᠭᠤᠯᠬᠤ ᠪᠠᠢᠳᠠᠯ ᠡᠳᠦᠷ ᠢᠷᠡᠬᠦᠶ᠎ᠡ ᠢᠯᠡᠷᠬᠡᠢ ᠪᠣᠯᠪᠠ᠃ ᠱᠢᠯᠢᠳᠡᠭ᠌ᠵᠢᠭᠦᠯᠦᠨ ᠳᠠᠬᠢᠨ ᠪᠠᠢᠭᠤᠯᠤᠭ᠍ᠰᠠᠨ᠎ᠤ ᠳᠠᠷᠠᠭᠠᠬᠢ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ 102 ᠲᠤᠷᠱᠢᠯᠲᠠ᠎ᠶ᠋ᠢᠨ ᠲᠠᠰᠤᠭ᠎ᠨᠢ ᠪᠥᠬᠥ᠌ ᠣᠷᠣᠨ᠎ᠤ ᠭᠤᠤᠯᠳᠠᠯᠭ᠎ᠠ᠎ᠲᠠᠶ ᠳᠠᠪᠠᠭᠤᠯᠢᠭ ᠠᠵᠤ ᠦᠶ᠋ᠯᠡᠰ᠎ᠦᠨ ᠬᠦᠷᠢᠶ᠎ᠡ ᠴᠠᠷᠠᠭ᠎ᠠ᠎ᠶ᠋ᠢ ᠦᠨᠳᠦᠰᠦᠨ᠎ᠳᠡᠭᠡᠨ ᠬᠠᠮᠤᠷᠪᠠ᠃ ᠲᠠᠯᠠᠨ ᠬᠠᠷ᠎ᠠ ᠠᠭᠤᠯᠠ᠎ᠶ᠋ᠢᠨ ᠲᠤᠷᠱᠢᠯᠲᠠ᠎ᠶ᠋ᠢᠨ ᠲᠠᠰᠤᠬ᠎ᠤᠨ ᠰᠤᠳᠤᠯᠤᠨ ᠦᠢᠯᠡᠳᠦᠭ᠌ᠰᠡᠨ ᠲᠡᠩᠴᠡᠭᠦᠦ ᠢᠶᠦᠡᠳᠦ ᠪᠡᠶ᠎ᠡ᠎ᠶ᠋ᠢᠨ ᠡᠪᠴᠡᠯᠳᠦᠯ ᠴᠠᠬᠢᠯᠭᠠᠨ ᠲᠦᠷᠭᠡᠳᠭᠡᠯᠳᠦ ᠠᠽᠣᠲ ᠲᠣᠭ᠍ᠲᠠᠭᠠᠬᠤ ᠮᠡᠷᠭᠡᠵᠢᠯ ᠨᠢ ᠤᠯᠠᠮᠵᠢᠯᠠᠯᠲᠤ ᠨᠡᠢᠯᠡᠯᠭᠡ ᠱᠢᠪᠲᠦᠷ᠎ᠦᠨ ᠤᠷ᠎ᠠ ᠮᠡᠷᠭᠡᠵᠢᠯ᠎ᠦᠨ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ᠂ ᠨᠡᠭᠦᠷᠡᠰᠦᠲᠥ᠋ᠷᠥᠭ᠌ᠴᠢ ᠤᠯᠠᠨ ᠭᠠᠳᠠᠭ᠍ᠰᠢᠯᠠᠭᠤᠯᠬᠤ ᠪᠣᠭᠣᠮᠢ᠎ᠶ᠋ᠢ ᠠᠮᠵᠢᠯᠲᠠ᠎ᠲᠠᠶ᠎ᠪᠠᠷ ᠱᠢᠪᠲᠤᠯᠵᠠᠢ; ᠣᠷᠳᠣᠰ᠎ᠤᠨ ᠲᠤᠷᠱᠢᠯᠲᠠ᠎ᠶ᠋ᠢᠨ ᠲᠠᠰᠤᠭ᠎ᠲᠤ 《ᠡᠯᠡᠰᠦᠨ ᠢᠯᠴᠢ᠎ᠶ᠋ᠢᠨ ᠬᠦᠴᠦᠨ᠎ᠦ ᠳ᠋ᠢᠶᠠᠨ ᡂᠢ》 ᠵᠢ ᠲᠤᠷᠱᠢᠵᠤ ᠠᠮᠵᠢᠯᠲᠠ ᠣᠯᠵᠤ᠂ ᠬᠠᠲᠠᠭᠤ ᠪᠡᠶᠡᠲᠦ ᠮᠥᠬᠥᠯᠢᠭ᠌ᠲᠦ ᠨᠥᠭᠡᠴᠡ ᠡᠨᠧᠷᠭᠢ᠎ᠶ᠋ᠢ ᠠᠱᠢᠭ᠍ᠯᠠᠨ᠂ ᠱᠢᠨ᠎ᠡ ᠡᠨᠧᠷᠭᠢ᠎ᠶ᠋ᠢ ᠱᠢᠩᠭᠡᠭᠡᠬᠦ᠌᠎ᠳᠦ ᠱᠢᠨ᠎ᠡ ᠠᠷᠭ᠎ᠠ ᠵᠠᠮ ᠬᠠᠩᠭᠠᠪᠠ ᠁ ᠠᠯᠢ ᠣᠯᠠᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠨᠢ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠥᠷᠨᠢᠨ ᠬᠥᠭ᠌ᠵᠢᠬᠦ᠌᠎ᠶ᠋ᠢ ᠬᠦᠴᠦᠲᠡᠶ ᠠᠬᠢᠭᠤᠯᠪᠠ᠃  

ᠰᠠᠭᠤᠷᠢ ᠰᠤᠳᠤᠯᠭᠠᠨ ᠤ᠋ ᠰᠠᠭᠤᠷᠢ ᠵᠢ ᠪᠡᠬᠢᠵᠢᠭᠦᠯᠵᠦ᠍ ᠴᠢᠳᠠᠪᠤᠷᠢᠲᠠᠨ᠎ᠤ ᠬᠥᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠳᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ 《ᠠᠵᠢᠨᠠᠶ ᠬᠦᠯᠦᠭ ᠲᠥᠯᠥᠪᠯᠡᠭᠡ》 ᠪᠠᠷ ᠳᠡᠮᠵᠢᠨ ᠪᠡᠭᠡᠵᠢᠩ ᠶᠡᠬᠡ ᠰᠤᠷᠭᠠᠭᠤᠯᠢ᠎ᠡᠴᠡ ᠵᠠᠯᠠᠭᠤ ᠰᠤᠳᠤᠯᠤᠭ᠍ᠴᠢ ᠶᠠᠩ ᠯᠢ᠎ᠶ᠋ᠢ ᠣᠷᠢᠨ ᠠᠪᠴᠢᠷᠠᠵᠤ᠂ ᠶᠠᠭ ᠪᠦᠯᠬᠦᠮ᠎ᠢᠶᠡᠨ ᠳᠠᠭᠠᠭᠤᠯᠤᠨ ᠨᠢᠭᠡ ᠰᠡᠳᠭᠢᠯ᠎ᠢᠶᠡᠷ ᠪᠣᠭᠣᠮᠲᠠ ᠱᠢᠪᠲᠤᠯᠵᠤ ᠪᠣᠶ᠃ ᠲᠣᠰ ᠪᠦᠯᠬᠦᠮ ᠨᠢ ᠡᠭᠦᠨ᠎ᠡᠴᠡ ᠡᠮᠦᠨ᠎ᠡ ᠣᠯᠠᠨ ᠤᠯᠤᠰ᠎ᠤᠨ ᠲᠡᠷᠢᠭᠦᠨ ᠲᠠᠰ᠎ᠤᠨ ᠰᠡᠳᠬᠦᠯ ᠪᠣᠯᠬᠤ 《ᠡᠰ》 ᠰᠡᠳᠬᠦᠯ ᠳᠡᠭᠡᠷ᠎ᠡ ᠡᠬᠡ ᠪᠡᠶ᠎ᠡ᠎ᠶ᠋ᠢᠨ ᠡᠯᠢᠭᠡᠨ᠎ᠦ 《ᠡᠨᠧᠷᠭᠢ᠎ᠶ᠋ᠢᠨ ᠨᠢᠭᠤᠴᠠ ᠲᠡᠮᠳᠡᠭ》 ᠢ᠋ ᠢᠯᠡᠷᠡᠭᠦᠯᠦᠭ᠌ᠰᠡᠨ ᠴᠢᠬᠤᠯᠠ ᠦᠷ᠎ᠡ ᠪᠦᠲᠦᠭᠡᠯ᠎ᠢ ᠨᠡᠢᠲᠡᠯᠡᠵᠦ᠍᠂ ᠮᠠᠯ ᠠᠵᠤ ᠠᠬᠤᠶ᠎ᠶ᠋ᠢᠨ ᠲᠠᠰ ᠳᠡᠪᠱᠢᠬᠦ᠌᠎ᠳᠦ ᠱᠢᠨ᠎ᠡ ᠰᠡᠳᠭᠢᠮᠵᠢ ᠬᠠᠩᠭᠠᠭ᠍ᠰᠠᠨ ᠪᠠᠢᠨ᠎ᠠ᠃

ᠡᠨᠡ ᠪᠣᠯ ᠥᠪᠥᠷ ᠮᠣᠩᠭᠣᠯ᠎ᠤᠨ ᠰᠠᠭᠤᠷᠢ ᠰᠤᠳᠤᠯᠭᠠᠨ᠎ᠤ ᠣᠷᠣᠭᠤᠯᠤᠯᠲᠠ᠎ᠪᠠᠨ ᠨᠡᠮᠡᠭ᠌ᠳᠡᠭᠦᠯᠵᠦ᠍ ᠂ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠬᠦᠴᠦᠯᠡᠨ ᠱᠢᠢᠳᠪᠦᠷᠢᠯᠡᠭ᠌ᠰᠡᠨ᠎ᠦ ᠬᠤᠷᠢᠶᠠᠩᠭᠤᠢ ᠳᠦᠷᠰᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠰᠠᠭᠤᠷᠢ ᠰᠤᠳᠤᠯᠭᠠᠨ᠎ᠤ ᠬᠦᠷᠢᠶᠡᠨ᠎ᠦ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠲᠥᠷᠥᠯ ᠵᠦᠶ᠋ᠯ᠎ᠳᠦ 《ᠳᠠᠭᠠᠭᠠᠴᠢᠯᠠᠯᠲᠠ᠎ᠶ᠋ᠢᠨ ᠲᠦᠷᠢᠮ + ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》 ᠶ᠋ᠢᠨ ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠳᠤ ᠨᠠᠩ ᠶᠡᠬᠡ ᠵᠠᠷᠤᠳᠠᠯ ᠬᠡᠷᠡᠭ᠌ᠯᠡᠬᠦ᠌ ᠡᠵᠡᠨ ᠮᠡᠳᠡᠬᠦ᠌ ᠡᠷᠬᠡ ᠣᠯᠭᠣᠪᠠ᠃ 2025 ᠣᠨ᠎ᠳᠤ᠂ ᠪᠥᠬᠥ᠌ ᠣᠷᠣᠨ᠎ᠤ ᠰᠠᠭᠤᠷᠢ ᠰᠤᠳᠤᠯᠭᠠᠨ᠎ᠤ ᠵᠠᠷᠤᠳᠠᠯ 9.2 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 20.1% ᠪᠠᠷ ᠨᠡᠮᠡᠭ᠌ᠳᠡᠵᠦ᠍᠂ ᠣᠢᠷ᠎ᠠ᠎ᠶ᠋ᠢᠨ ᠳᠥᠷᠪᠡᠨ ᠵᠢᠯ᠎ᠳᠦ ᠨᠡᠢᠲᠡ 70% ᠱᠢᠬᠠᠮ ᠨᠡᠮᠡᠭ᠌ᠳᠡᠵᠡᠶ᠃

ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ ᠶᠠᠭ ᠴᠢᠨᠠᠷ ᠰᠠᠢᠲᠠᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠠ ᠪᠦᠳᠦᠬᠡᠯ ᠪᠣᠯᠤᠨ ᠬᠤᠪᠢᠷᠠᠵᠤ ᠪᠤᠢ᠃ ᠥᠪᠥᠷ ᠮᠣᠩᠭᠣᠯ᠎ᠳᠤ ᠨᠢᠭᠡ ᠪᠦᠯᠦᠭ ᠴᠢᠬᠤᠯᠠ ᠦᠷ᠎ᠡ ᠪᠦᠲᠦᠭᠡᠯ ᠪᠤᠢ ᠪᠤᠯᠪᠠ᠃ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠥᠨᠳᠥᠷ ᠬᠦᠶ᠋ᠲᠡᠨ ᠳ᠋ᠤ ᠬᠡᠷᠡᠭᠯᠡᠬᠦ ᠰᠠᠯᠬᠢᠨ᠎ᠤ ᠮᠠᠱᠢᠨ᠎ᠤ ᠱᠢᠩᠭᠡᠨ ᠲᠠᠷᠤᠴᠠᠳᠤ ᠲᠣᠰᠣ᠎ᠶ᠋ᠢ ᠬᠥᠳᠡᠯᠦᠩᠭᠦᠶ᠎ᠪᠡᠷ ᠬᠢᠨᠠᠨ ᠬᠡᠮᠵᠢᠬᠦ᠌ ᠱᠢᠰᠲ᠋ᠧᠮ ᠨᠢ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠬᠠᠴᠢᠨ ᠠᠭᠤᠷ ᠠᠮᠢᠰᠬᠤᠯ ᠪᠦᠬᠦᠢ ᠣᠷᠴᠢᠨ ᠨᠥᠬᠥᠴᠡᠯ ᠳᠤᠤᠷᠠᠬᠢ ᠠᠵᠢᠯᠯᠠᠭᠤᠯᠵᠤ ᠬᠠᠮᠠᠭᠠᠯᠠᠬᠤ ᠪᠡᠷᠬᠡ ᠰᠡᠳᠦᠪ᠎ᠢ ᠱᠢᠶ᠋ᠳᠪᠦᠷᠢᠯᠡᠪᠡ; 《ᠬᠤᠤᠰ ᠪᠤᠯᠴᠢᠩᠲᠤ ᠦᠬᠡᠷ》 ᠤ᠋ᠨ ᠱᠢᠨ᠎ᠡ ᠡᠭᠦᠯᠳᠡᠷ᠎ᠢ ᠠᠮᠵᠢᠯᠲᠠ᠎ᠲᠠᠶ ᠪᠣᠢᠵᠢᠭᠤᠯᠵᠤ᠂ ᠮᠢᠬᠠᠨ ᠤ᠋ ᠦᠬᠡᠷ᠎ᠦᠨ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠱᠢᠨ᠎ᠡ ᠠᠷᠭ᠎ᠠ ᠵᠠᠮ᠎ᠢ ᠨᠡᠭᠡᠭᠡᠪᠡ ᠁ ᠡᠲᠡᠭᠡᠷ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠳᠡᠮᠵᠢᠯᠭᠡ᠎ᠶ᠋ᠢ ᠣᠯᠤᠭ᠍ᠰᠠᠨ ᠲᠥᠷᠥᠯ ᠵᠦᠶ᠋ᠯ᠎ᠨᠢ ᠬᠥᠮᠦᠨ ᠲᠥᠷᠥᠯᠬᠢᠲᠡᠨ᠎ᠦ ᠲᠠᠨᠢᠨ ᠮᠡᠳᠡᠬᠦᠶ᠎ᠶ᠋ᠢᠨ ᠵᠠᠭᠠᠭ ᠬᠢᠵᠠᠭᠠᠷ᠎ᠢ ᠥᠷᠭᠡᠳᠭᠡᠭ᠌ᠰᠡᠨ᠎ᠢᠶᠡᠷ ᠪᠠᠷᠠᠬᠤ ᠥᠬᠡᠶ᠂ ᠠᠵᠤ ᠦᠶ᠋ᠯᠡᠰ᠎ᠦᠨ ᠬᠥᠭ᠌ᠵᠢᠯᠲᠡ᠎ᠳᠦ ᠴᠦ᠍ ᠠᠮᠢᠵᠢᠷᠠᠯ᠎ᠤᠨ ᠬᠦᠴᠦᠨ ᠨᠡᠮᠡᠷᠢᠯᠡᠭ᠌ᠰᠡᠨ ᠪᠠᠢᠨ᠎ᠠ᠃

ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠡᠷᠬᠡ ᠣᠯᠭᠣᠬᠤ ᠥᠭᠡᠷᠡᠴᠢᠯᠡᠯᠲᠡ᠎ᠪᠡᠷ ᠳᠡᠮᠵᠢᠨ᠂ ᠦᠷ᠎ᠡ ᠪᠦᠲᠦᠭᠡᠯ᠎ᠢ ᠤᠨᠳᠤᠤᠱᠢᠭᠤᠯᠬᠤ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ 《ᠲᠤᠰᠭᠠᠶ ᠠᠱᠢᠭ᠎ᠢ ᠦᠨ᠎ᠡ ᠬᠠᠩᠱᠢᠯᠠᠨ ᠬᠤᠪᠢ ᠣᠷᠣᠭᠤᠯᠵᠤ ᠪᠣᠯᠤᠨ᠎ᠠ᠂ ᠰᠤᠳᠤᠯᠤᠨ ᠨᠡᠭᠡᠭᠡᠬᠦ᠌ ᠪᠦᠯᠬᠦᠮ ᠪᠠᠰᠠ ᠰᠲ᠋ᠣᠺ᠎ᠤᠨ ᠡᠷᠬᠡ᠎ᠶ᠋ᠢᠨ ᠤᠷᠮᠠᠱᠢᠭᠤᠯᠤᠯ᠎ᠢ ᠣᠯᠵᠤ ᠪᠣᠯᠤᠨ᠎ᠠ᠂ ᠡᠨᠡ ᠨᠢ ᠪᠢᠳᠡᠨ᠎ᠦ ᠲᠤᠷᠱᠢᠯᠲᠠ᠎ᠶ᠋ᠢᠨ ᠲᠠᠰᠤᠭ᠎ᠤᠨ ᠮᠡᠷᠭᠡᠵᠢᠯ᠎ᠢ ᠵᠠᠬ᠎ᠠ ᠳᠡᠯᠭᠡᠭᠦᠷ᠎ᠲᠦ ᠭᠠᠷᠭᠠᠬᠤ ᠬᠥᠳᠡᠯᠭᠡᠬᠦ᠌ ᠬᠦᠴᠦᠨ᠎ᠢ ᠲᠤᠢᠯ᠎ᠤᠨ ᠶᠡᠬᠡ᠎ᠪᠡᠷ ᠨᠡᠮᠡᠭ᠌ᠳᠡᠭᠦᠯᠪᠡ》 ᠭᠡᠵᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠯᠢᠦ ᠬᠣᠶ ᠮᠢᠨ ᠭᠦᠨ ᠲᠥᠷᠥᠭ᠌ᠳᠡᠯ᠎ᠲᠡᠶ ᠬᠡᠯᠡᠪᠡ᠃

2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ ᠲᠤᠷᠠᠳᠤᠬᠰᠠᠨ 《ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ》 ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠬᠥᠭ᠌ᠵᠢᠯᠲᠡ᠎ᠶ᠋ᠢᠨ ᠪᠥᠬᠥ᠌ ᠲᠠᠯ᠎ᠠ᠎ᠶ᠋ᠢᠨ ᠭᠤᠤᠯ ᠪᠠᠢᠷᠢᠨ᠎ᠳᠤ ᠲᠠᠯᠪᠢᠵᠤ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠤ ᠬᠣᠭᠣᠷᠣᠨᠳᠣᠬᠢ ᠰᠠᠢᠨ ᠰᠠᠢᠬᠠᠨ ᠬᠦᠳᠡᠯᠦᠯᠴᠡᠬᠡ ᠵᠢ ᠬᠦᠴᠦᠯᠡᠨ ᠨᠡᠪᠲᠡᠷᠡᠭᠦᠯᠪᠡ᠃ 《ᠴᠢᠳᠠᠪᠤᠷᠢᠲᠠᠨ᠎ᠤ ᠬᠥᠭ᠌ᠵᠢᠯᠲᠡ᠎ᠶ᠋ᠢ ᠠᠬᠢᠭᠤᠯᠬᠤ ᠳᠦᠷᠢᠮ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ 《30 ᠵᠤᠷᠪᠤᠰ》 ᠵᠢᠡᠷ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠵᠣᠯᠭᠠᠭᠤᠯᠵᠤ᠂ ᠣᠷᠣᠨ ᠨᠤᠲᠤᠭ᠎ᠤᠨ ᠣᠨᠴᠠᠯᠢᠭ᠎ᠲᠠᠶ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠢ᠋ ᠪᠠᠢᠭᠤᠯᠪᠠ᠃

ᠪᠥᠬᠥ᠌ ᠣᠷᠣᠨ᠎ᠢᠶᠡᠷ᠎ᠢᠶᠡᠨ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠴᠢᠩᠭᠠᠳᠬᠠᠬᠤ ᠣᠨ》 ᠤ᠋ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ 《ᠤᠨᠢᠨ ᠲᠡᠬᠡᠷ᠎ᠡ ᠨᠢ ᠲᠠᠢᠯᠤᠮᠵᠢ ᠬᠢᠬᠦ᠌ + ᠬᠠᠨᠳᠤᠯᠭᠠᠲᠤ ᠦᠶ᠋ᠯᠡᠴᠢᠯᠡᠭᠡ ᠬᠠᠩᠭᠠᠬᠤ + ᠣᠷᠳᠣ ᠬᠤᠭᠤᠴᠠᠭ᠎ᠠ  ᠪᠦᠲᠦᠮᠵᠢᠲᠡᠶ ᠨᠠᠢᠳᠠᠪᠤᠷᠢᠵᠢᠭᠤᠯᠬᠤ》 ᠬᠠᠮ ᠠᠷᠭ᠎ᠠ ᠬᠡᠮᠵᠢᠶ᠎ᠡ᠎ᠪᠡᠷ ᠳᠠᠮᠵᠢᠨ᠂ ᠲᠥᠷᠥ᠎ᠶ᠋ᠢᠨ ᠪᠣᠳᠣᠯᠭ᠎ᠠ᠎ᠶ᠋ᠢᠨ ᠴᠡᠪᠡᠷ ᠠᠱᠢᠭ᠎ᠢ ᠱᠢᠨ᠎ᠡ᠎ᠶ᠋ᠢ ᠡᠭᠦᠳᠬᠦ᠌ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠡᠭᠦᠨ᠎ᠦ ᠬᠠᠮᠲᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠤᠷᠲᠠᠯ ᠪᠣᠯᠤᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠷᠴᠢᠨ ᠨᠦᠬᠦᠴᠡᠯ᠎ᠢ ᠪᠤᠢ ᠪᠣᠯᠭᠠᠪᠠ᠃

ᠴᠠᠭ ᠦᠶ᠎ᠡ᠎ᠶ᠋ᠢᠨ ᠬᠦᠴᠦᠳᠦ ᠰᠠᠯᠬᠢᠨ᠎ᠤ ᠡᠷᠴᠢᠨ ᠳᠡᠭᠡᠷ᠎ᠡ᠂ ᠡᠷᠡᠯᠬᠡᠭ᠌ᠯᠡᠨ ᠤᠷᠤᠭ᠍ᠰᠢᠯᠠᠬᠤ ᠰᠢᠨ᠎ᠠ ᠠᠶᠠᠨ ᠳ᠋ᠤ ᠮᠤᠷᠳᠠᠨ᠎ᠠ᠃ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠠᠷᠢᠯᠢᠭ ᠤᠨᠤᠪᠴᠢᠳᠠᠢ ᠪᠣᠳᠠᠲᠠᠶ᠎ᠶ᠋ᠢ ᠡᠷᠬᠢᠮᠯᠡᠭᠰᠡᠨ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠳᠤ ᠲᠦᠱᠢᠭ᠌ᠯᠡᠨ᠂ ᠱᠢᠨ᠎ᠡ᠎ᠶ᠋ᠢ ᠡᠭᠦᠳᠬᠦ᠌ ᠡᠬᠢ ᠡᠭᠦᠰᠦᠯ᠎ᠡᠴᠡ ᠠᠪᠤᠭᠠᠳ ᠠᠵᠤ ᠦᠶ᠋ᠯᠡᠰ᠎ᠦᠨ ᠬᠡᠷᠡᠭ᠌ᠯᠡᠭᠡᠨ᠎ᠳᠦ ᠬᠥᠷᠳᠡᠯᠡᠬᠢ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭᠠᠨ᠎ᠤ ᠬᠡᠯᠬᠢᠶ᠎ᠡ᠎ᠶ᠋ᠢ ᠪᠠᠢᠭᠤᠯᠵᠤ᠂ ᠬᠠᠮᠵᠢᠯᠴᠠᠭ᠍ᠰᠠᠨ ᠥᠨᠳᠥᠷ ᠪᠦᠲᠦᠮᠵᠢᠲᠡᠶ᠂ ᠨᠡᠭᠡᠭᠡᠯᠲᠡ ᠲᠡᠶ ᠪᠠᠭ᠍ᠲᠠᠭᠠᠮᠵᠢᠲᠠᠶ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠴᠣᠭ᠍ᠴᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯᠯᠠᠬᠤ ᠥᠷᠢᠰᠥᠯᠳᠦᠬᠦ᠌ ᠬᠦᠴᠦᠨ᠎ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠲᠤ ᠪᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ ᠨᠡᠮᠡᠷᠢᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号