ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠦ ᠪᠦᠯᠬᠦᠮ᠎ᠦᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ ᠶ᠋ᠢ ᠰᠣᠨᠣᠰᠪᠠ
2026-03-21 10:33:34
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠵᠠᠢ


3 ᠰᠠᠷ᠎ᠠ᠎ᠶ᠋ᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠦ ᠪᠦᠯᠬᠦᠮ᠎ᠦᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠤᠯᠪᠤᠬᠳᠠᠯ ᠪᠥᠬᠥᠶ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠰᠢ ᠵᠢᠨ ᠫᠢᠩ᠎ᠦᠨ ᠬᠠᠤᠯᠢ ᠪᠡᠷ ᠵᠠᠰᠬᠠᠤ ᠦᠵᠡᠯ ᠰᠠᠨᠠᠭ᠎ᠠ᠎ᠶ᠋ᠢ ᠰᠤᠷᠤᠯᠴᠠᠬᠤ᠎ᠶ᠋ᠢ ᠤᠷᠳᠤ ᠬᠤᠭᠤᠴᠠᠭᠠᠨ᠎ᠤ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠪᠠᠢᠩᠭᠤᠵᠢᠭ᠍ᠰᠠᠨ ᠰᠤᠷᠤᠯᠴᠠᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠭᠦᠨᠵᠡᠭᠡᠢ ᠰᠤᠷᠤᠯᠴᠠᠨ ᠲᠤᠭᠤᠰᠢᠳᠠᠢ ᠣᠢᠯᠠᠭᠠᠵᠤ᠂ ᠨᠡᠪᠳᠡᠷᠡᠳᠡᠯ᠎ᠡ ᠣᠢᠯᠠᠭᠠᠵᠤ᠂ ᠮᠡᠳᠡᠬᠦᠢ ᠬᠢᠬᠦᠢ᠎ᠪᠡᠨ ᠨᠢᠭᠡᠳᠭᠡᠬᠦ᠌ ᠳᠡᠭᠡᠷ᠎ᠡ ᠬᠦᠴᠦ᠍ ᠣᠷᠣᠭᠤᠯᠵᠤ ᠪᠣᠳᠠᠲᠤ ᠦᠷ᠎ᠡ ᠪᠦᠲᠦᠮᠵᠢ ᠤᠯᠬᠤ ᠬᠡᠷᠡᠭ᠌ᠲᠡᠢ᠃ ᠰᠢ ᠵᠢᠨ ᠫᠢᠩ᠎ᠦᠨ ᠬᠠᠤᠯᠢ ᠪᠡᠷ ᠵᠠᠰᠬᠠᠤ ᠦᠵᠡᠯ ᠰᠠᠨᠠᠭ᠎ᠠ᠎ᠪᠠᠷ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠦᠢᠯᠡᠳᠦᠯᠭᠡ᠎ᠶ᠋ᠢ ᠬᠦᠳᠦᠯᠦᠨ ᠳᠠᠭᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠣᠣᠯᠴᠢ ᠪᠠᠷ ᠬᠠᠤᠯᠢ ᠪᠠᠷᠢᠬᠤ᠂ ᠪᠦᠬᠦ᠌ ᠠᠷᠠᠳ᠎ᠢᠶᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ᠎ᠦᠨ ᠠᠵᠢᠯ᠎ᠤᠨ ᠬᠠᠤᠯᠢ ᠪᠡᠷ ᠵᠠᠰᠠᠬᠤ ᠵᠠᠮ᠎ᠢᠶᠠᠷ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠠᠤᠯᠢ ᠪᠡᠷ ᠵᠠᠰᠬᠠᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠲᠣᠪᠣᠢᠮ᠎ᠠ ᠪᠠᠢᠷᠢᠨ᠎ᠳᠤ ᠳᠡᠯᠪᠢᠨ ᠠᠳᠭᠤᠵᠤ᠂ ᠵᠠᠰᠠᠭ᠎ᠤᠨ ᠣᠷᠳᠣᠨ᠎ᠤ ᠪᠠᠢᠭᠤᠯᠤᠮᠵᠢ᠂ ᠡᠭᠦᠷᠭᠡ ᠴᠢᠳᠠᠪᠬᠢ᠂ ᠡᠷᠬᠡ᠎ᠶ᠋ᠢᠨ ᠬᠢᠵᠠᠭᠠᠷ᠂ ᠲᠠᠰ ᠳᠠᠷᠠᠭᠠᠯᠠᠯ᠂ ᠬᠠᠷᠢᠭᠤᠴᠠᠯᠭ᠎ᠠ᠎ᠶ᠋ᠢ ᠬᠠᠤᠯᠢ᠎ᠪᠠᠷ ᠲᠣᠭ᠍ᠲᠠᠭᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶ᠋ᠢ ᠬᠦᠴᠦᠯᠡᠨ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠡᠵᠡᠩᠨᠡᠯᠲᠡ᠎ᠶ᠋ᠢᠨ ᠭᠣᠣᠯ ᠴᠣᠭ᠍ᠴᠠ ᠪᠣᠯᠤᠨ ᠠᠵᠢᠯ ᠶᠠᠪᠤᠳᠠᠯ ᠭᠦᠢᠴᠡᠳᠭᠡᠬᠦ᠌ ᠤᠯᠠᠨ ᠲᠦᠮᠡᠨ᠎ᠦ ᠨᠡᠢᠳᠡᠮ ᠠᠩᠬᠠᠷᠴᠤ᠌ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦᠯᠡᠨ ᠱᠢᠢᠳᠪᠦᠷᠢᠯᠡᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠤᠯᠡᠨ ᠪᠤᠢ ᠪᠣᠯᠭᠠᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠲᠦᠷᠦᠭᠦᠯᠡᠨ ᠬᠠᠤᠯᠢ᠎ᠪᠠᠷ ᠵᠠᠰᠠᠬᠤ᠎ᠶ᠋ᠢ ᠬᠦᠨᠳᠦᠳᠭᠡᠵᠦ᠍᠂ ᠬᠠᠤᠯᠢ ᠴᠠᠭᠠᠵᠠ᠎ᠡᠴᠡ ᠪᠢᠰᠢᠷᠡᠨ ᠵᠢᠷᠤᠭᠡᠰᠢᠶᠡᠵᠤ᠂ ᠤᠬᠠᠮᠰᠠᠷ᠎ᠡᠴᠡ᠎ᠪᠠᠨ ᠬᠠᠤᠯᠢ᠎ᠪᠠᠷ ᠵᠠᠰᠠᠬᠤ ᠰᠡᠳᠭᠢᠬᠦᠢ᠎ᠪᠡᠷ ᠡᠷᠬᠡ᠎ᠶ᠋ᠢᠨ ᠠᠵᠢᠯᠯᠠᠭᠠᠨ᠎ᠢ ᠰᠢᠯᠭᠠᠵᠤ᠂ ᠬᠠᠤᠯᠢ ᠪᠡᠷ ᠵᠠᠰᠠᠬᠤ ᠠᠷᠭ᠎ᠠ ᠬᠡᠯᠪᠡᠷᠢ᠎ᠪᠡᠷ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠠᠤᠯᠢ ᠪᠡᠷ ᠵᠠᠰᠬᠠᠤ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠲᠦᠷᠦᠭᠦᠯᠡᠨ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠨ ᠲᠦᠮᠡᠨ᠎ᠦ ᠪᠦᠯᠬᠦᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠤᠯᠠᠨ ᠲᠦᠮᠡᠨ᠎ᠦ ᠪᠦᠯᠬᠦᠮ᠎ᠦᠨ ᠠᠵᠢᠯ᠎ᠢ ᠭᠦᠨᠵᠡᠭᠡᠢ ᠰᠦᠪᠡᠭ᠌ᠴᠢᠯᠡᠵᠦ᠍ ᠪᠣᠳᠠᠲᠠᠢ ᠬᠢᠵᠦ᠍᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ᠎ᠳᠤ ᠤᠶᠤᠨ ᠤᠬᠠᠭᠠᠨ ᠪᠠ ᠬᠦᠴᠦᠨ ᠴᠢᠳᠠᠯ ᠬᠤᠷᠠᠮᠳᠤᠭᠤᠯᠵᠤ ᠥᠭ᠌ᠬᠦ᠎ᠪᠡᠷ ᠴᠢᠷᠮᠠᠢᠬᠤ ᠬᠡᠷᠡᠭ᠌ᠲᠡᠢ᠃ ᠤᠯᠠᠨ ᠲᠦᠮᠡᠨ᠎ᠦ ᠪᠦᠯᠬᠦᠮ᠎ᠦᠨ ᠠᠵᠢᠯ᠎ᠤᠨ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠨᠠᠮ᠎ᠤᠨ ᠱᠢᠨ᠎ᠡ᠎ᠡᠬᠦᠳᠤᠯᠳᠠ ᠵᠢᠨ ᠤᠨᠤᠯ᠎ᠢᠶᠠᠷ ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ ᠵᠢ ᠴᠦᠬᠦᠷᠡᠰᠢ ᠦᠭᠡᠢ ᠪᠠᠷᠢᠮᠳᠠᠯᠠᠵᠤ᠂ ᠥᠷᠭᠡᠨ ᠤᠯᠠᠨ ᠲᠦᠮᠡᠨ ᠤ᠋ 《ᠲᠠᠪᠤᠨ ᠬᠠᠮᠲᠤ᠎ᠶ᠋ᠢᠨ ᠲᠠᠨᠢᠯᠲᠠ》 ᠪᠡᠨ ᠨᠡᠮᠡᠭ᠌ᠳᠡᠭᠦᠯᠬᠦ ᠵᠢ ᠬᠦᠳᠤᠯᠤᠨ ᠵᠢᠯᠤᠭᠤᠳᠴᠤ᠂ ᠨᠡᠩ ᠴᠢᠩ ᠰᠡᠳᠭᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠯᠤᠭ᠎ᠠ ᠨᠢᠭ᠍ᠲᠠ ᠤᠶᠠᠯᠳᠤᠭᠤᠯᠤᠨ᠂ ᠣᠯᠠᠨ ᠲᠦᠮᠡᠨ᠎ᠦ ᠪᠦᠯᠬᠦᠮ᠎ᠦᠨ ᠡᠭᠦᠷᠭᠡ ᠴᠢᠳᠠᠪᠬᠢ᠎ᠳᠤ ᠰᠠᠭᠤᠷᠢᠯᠠᠨ᠂ ᠣᠯᠠᠨ ᠲᠦᠮᠡᠨ᠎ᠦ ᠪᠦᠯᠬᠦᠮ᠎ᠦᠨ ᠳᠠᠪᠠᠭᠤᠯᠢᠭ᠎ᠢ ᠪᠠᠳᠠᠷᠠᠭᠤᠯᠵᠤ᠂ ᠬᠠᠷᠢᠯᠴᠠᠵᠤ ᠪᠠᠢᠭ᠎ᠠ ᠣᠯᠠᠨ ᠲᠦᠮᠡᠨ᠎ᠢ ᠵᠣᠬᠢᠶᠠᠨ ᠪᠠᠢᠭᠤᠯᠵᠤ ᠳᠠᠢᠴᠢᠯᠠᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠲᠡᠢᠨ᠎ᠦ ᠲᠠᠯᠠᠪᠤᠷ᠎ᠲᠤ ᠭᠠᠪᠢᠶ᠎ᠠ ᠪᠠᠢᠭᠤᠯᠤᠨ ᠦᠶ᠋ᠯᠡᠰ ᠪᠦᠲᠦᠭᠡᠬᠦ᠌ ᠬᠡᠷᠡᠭ᠌ᠲᠡᠶ᠃ ᠬᠥᠭᠥᠷᠭᠡ ᠬᠣᠯᠪᠣᠭᠠᠰᠤ᠎ᠶ᠋ᠢᠨ ᠦᠢᠯᠡᠳᠦᠯ ᠵᠢᠡᠨ ᠭᠦᠢᠴᠡᠳ ᠪᠠᠳᠠᠷᠠᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠬᠠᠷᠢᠯᠴᠠᠵᠤ ᠪᠠᠢᠭ᠎ᠠ ᠤᠯᠠᠨ ᠲᠦᠮᠡᠨ᠎ᠤ᠋ ᠬᠦᠴᠢᠷ ᠵᠣᠪᠠᠭᠤᠷᠢ᠎ᠶ᠋ᠢ ᠱᠢᠢᠳᠪᠦᠷᠢᠯᠡᠵᠤ᠂ ᠦᠵᠡᠯ ᠰᠠᠨᠠᠭ᠎ᠠ᠎ᠪᠠᠨ ᠨᠢᠭᠡᠳᠭᠡᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠵᠥᠷᠢᠴᠡᠯ᠎ᠢ ᠱᠢᠢᠳᠪᠦᠷᠢᠯᠡᠬᠦ᠌᠂ ᠬᠠᠢᠷ᠎ᠠ ᠰᠡᠳᠭᠢᠯᠭᠡ᠎ᠪᠡᠨ ᠵᠤᠵᠠᠭᠠᠳᠬᠠᠬᠤ᠂ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌ ᠠᠵᠢᠯ᠎ᠢ ᠢᠯᠡᠭᠦᠬᠡᠨ ᠬᠢᠬᠦ᠌ ᠬᠡᠷᠡᠭ᠌ᠲᠡᠢ᠃ ᠣᠯᠠᠨ ᠲᠦᠮᠡᠨ᠎ᠦ ᠪᠦᠯᠬᠦᠮ᠎ᠦᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠦ ᠪᠦᠯᠬᠦᠮ᠎ᠦᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号