ᠶᠠᠭᠤ ᠵᠢ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ ᠭᠡᠬᠦ ᠵᠢ ᠲᠣᠳᠣᠷᠬᠠᠢ ᠤᠢᠯᠠᠭᠠᠰᠤᠭᠠᠢ
2026-03-21 11:03:45
ᠵᠣᠬᠢᠶᠠᠭ᠍ᠴᠢ᠄
ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠬᠤᠶᠠᠷᠳᠠ ᠦᠬᠦᠯᠡᠬᠦ ᠨᠢ


ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠪᠣᠶ ᠪᠣᠯᠭᠠᠬᠤ ᠪᠣᠯ ᠠᠵᠢᠯ ᠬᠢᠵᠦ᠍ ᠦᠶ᠋ᠯᠡᠰ ᠪᠤᠰᠬᠠᠬᠤ ᠥᠷᠲᠡᠭ᠎ᠦᠨ ᠬᠥᠭᠡᠭᠡᠴᠡᠯᠳᠦᠯ ᠮᠥᠨ᠂ ᠪᠠᠰᠠ ᠴᠤ᠌ ᠬᠠᠮᠢᠭ᠎ᠠ ᠨᠤᠶᠠᠨ ᠰᠠᠭᠤᠪᠡᠯ ᠲᠡᠨᠳᠡ ᠵᠠᠰᠠᠭ ᠡᠷᠬᠢᠯᠡᠬᠦ ᠵᠢᠨ ᠡᠷᠬᠡᠪᠰᠢ ᠰᠠᠢᠲᠤᠷ ᠬᠠᠷᠢᠭᠤᠯᠬᠤ ᠬᠡᠷᠡᠭ᠌ᠲᠡᠶ ᠰᠡᠳᠦᠪ ᠮᠥᠨ᠃ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠢᠯᠠ ᠲᠣᠳᠣ ᠪᠠ ᠳᠠᠯᠳᠠ᠂ ᠣᠢᠷ᠎ᠠ ᠪᠠ ᠬᠣᠯᠠ᠂ ᠬᠡᠢᠰᠪᠦᠷᠢ ᠪᠠ ᠪᠣᠳᠠᠲᠠᠶ᠎ᠶ᠋ᠢ ᠬᠤᠪᠢᠰᠤᠩᠭᠤᠶ᠎ᠪᠠᠷ ᠨᠢᠭᠡᠳᠭᠡᠬᠦ᠌ ᠳᠤᠮᠳᠠ ᠶᠠᠭᠤ᠎ᠶ᠋ᠢ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ ᠭᠡᠬᠦ᠌᠎ᠶ᠋ᠢ ᠲᠣᠳᠣᠷᠬᠠᠢ ᠤᠢᠯᠠᠭᠠᠵᠤ᠂ ᠶᠠᠮᠠᠷ ᠶᠠᠩᠵᠤ᠎ᠶ᠋ᠢᠨ ᠠᠵᠢᠯ᠎ᠤᠨ ᠪᠦᠲᠦᠮᠵᠢ ᠭᠠᠷᠭᠠᠬᠤ᠎ᠶ᠋ᠢ ᠲᠣᠳᠣᠷᠬᠠᠢ ᠤᠢᠯᠠᠭᠠᠬᠤ ᠬᠡᠷᠡᠭ᠌ᠲᠡᠶ᠃

ᠢᠯᠡ ᠪᠠ ᠳᠠᠯᠳᠠ᠎ᠶ᠋ᠢ ᠨᠢᠭᠡᠳᠦᠯᠲᠡᠶ ᠲᠥᠯᠥᠪᠵᠢᠬᠦᠯᠬᠦ ᠭᠡᠷᠡᠭᠳᠠᠢ᠃ ᠢᠯᠡ ᠠᠮᠵᠢᠯᠲᠠ ᠪᠦᠲᠦᠮᠵᠢ ᠠᠪᠤᠨ ᠳᠤᠤᠷ᠎ᠠ᠎ᠪᠠᠨ ᠦᠷ᠎ᠡ ᠪᠦᠲᠦᠮᠵᠢ ᠣᠯᠵᠤ᠂ ᠣᠯᠠᠨ ᠲᠦᠮᠡᠨ᠎ᠦ ᠣᠳᠣᠬᠠᠨ᠎ᠤ ᠬᠦᠰᠡᠯ ᠡᠷᠡᠮᠡᠯᠵᠡᠯ᠎ᠳᠦ ᠲᠦᠷᠭᠡᠨ ᠬᠠᠷᠢᠭᠤᠯᠲᠠ ᠥᠭ᠌ᠬᠦ ᠭᠡᠷᠡᠭᠳᠠᠢ; ᠳᠠᠯᠳᠠ ᠠᠮᠵᠢᠯᠲᠠ ᠪᠦᠳᠦᠮᠵᠢ ᠨᠢ ᠢᠯᠡᠷᠭᠡᠢ ᠪᠢᠰᠢ ᠪᠣᠯᠪᠠᠴᠤ᠌ ᠢᠷᠡᠭᠡᠳᠦᠶ᠎ᠲᠡᠶ ᠬᠣᠯᠪᠣᠭ᠍ᠳᠠᠵᠤ᠂ ᠴᠢᠨᠠᠭ᠍ᠰᠢᠯᠠᠪᠠᠯ ᠠᠵᠢᠯ ᠦᠶ᠋ᠯᠡᠰ᠎ᠦᠨ ᠮᠠᠨᠳᠤᠵᠤ ᠪᠠᠭᠤᠷᠠᠬᠤ ᠢᠯᠠᠵᠤ ᠢᠯᠠᠭ᠍ᠳᠠᠬᠤ᠎ᠶ᠋ᠢ ᠲᠣᠭ᠍ᠲᠠᠭᠠᠵᠤ ᠪᠠᠢᠳᠠᠭ᠃ ᠲᠠᠯᠳᠠ ᠪᠠᠢᠬᠤ ᠨᠢ ᠢᠯᠠ ᠪᠠᠢᠬᠤ ᠵᠢᠨ ᠰᠠᠭᠤᠷᠢ ᠮᠥᠨ᠂ ᠢᠯᠡ ᠪᠠᠢᠬᠤ ᠨᠢ ᠲᠠᠯᠳᠠ ᠪᠠᠢᠬᠤ᠎ᠶ᠋ᠢᠨ ᠦᠷ᠎ᠡ ᠳ᠋ᠦᠩ ᠮᠥᠨ᠂ ᠡᠨᠡ ᠬᠣᠶᠠᠷ ᠪᠣᠯ ᠴᠥᠮ ᠵᠠᠰᠠᠭ᠎ᠤᠨ ᠠᠵᠢᠯ᠎ᠤᠨ ᠪᠦᠲᠦᠮᠵᠢ ᠮᠥᠨ᠂ ᠠᠯᠢ᠎ᠶ᠋ᠢ ᠨᠢ ᠴᠦ᠍ ᠣᠮᠲᠣᠭᠠᠢᠯᠠᠵᠤ ᠪᠣᠯᠬᠤ ᠦᠭᠡᠢ᠃ ᠵᠥᠪᠬᠡᠨ ᠢᠯᠠ ᠠᠮᠵᠢᠯᠲᠠ ᠪᠦᠳᠦᠮᠵᠢ᠎ᠶ᠋ᠢ ᠠᠳᠭᠤᠵᠤ᠂ ᠲᠠᠯᠳᠠ ᠠᠮᠵᠢᠯᠲᠠ ᠪᠦᠳᠦᠮᠵᠢ᠎ᠶ᠋ᠢ ᠠᠳᠭᠤᠬᠤ ᠦᠭᠡᠢ ᠪᠠᠢᠬᠤ ᠪᠣᠯ ᠨᠢᠳᠤᠨ ᠡᠮᠦᠨᠡᠬᠢ ᠪᠡᠨ ᠯᠡ ᠪᠤᠳᠤᠬᠤ ᠠᠵᠢᠯᠯᠠᠭ᠎ᠠ ᠮᠥᠨ᠂ ᠶᠠᠭ ᠨᠠᠭᠤᠷ ᠱᠢᠷᠭᠢᠭᠡᠵᠦ᠍ ᠵᠢᠭᠠᠰᠤ ᠪᠠᠷᠢᠬᠤ᠂ ᠲᠠᠬᠢᠶ᠎ᠠ ᠠᠯᠠᠵᠤ ᠥᠨᠳᠡᠭᠡ ᠠᠪᠬᠤ᠎ᠲᠠᠶ ᠠᠳᠠᠯᠢ᠎ᠪᠠᠷ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠠᠷᠭ᠎ᠠ ᠦᠭᠡᠢ ᠶᠤᠮ᠃ ᠵᠥᠪᠬᠡᠨ ᠲᠠᠯᠳᠠ ᠠᠮᠵᠢᠯᠳᠠ ᠪᠦᠲᠦᠮᠵᠢ᠎ᠶ᠋ᠢ ᠠᠳᠭᠤᠵᠤ᠂ ᠢᠯᠠ ᠠᠮᠵᠢᠯᠳᠠ ᠪᠦᠲᠦᠮᠵᠢ᠎ᠶ᠋ᠢ ᠣᠮᠲᠣᠭᠠᠢᠯᠠᠪᠠᠯ᠂ ᠠᠮᠠᠷᠬᠠᠨ᠎ᠢᠶᠠᠷ ᠠᠵᠢᠯ᠎ᠤᠨ ᠭᠠᠷᠳᠠᠴᠠ ᠳᠤᠲᠠᠭ᠍ᠳᠠᠵᠤ᠂ ᠤᠯᠠᠨ ᠲᠦᠮᠡᠨ᠎ᠦ ᠲᠤᠯᠭᠠᠮ ᠬᠦᠰᠡᠯ ᠡᠷᠡᠮᠡᠯᠵᠡᠯ᠎ᠳᠦ ᠬᠠᠷᠢᠭᠤ ᠥᠭ᠌ᠬᠦ ᠳ᠋ᠤ ᠪᠡᠷᠬᠡ ᠪᠣᠯᠤᠨ᠎ᠠ᠃ ᠡᠨᠡ ᠨᠢ ᠳᠠᠷᠤᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠢᠯᠡ ᠠᠮᠵᠢᠯᠲᠠ ᠪᠦᠲᠦᠮᠵᠢ᠎ᠶ᠋ᠢᠨ ᠬᠥᠭᠡᠭᠡᠴᠡᠯᠳᠦᠯ᠎ᠲᠡᠶ ᠪᠠᠢᠬᠤ᠎ᠪᠦᠭᠡᠳ ᠪᠠᠰᠠ ᠲᠠᠯᠳᠠ ᠠᠮᠵᠢᠯᠲᠠ ᠪᠦᠳᠤᠮᠵᠢ ᠵᠢᠨ ᠲᠤᠬᠳᠠᠯ ᠬᠦᠴᠦᠨ᠎ᠲᠡᠶ ᠪᠠᠢᠵᠤ᠂ ᠠᠷᠠᠳ ᠤᠯᠠᠨ᠎ᠳᠤ ᠦᠵᠡᠭ᠌ᠳᠡᠬᠦ᠌᠂ ᠮᠡᠳᠡᠷᠡᠭᠳᠡᠬᠦ᠂ ᠪᠣᠳᠠᠲᠠᠢ ᠠᠱᠢᠭ ᠬᠦᠷᠲᠡᠭᠡᠬᠦ᠌ ᠪᠣᠳᠠᠲᠤ ᠶᠠᠪᠤᠳᠠᠯ ᠬᠢᠬᠦ ᠪᠦᠭᠡᠳ ᠪᠠᠰᠠ ᠬᠣᠵᠢᠮ᠎ᠤᠨ ᠬᠥᠮᠦᠰ᠎ᠲᠦ ᠵᠠᠮ ᠲᠡᠪᠢᠰᠴᠤ᠂ ᠰᠠᠭᠤᠷᠢ ᠲᠠᠯᠪᠢᠬᠤ᠂ ᠠᠯᠤᠰ ᠬᠡᠳᠤ᠎ᠳᠦ ᠠᠱᠢᠭ᠍ᠲᠠᠢ ᠰᠠᠢ᠌ᠨ ᠶᠠᠪᠤᠳᠠᠯ ᠬᠢᠵᠦ᠍᠂ ᠲᠠᠯᠳᠠ ᠠᠮᠵᠢᠯᠲᠠ ᠪᠦᠳᠦᠮᠵᠢ᠎ᠪᠠᠷ ᠰᠠᠭᠤᠷᠢ᠎ᠶ᠋ᠢ ᠴᠣᠭ᠍ᠴᠠᠯᠠᠵᠤ᠂ ᠢᠯᠡ ᠠᠮᠵᠢᠯᠲᠠ ᠪᠦᠳᠦᠮᠵᠢ᠎ᠪᠠᠷ ᠠᠷᠠᠳ᠎ᠤᠨ ᠰᠡᠳᠭᠢᠯ᠎ᠢ ᠳᠤᠯᠠᠭᠠᠴᠠᠭᠤᠯᠬᠤ᠎ᠶ᠋ᠢ ᠱᠠᠭᠠᠷᠳᠠᠵᠤ ᠪᠠᠢᠨ᠎ᠠ᠃

ᠤᠢᠷ᠎ᠠ ᠪᠠ ᠬᠣᠯᠠ᠎ᠶ᠋ᠢ ᠬᠠᠮᠲᠤ᠎ᠳᠤᠨᠢ ᠬᠠᠷᠠᠭᠠᠯᠵᠠᠬᠤ ᠭᠡᠷᠡᠭᠳᠠᠢ᠃ ᠣᠳᠣᠬᠠᠨ᠎ᠤ ᠠᠷᠠᠳ᠎ᠤᠨ ᠠᠮᠢᠳᠤᠷᠠᠯ᠎ᠳᠤ ᠰᠠᠭᠤᠷᠢᠯᠠᠬᠤ ᠪᠣᠯ ᠬᠠᠷᠢᠭᠤᠴᠠᠯᠭ᠎ᠠ ᠮᠥᠨ᠂ ᠠᠯᠤᠰ ᠬᠡᠲᠦ᠍᠎ᠶ᠋ᠢ ᠪᠣᠳᠣᠯᠬᠢᠯᠠᠨ ᠬᠥᠭ᠌ᠵᠢᠭᠦᠯᠬᠦ᠌ ᠪᠣᠯ ᠬᠠᠷᠢᠭᠤᠴᠠᠯᠭ᠎ᠠ ᠮᠥᠨ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠨᠢᠳᠤᠨ ᠡᠮᠦᠨᠡᠬᠢ ᠠᠵᠢᠯ᠎ᠢᠶᠠᠨ ᠰᠠᠢᠲᠤᠷ ᠬᠢᠬᠦ᠌ ᠬᠡᠷᠡᠭ᠌ᠲᠡᠢ ᠮᠥᠷᠲᠡᠭᠡᠨ ᠪᠠᠰᠠ ᠠᠯᠤᠰ ᠬᠡᠳᠦ᠍᠎ᠶ᠋ᠢᠨ ᠵᠠᠮ᠎ᠢᠶᠠᠨ ᠰᠠᠢᠲᠤᠷ ᠳᠡᠪᠢᠰᠴᠦ᠍᠂ 《ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ》 ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠠ 《ᠪᠤᠤᠬᠢᠶ᠎ᠠ ᠳᠠᠮᠵᠢᠭᠤᠯᠬᠤ ᠤᠬᠠᠮᠰᠠᠷ》 ᠢ᠋ ᠪᠠᠲᠤᠯᠠᠵᠤ᠂ ᠵᠢᠮ᠎ᠡ ᠶᠣᠰᠣ᠎ᠶ᠋ᠢ ᠵᠢᠷᠤᠮᠯᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠬᠡᠷᠡᠭ᠌ᠲᠡᠢ᠃ ᠬᠡᠷᠪᠡ ᠨᠢᠳᠦᠨ ᠡᠮᠦᠨᠡᠬᠢ᠎ᠪᠡᠨ ᠯᠡ ᠪᠣᠳᠣᠵᠤ᠂ ᠦᠷ᠎ᠡ ᠠᠱᠢᠭ᠎ᠢ ᠬᠥᠭᠡᠭᠡᠴᠡᠯᠳᠦᠵᠦ᠍᠂ ᠦᠨᠳᠦᠰᠦ ᠰᠠᠭᠤᠷᠢ᠎ᠶ᠋ᠢ ᠪᠡᠬᠢᠵᠢᠭᠦᠯᠬᠦ᠌᠂ ᠠᠯᠤᠰ ᠬᠡᠲᠦ᠍᠎ᠳᠦ ᠠᠱᠢᠭ᠍ᠲᠠᠢ ᠠᠵᠢᠯ ᠬᠢᠬᠦ᠌ ᠳᠤᠷ᠎ᠠ ᠦᠭᠡᠢ; ᠡᠰᠡᠬᠦᠯ᠎ᠡ ᠪᠠᠢᠨ ᠳᠠᠬᠢᠨ 《ᠲᠤᠷ᠎ᠠ ᠪᠡᠷ ᠨᠢ ᠲᠡᠨᠭᠰᠡᠯᠭᠡᠬᠦ》᠂ ᠬᠠᠯᠲᠤᠰᠭᠢᠪᠡᠯ 《ᠵᠠᠮ ᠵᠢᠡᠨ ᠰᠣᠯᠢᠵᠤ》᠂ ᠪᠠᠢᠨ ᠲᠠᠬᠢᠨ ᠦᠭᠡᠷᠡᠴᠢᠯᠡᠨ᠎ᠠ; ᠡᠰᠡᠬᠦᠯ᠎ᠡ ᠱᠢᠨ᠎ᠡ ᠨᠣᠶᠠᠨ ᠬᠠᠭᠤᠴᠢᠨ ᠲᠠᠨᠭᠰᠠ᠎ᠶ᠋ᠢ ᠬᠠᠮᠢᠶᠠᠷᠬᠤ ᠦᠭᠡᠢ᠂ 《ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ》᠂ ᠱᠢᠯᠲᠠᠭ᠍ᠯᠠᠨ ᠲᠦᠯᠬᠢᠯᠴᠡᠪᠡᠯ ᠠᠵᠢᠯ ᠦᠢᠯᠡᠰ ᠨᠢ ᠦᠷᠭᠦᠯᠵᠢᠯᠡᠨ ᠲᠣᠭ᠍ᠲᠠᠭᠤᠨ ᠪᠠᠢᠵᠤ ᠴᠢᠳᠠᠬᠤ ᠦᠭᠡᠢ ᠪᠣᠯᠬᠤ᠎ᠪᠠᠷ ᠪᠠᠷᠠᠬᠤ ᠦᠭᠡᠢ ᠬᠠᠷᠠᠯᠲᠠ ᠨᠢ ᠴᠦ᠍ ᠬᠡᠯᠪᠡᠢᠭᠡᠳ ᠬᠡᠢ ᠬᠣᠭᠣᠰᠣᠨ ᠪᠣᠯᠳᠠᠭ᠃ ᠭᠠᠭ᠍ᠴᠠ ᠬᠦ᠌ 《ᠣᠷᠳᠣ ᠬᠤᠭᠤᠴᠠᠭᠠᠨ᠎ᠤ ᠦᠵᠡᠯ》 ᠢ᠋ ᠪᠠᠷᠢᠮᠲᠠᠯᠠᠵᠤ᠂ 《ᠲᠤᠱᠢᠶᠠᠯ᠎ᠤᠨ ᠬᠤᠭᠤᠴᠠᠭᠠᠨ᠎ᠤ ᠰᠡᠳᠭᠢᠬᠦᠶ》 ᠡᠴᠡ ᠦᠰᠦᠷᠦᠨ ᠭᠠᠷᠴᠤ᠌᠂ ᠠᠯᠤᠰ ᠬᠡᠲᠦ᠍᠎ᠶ᠋ᠢ ᠪᠣᠳᠣᠯᠬᠢᠯᠠᠬᠤ ᠬᠦᠴᠦ᠍ ᠣᠷᠣᠭᠤᠯᠵᠤ᠂ ᠲᠣᠭ᠍ᠲᠠᠭ᠍ᠰᠠᠨ ᠬᠠᠷᠠᠯᠲᠠ ᠪᠠ ᠠᠵᠢᠯ᠎ᠤᠨ ᠵᠢᠷᠤᠭ ᠲᠥᠰᠦᠪ᠎ᠢᠶᠡᠨ ᠠᠯᠬᠤᠮ ᠠᠯᠬᠤᠮ᠎ᠢᠶᠠᠷ ᠠᠬᠢᠭᠤᠯᠪᠠᠯ ᠰᠠᠶᠢ ᠠᠵᠢᠯ ᠦᠶ᠋ᠯᠡᠰ᠎ᠦᠨ᠎ᠢᠶᠡᠨ ᠡᠯᠪᠡᠭ ᠦᠷ᠎ᠡ ᠪᠦᠲᠦᠭᠡᠯ᠎ᠢ ᠤᠭ᠍ᠲᠤᠨ ᠠᠪᠴᠢᠷᠠᠵᠤ ᠴᠢᠳᠠᠨ᠎ᠠ᠃

ᠬᠡᠢᠰᠪᠦᠷᠢ ᠪᠠ ᠪᠣᠳᠠᠲᠠᠶ᠎ᠶ᠋ᠢ ᠱᠢᠯᠭᠠᠬᠤ ᠭᠡᠷᠡᠭᠳᠠᠢ᠃ ᠠᠵᠢᠯ ᠪᠣᠳᠠᠲᠠᠢ᠎ᠳᠤ ᠲᠦᠱᠢᠭ᠌ᠯᠡᠵᠤ᠂ ᠠᠵᠢᠯ ᠦᠢᠯᠡᠰ ᠠᠵᠢᠯᠯᠠᠬᠤ ᠳ᠋ᠤ ᠲᠦᠱᠢᠭ᠌ᠯᠡᠨ᠎ᠡ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠬᠠᠰᠭᠢᠷᠤᠭᠠᠳ ᠭᠠᠷᠭᠠᠳᠠᠭ ᠪᠢᠰᠢ᠂ ᠬᠠᠷᠢᠨ ᠠᠵᠢᠯᠯᠠᠵᠤ ᠭᠠᠷᠭᠠᠳᠠᠭ ᠶᠤᠮ᠃ ᠪᠣᠳᠠᠲᠤ ᠠᠮᠢᠳᠤᠷᠠᠯ᠎ᠤᠨ ᠳᠤᠮᠳᠠ᠂ ᠣᠨᠴᠠ ᠵᠠᠷᠢᠮ ᠤᠳᠤᠷᠢᠳᠭᠤ ᠺᠠᠳ᠋ᠷ ᠯᠠᠪᠳᠠᠭᠤᠨ ᠪᠠᠲᠤᠲᠠᠢ ᠠᠵᠢᠯᠯᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠬᠤ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠳᠤᠲᠠᠮᠠᠭ ᠪᠠᠢᠵᠤ᠂ ᠬᠡᠯᠪᠡᠷᠢ᠎ᠶᠢ ᠡᠷᠬᠢᠮᠯᠡᠬᠦ ᠡᠴᠡ ᠪᠢᠰᠢ ᠦᠷ᠎ᠡ ᠪᠦᠲᠦᠮᠵᠢ᠎ᠶ᠋ᠢ ᠴᠢᠬᠤᠯᠠᠴᠢᠯᠠᠬᠤ ᠦᠭᠡᠢ᠂ ᠤᠯᠤᠰ ᠲᠦᠷᠦ᠎ᠶᠢ ᠡᠷᠬᠢᠮᠯᠡᠬᠦ ᠡᠴᠡ ᠪᠢᠰᠢ ᠪᠣᠳᠠᠲᠠᠢ᠎ᠶ᠋ᠢ ᠡᠷᠬᠢᠮᠯᠡᠬᠦ᠌ ᠦᠭᠡᠢ᠂ ᠵᠥᠪᠬᠡᠨ ᠲᠡᠭᠡᠷ᠎ᠠ ᠱᠠᠳᠤᠨ ᠤ᠋ ᠵᠢᠭᠠᠪᠤᠷᠢ ᠵᠢ ᠵᠢᠷᠤᠮᠯᠠᠵᠤ ᠪᠣᠳᠠᠲᠠᠢ᠎ᠶ᠋ᠢ ᠡᠷᠬᠢᠮᠯᠡᠬᠦ᠌ ᠦᠭᠡᠢ ᠪᠠᠢᠵᠤ᠂ ᠤᠯᠠᠨ ᠨᠡᠢᠲᠡ᠎ᠶ᠋ᠢᠨ ᠡᠬᠢ ᠪᠠᠶᠠᠯᠢᠭ᠎ᠢ ᠪᠦᠷᠢᠯᠭᠡᠨ ᠰᠦᠢᠳᠭᠡᠬᠦ᠌᠎ᠪᠡᠷ ᠪᠠᠷᠠᠬᠤ ᠦᠭᠡᠢ ᠨᠡᠩ ᠴᠤ᠌ ᠵᠠᠰᠠᠭ᠎ᠤᠨ ᠣᠷᠳᠣᠨ᠎ᠤ ᠢᠲᠡᠭᠡᠭᠦᠯᠬᠦ᠌ ᠬᠦᠴᠦᠨ᠎ᠢ ᠬᠣᠬᠢᠷᠠᠭᠤᠯᠵᠤ᠂ ᠬᠥᠭ᠌ᠵᠢᠯᠲᠡ᠎ᠶ᠋ᠢᠨ ᠴᠠᠭ ᠲᠣᠬᠢᠶᠠᠯ᠎ᠢ ᠰᠠᠭᠠᠲᠠᠭᠠᠵᠤ ᠪᠠᠢᠨ᠎ᠠ᠃ ᠡᠨᠡ ᠵᠢᠯ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠂ ᠡᠭᠦᠷᠭᠡ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ ᠪᠠᠢᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠡᠰᠡᠬᠦᠯ᠎ᠡ ᠠᠵᠤ ᠦᠶ᠋ᠯᠡᠰ᠎ᠢ ᠬᠥᠭ᠌ᠵᠢᠭᠦᠯᠬᠦ᠌᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠬᠥᠭ᠌ᠵᠢᠭᠦᠯᠦᠨ ᠮᠠᠨᠳᠤᠭᠤᠯᠬᠤ᠎ᠳᠤ ᠴᠥᠮ ᠳᠥᠲᠡ ᠵᠠᠮ ᠭᠡᠵᠦ᠍ ᠥᠬᠡᠶ ᠶᠤᠮ᠃ ᠭᠠᠭ᠍ᠴᠠ ᠬᠦ᠌ ᠪᠣᠳᠠᠲᠠᠢ᠎ᠶ᠋ᠢ ᠡᠷᠬᠢᠮᠯᠡᠨ᠂ ᠦᠨᠡᠨ ᠪᠣᠳᠠᠲᠠᠢ ᠠᠵᠢᠯᠯᠠᠪᠠᠯ ᠰᠠᠶᠢ ᠰᠠᠢ᠌ᠨ ᠠᠵᠢᠯᠯᠠᠵᠤ ᠰᠠᠢ᠌ᠨ ᠦᠷ᠎ᠡ ᠪᠦᠲᠦᠮᠵᠢ ᠣᠯᠵᠤ ᠴᠢᠳᠠᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠡᠷᠬᠡᠪᠰᠢ ᠠᠵᠢᠯ᠎ᠤᠨ ᠰᠤᠷᠲᠠᠯ᠎ᠢᠶᠠᠨ ᠬᠤᠪᠢᠷᠠᠭᠤᠯᠬᠤ ᠪᠠ ᠪᠣᠳᠠᠲᠤ ᠠᠮᠵᠢᠯᠲᠠ ᠡᠭᠦᠳᠬᠦ᠌᠎ᠶ᠋ᠢ ᠤᠶᠠᠯᠳᠤᠭᠤᠯᠵᠤ᠂ ᠪᠣᠳᠠᠲᠤ ᠪᠠᠢᠳᠠᠯ᠎ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠪᠠᠷ ᠴᠢᠷᠮᠠᠢᠵᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ ᠬᠡᠷᠡᠭ᠌ᠲᠡᠢ᠃

ᠣᠳᠣᠬᠢᠴᠢᠯᠠᠯᠳᠠ ᠵᠢᠨ ᠪᠦᠳᠦᠭᠡᠠ ᠪᠠᠢᠭᠤᠯᠤᠯᠲᠠ ᠪᠣᠯ ᠮᠠᠷᠠᠰᠤᠨ ᠪᠤᠤᠬᠢᠶ᠎ᠠ ᠤᠷᠤᠯᠳᠤᠭᠠᠨ᠎ᠲᠠᠶ ᠠᠳᠠᠯᠢ᠎ᠪᠠᠷ ᠪᠤᠤᠬᠢᠶ᠎ᠠ᠎ᠲᠠᠮᠵᠢᠭᠤᠯᠤᠨ ᠭᠦᠶᠦᠵᠦ᠍᠂ ᠬᠤᠭᠤᠴᠠᠭ᠎ᠠ ᠵᠠᠯᠭᠠᠨ ᠬᠢᠬᠦ᠌ ᠬᠡᠷᠡᠭ᠌ᠲᠡᠢ ᠪᠠᠢᠳᠠᠭ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠶᠠᠭᠤ ᠵᠢ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ ᠭᠡᠬᠦ᠎ᠶ᠋ᠢ ᠲᠣᠳᠣᠷᠬᠠᠢᠯᠠᠵᠤ᠂ ᠢᠯᠠ ᠪᠠ ᠳᠠᠯᠳᠠ᠂ ᠤᠢ᠍ᠢᠷ᠎ᠠ ᠪᠠ ᠬᠤᠯᠠ᠂ ᠬᠡᠢᠰᠪᠦᠷᠢ ᠪᠠ ᠪᠣᠳᠠᠲᠠᠢ᠎ᠶ᠋ᠢ ᠰᠠᠢᠲᠤᠷ ᠡᠵᠡᠮᠳᠡᠵᠦ᠍᠂ ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ ᠭᠡᠬᠦ᠌ ᠦᠵᠡᠯ ᠰᠠᠨᠠᠭᠠᠨ ᠤ᠋ ᠲᠦᠪᠰᠢᠨ ᠵᠢᠡᠷ᠂ ᠠᠮᠵᠢᠯᠲᠠ ᠤᠯᠬᠤ᠎ᠳᠤ ᠯᠠᠪᠲᠠᠢ ᠪᠢ ᠪᠠᠢᠬᠤ ᠬᠠᠷᠢᠭᠤᠴᠠᠯᠭ᠎ᠠ ᠡᠭᠦᠷᠭᠡᠯᠡᠯ᠎ᠢᠶᠡᠷ ᠦᠷᠭᠦᠯᠵᠢᠯᠡᠨ ᠲᠡᠮᠡᠴᠡᠪᠡᠯ ᠰᠠᠶᠢ ᠨᠢᠭᠡ ᠭᠠᠵᠠᠷ ᠤᠷᠤᠨ ᠳ᠋ᠦ ᠬᠦᠨᠵᠡᠭᠡᠢᠷᠡᠨ ᠠᠵᠢᠯᠯᠠᠵᠤ᠂ ᠨᠢᠭᠡ ᠭᠠᠵᠠᠷ᠎ᠤᠷᠤᠨ ᠳ᠋ᠦ ᠪᠤᠶᠠᠨ ᠦᠢᠯᠡᠳᠴᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号