3 ᠰᠠᠷ᠎ᠠ᠎ᠶ᠋ᠢᠨ 15 ᠤ᠋ ᠡᠳᠦᠷ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠰᠠᠶᠢᠬᠠᠨ ᠣᠷᠣᠯᠴᠠᠵᠤ ᠦᠨᠭᠭᠡᠷᠡᠭᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠶᠡᠬᠡ ᠰᠦᠮ᠎ᠡ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ᠂ ᠲᠣᠰᠭᠣᠨ᠎ᠤ ᠵᠥᠪᠯᠡᠯ᠎ᠦᠨ ᠡᠷᠬᠢᠯᠡᠭ᠌ᠴᠢ ᠵᠤᠤ ᠬᠤᠢ ᠵᠢᠶ᠍ᠸ ᠨᠤᠲᠤᠭ᠎ᠲᠠᠭᠠᠨ ᠪᠤᠴᠠᠭ᠍ᠰᠠᠨ᠎ᠤ ᠳᠠᠷᠠᠭ᠎ᠠ᠂ ᠲᠡᠷᠡ ᠳᠠᠷᠤᠢ᠎ᠳᠤ᠎ᠨᠢ ᠤᠯᠠᠭᠠᠨᠬᠠᠳᠠ ᠬᠤᠳᠠ᠎ᠶ᠋ᠢᠨ ᠢ ᠨᠦᠩ ᠪᠣᠬᠢᠷᠲᠤᠯ ᠦᠭᠡᠢ ᠲᠠᠷᠢᠶᠠᠯᠠᠩ᠎ᠤᠨ ᠲᠠᠷᠢᠮᠠᠯ᠎ᠤᠨ ᠲᠤᠰᠭᠠᠢ ᠬᠤᠷᠱᠢᠶ᠎ᠠ᠎ᠳᠤ ᠬᠦᠷᠴᠦ᠍᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
《ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠡᠴᠡ ᠮᠠᠰᠢ ᠣᠯᠠᠨ ᠰᠠᠢᠨ ᠴᠢᠮᠡᠭᠡ ᠳᠠᠮᠵᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠦᠳᠡᠭᠡ ᠠᠵᠤ ᠠᠬᠤᠢ᠎ᠶᠢ ᠬᠦᠴᠦᠷᠬᠡᠭ᠌ᠵᠢᠭᠦᠯᠵᠦ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ ᠭᠡᠵᠦ᠍ ᠳᠤᠷᠠᠳᠪᠠ᠃ ᠡᠨᠡ ᠨᠢ ᠪᠢᠳᠡᠨ᠎ᠳᠦ᠂ ᠤᠯᠤᠰ᠎ᠡᠴᠡ ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ᠎ᠤ ᠠᠵᠢᠯ᠎ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠮᠠᠰᠢ ᠴᠢᠬᠤᠯᠠᠴᠢᠯᠠᠨ ᠦᠵᠡᠵᠦ᠍ ᠪᠠᠢᠬᠤ ᠮᠡᠳᠡᠭᠡ ᠵᠠᠩᠭᠢ᠎ᠶᠢ ᠳᠠᠮᠵᠢᠭᠤᠯᠵᠠᠢ》᠃ ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ᠂ ᠵᠤᠤ ᠬᠤᠢ ᠵᠢᠶ᠍ᠸ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠦᠵᠡᠵᠦ᠍ ᠰᠣᠨᠣᠰᠤᠭ᠍ᠰᠠᠨ᠎ᠢᠶᠠᠨ ᠪᠣᠷᠣᠭ᠍ᠵᠢᠭᠤᠨ ᠦᠭᠡ ᠶᠠᠷᠢᠶ᠎ᠠ᠎ᠪᠠᠷ ᠠᠭᠤᠵᠢᠷᠠᠲᠠᠯ᠎ᠠ ᠶᠠᠷᠢᠯᠴᠠᠵᠠᠢ᠃
ᠤᠬᠠᠭᠤᠯᠤᠨ ᠲᠠᠢᠯᠪᠤᠷᠢᠯᠠᠬᠤ ᠳᠤᠮᠳᠠ᠂ ᠵᠤᠤ ᠬᠤᠢ ᠵᠢᠶ᠍ᠸ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ ᠲᠦᠪᠱᠢᠨ᠎ᠢ ᠳᠡᠭᠡᠭ᠌ᠰᠢᠯᠡᠭᠦᠯᠬᠦ᠌᠂ ᠤᠢᠲᠤᠳᠤᠷᠠᠬᠢ ᠠᠵᠤ ᠠᠬᠤᠶ᠎ᠶ᠋ᠢ ᠬᠥᠭ᠌ᠵᠢᠭᠦᠯᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠨᠠᠷᠢᠯᠢᠭ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠤᠨᠴᠠᠯᠢᠬ᠍ᠳᠤ ᠠᠵᠤ ᠦᠢᠯᠡᠰ᠎ᠦᠨ ᠬᠡᠯᠬᠢᠶ᠎ᠡ᠎ᠶ᠋ᠢ ᠬᠡᠷᠬᠢᠨ ᠤᠷᠲᠤᠳᠭᠠᠬᠤ ᠲᠤᠬᠠᠶ ᠥᠪᠡᠷ᠎ᠦᠨ ᠰᠡᠳᠭᠢᠴᠡ᠎ᠪᠡᠨ ᠶᠠᠷᠢᠵᠤ᠂ ᠣᠯᠠᠨ᠎ᠳᠤ ᠮᠠᠰᠢ ᠶᠡᠬᠡ ᠠᠱᠢᠭ ᠬᠦᠷᠲᠡᠭᠡᠵᠦ ᠮᠠᠰᠢ ᠶᠡᠬᠡ ᠤᠮᠤᠭᠰᠢᠨ ᠵᠤᠷᠢᠭᠵᠢᠪᠠ᠃
《ᠵᠤᠤ ᠱᠦᠵᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠬᠥᠳᠡᠭᠡ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠢᠲᠡᠭᠡᠯ ᠲᠡᠶ ᠪᠣᠯᠵᠠᠢ᠃ ᠬᠣᠷᠱᠢᠶ᠎ᠠ ᠵᠢᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠮᠢᠨᠦ᠍ ᠡᠨᠡ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ ᠨᠠᠩ ᠲᠣᠳᠣᠷᠬᠠᠶ ᠪᠣᠯᠵᠠᠶ᠃ ᠪᠢᠳᠡ ᠨᠢᠭᠡ ᠪᠦᠯᠦᠭ ᠢᠳᠡᠱᠢᠨ ᠨᠣᠭᠣᠭ᠎ᠠ᠎ᠶ᠋ᠢ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠵᠤ᠂ ᠨᠠᠩ ᠣᠯᠠᠨ ᠬᠥᠮᠦᠨ᠎ᠢ ᠳᠠᠢᠴᠢᠯᠠᠨ ᠬᠡᠷ᠎ᠦᠨ ᠬᠢᠨᠢ ᠤᠢᠷᠠᠯᠴᠠᠭ᠎ᠠ ᠠᠵᠢᠯ ᠣᠯᠭᠣᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌ ᠬᠡᠷᠡᠭ᠌ᠲᠡᠶ》 ᠭᠡᠵᠦ᠍ ᠤᠯᠠᠭᠠᠨᠬᠠᠳᠠ ᠬᠣᠲᠠ᠎ᠶ᠋ᠢᠨ ᠢ ᠨᠦᠩ ᠪᠣᠬᠢᠷᠲᠤᠯ ᠥᠬᠡᠶ ᠲᠠᠷᠢᠶᠠᠯᠠᠩ᠎ᠤᠨ ᠲᠠᠷᠢᠮᠠᠯ᠎ᠤᠨ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠪᠢ ᠱᠢᠶᠠᠩ ᠳ᠋ᠦᠩ ᠬᠡᠯᠡᠪᠡ᠃
ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠳᠤ ᠵᠣᠣ ᠬᠣᠶ ᠵᠢᠶᠧ ᠳᠤᠮᠳᠠ ᠪᠠᠭ᠎ᠠ ᠭᠤᠤᠯ ᠮᠥᠷᠡᠨ᠎ᠦ ᠰᠠᠪᠠ ᠭᠠᠵᠠᠷ᠎ᠤᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠬᠤ᠂ ᠬᠠᠭᠤᠴᠢᠨ ᠤᠰᠤᠨ ᠠᠱᠢᠭ᠍ᠯᠠᠯᠲᠠ᠎ᠶ᠋ᠢᠨ ᠲᠥᠬᠥᠭᠡᠷᠦᠮᠵᠢ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠰᠠᠨᠠᠭᠤᠯᠭ᠎ᠠ ᠳᠤᠷᠠᠳᠴᠤ᠌᠂ ᠠᠷᠠᠳ ᠣᠯᠠᠨ᠎ᠤ ᠠᠮᠢ ᠠᠬᠤᠶ᠎ᠶ᠋ᠢᠨ ᠬᠠᠮᠠᠭᠠᠯᠠᠯᠲᠠ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ ᠲᠠᠯ᠎ᠠ᠎ᠶ᠋ᠢᠨ ᠬᠦᠰᠡᠯ ᠡᠷᠡᠮᠡᠯᠵᠡᠯ᠎ᠢ ᠬᠣᠶᠠᠷ ᠬᠤᠷᠠᠯ ᠳᠡᠭᠡᠷ᠎ᠡ ᠲᠤᠰᠬᠠᠵᠠᠢ᠃
《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠡᠨᠡ ᠬᠦ᠌ ᠪᠡᠶ᠎ᠡ᠎ᠶ᠋ᠢᠨ ᠭᠠᠷᠤᠯ ᠨᠢ ᠢᠲᠡᠭᠡᠯ ᠨᠠᠢᠳᠠᠯᠭ᠎ᠠ ᠪᠣᠯᠬᠤ᠎ᠪᠠᠷ ᠪᠠᠷᠠᠬᠤ ᠦᠭᠡᠢ ᠨᠡᠩ ᠴᠤ᠌ ᠬᠦᠨᠳᠦ ᠬᠠᠷᠢᠭᠤᠴᠠᠯᠭ᠎ᠠ ᠪᠣᠯᠤᠨ᠎ᠠ》᠃ ᠵᠤᠤ ᠬᠤᠢ ᠵᠢᠶ᠍ᠸ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠣᠯ ᠨᠢᠭᠡᠳᠦᠭᠡᠷ ᠠᠯᠬᠤᠮ ᠲᠡᠳᠦᠢ᠂ ᠨᠡᠩ ᠴᠢᠬᠤᠯᠠ ᠨᠢ ᠴᠠᠭ ᠢᠮᠠᠭ᠍ᠲᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ᠎ᠤᠨ ᠠᠱᠢᠭ᠍ᠲᠠᠢ ᠲᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠢᠲᠡᠭᠡᠯ ᠪᠠ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ ᠭᠡᠳᠡᠭ᠎ᠢ ᠭᠦᠨᠵᠡᠭᠡᠢ ᠮᠡᠳᠡᠵᠦ ᠪᠠᠢᠯ᠎ᠠ᠃
ᠵᠤᠤ ᠬᠤᠢ ᠵᠢᠶ᠍ᠸ ᠵᠢᠨ ᠡᠨᠡ ᠬᠦ᠌ ᠡᠭᠦᠷᠭᠡᠯᠡᠯ ᠨᠢ ᠠᠯᠢ ᠡᠷᠲᠡ ᠱᠢᠶᠤᠤ ᠮᠢᠶᠣᠣ ᠽᠢ ᠲᠣᠰᠭᠣᠨ᠎ᠤ ᠬᠥᠭ᠌ᠵᠢᠯᠲᠡ᠎ᠶ᠋ᠢᠨ ᠶᠠᠪᠤᠴᠠ᠎ᠳᠤ ᠠᠭᠤᠰᠤᠯᠴᠠᠵᠠᠢ᠃ ᠤᠢ᠍ᠢᠷ᠎ᠠ᠎ᠶ᠋ᠢᠨ ᠵᠢᠯ᠎ᠡᠴᠡ ᠲᠡᠭᠦᠨ᠎ᠦ ᠲᠠᠭᠠᠭᠤᠯᠭ᠎ᠠ ᠳᠣᠣᠷ᠎ᠠ᠂ ᠱᠢᠶᠤᠤ ᠮᠢᠶᠣᠣ ᠽᠢ ᠲᠣᠰᠭᠣᠨ᠎ᠤ ᠬᠢᠨ ᠥᠩᠭᠡᠷᠡᠭ᠌ᠰᠡᠨ᠎ᠦ ᠲᠠᠩ ᠴᠤᠯᠭᠤᠢ ᠲᠠᠷᠢᠮᠠᠯ᠎ᠤᠨ ᠵᠠᠭ᠍ᠪᠤᠷ᠎ᠢᠶᠠᠨ ᠬᠤᠪᠢᠷᠠᠭᠤᠯᠵᠤ᠂ ᠬᠢᠲᠠᠳ ᠡᠪᠡᠰᠦᠨ ᠡᠮ ᠪᠣᠯᠤᠨ ᠢᠳᠡᠱᠢᠨ ᠨᠣᠭᠣᠭ᠎ᠠ ᠲᠠᠷᠢᠬᠤ᠎ᠪᠠᠷ ᠭᠣᠣᠯ ᠪᠣᠯᠭᠠᠭ᠍ᠰᠠᠨ ᠤᠨᠴᠠᠯᠢᠬ᠍ᠳᠤ ᠠᠵᠤ ᠦᠢᠯᠡᠰ᠎ᠦᠨ ᠪᠠᠢᠷᠢᠱᠢᠯ᠎ᠢ ᠪᠦᠷᠢᠯᠳᠦᠭᠦᠯᠪᠠ᠃
ᠬᠣᠢᠱᠢᠳᠠ᠎ᠶ᠋ᠢᠨ ᠠᠵᠢᠯ᠎ᠤᠨ ᠲᠤᠬᠠᠢ ᠵᠤᠤ ᠬᠤᠢ ᠵᠢᠶ᠍ᠸ᠄ 《ᠡᠨᠡ ᠵᠢᠯ᠂ ᠱᠢᠶᠤᠤ ᠮᠢᠶᠣᠣ ᠽᠢ ᠲᠣᠰᠭᠣᠨ ᠤᠨᠴᠠᠯᠢᠬ᠍ᠳᠤ ᠠᠵᠤ ᠦᠢᠯᠡᠰ᠎ᠢ ᠦᠷᠭᠦᠯᠵᠢᠯᠡᠨ ᠪᠤᠵᠠᠭᠠᠢᠷᠠᠭᠤᠯᠵᠤ᠂ ᠬᠢᠲᠠᠳ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠲᠠᠯᠠᠪᠠᠢ ᠵᠢ 4000 ᠮᠦ᠍ ᠪᠡᠬᠢᠵᠢᠭᠦᠯᠦᠨ ᠥᠷᠭᠡᠳᠭᠡᠵᠦ᠍᠂ 〈ᠤᠭᠤᠷᠴᠤᠭ ᠭᠠᠵᠠᠷ〉᠎ᠤ᠋ᠨ ᠢᠳᠡᠱᠢᠨ ᠨᠣᠭᠣᠭ᠎ᠠ ᠲᠠᠷᠢᠬᠤ 2 ᠲᠦᠮᠡᠨ ᠮᠦ᠍᠎ᠶ᠋ᠢ ᠲᠣᠭ᠍ᠲᠠᠭᠤᠨ᠎ᠢᠶᠠᠷ ᠬᠥᠭ᠌ᠵᠢᠭᠦᠯᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠰᠠᠢᠲᠤᠷ ᠨᠠᠢᠳᠠᠪᠤᠷᠢᠵᠢᠭᠤᠯᠵᠤ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠠᠷᠠᠳ ᠤᠯᠠᠨ᠎ᠤ ᠠᠮᠢᠳᠤᠷᠠᠯ᠎ᠳᠤ ᠠᠱᠢᠭ ᠬᠦᠷᠲᠡᠭᠡᠬᠦ᠌ ᠠᠱᠢᠭ ᠲᠤᠰᠠ ᠪᠣᠯᠭᠠᠨ ᠬᠤᠪᠢᠷᠠᠭᠤᠯᠵᠤ᠂ ᠬᠢᠲᠠᠳ ᠡᠪᠡᠰᠦᠨ ᠡᠮ ᠪᠠ ᠢᠳᠡᠱᠢᠨ ᠨᠣᠭᠣᠭ᠎ᠠ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠡᠳ᠋ᠰᠢᠭᠦᠯᠦᠨ ᠪᠣᠯᠪᠠᠰᠤᠷᠠᠭᠤᠯᠬᠤ ᠵᠠᠮ᠎ᠢᠶᠠᠷ ᠦᠷᠭᠦᠯᠵᠢᠯᠡᠨ ᠰᠠᠢᠲᠤᠷ ᠵᠠᠮᠨᠠᠵᠤ᠂ ᠤᠯᠠᠨ ᠲᠦᠮᠡᠨ᠎ᠢ ᠳᠠᠭᠠᠭᠤᠯᠤᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠠᠶᠠᠨ᠎ᠳᠤ ᠮᠣᠷᠳᠠᠨ᠎ᠠ》 ᠭᠡᠵᠦ ᠢᠳᠡᠭᠡᠯ ᠲᠡᠭᠦᠯᠳᠡᠷ ᠬᠡᠯᠡᠪᠡ᠃