3 ᠰᠠᠷ᠎ᠠ᠎ᠶ᠋ᠢᠨ 20 ᠤ᠋ ᠡᠳᠦᠷ᠂ ᠮᠣᠩᠭᠣᠯ ᠤᠯᠤᠰ᠎ᠤᠨ ᠳᠡᠳ᠋ ᠶᠡᠷᠦᠩᠬᠡᠢ ᠰᠠᠢᠳ ᠭᠠᠩᠬᠤᠶᠠᠭ ᠪᠦᠯᠬᠦᠮ ᠳᠠᠭᠠᠭᠤᠯᠤᠨ ᠡᠷᠢᠶᠡᠨ ᠬᠤᠳᠠ᠎ᠳᠤ ᠱᠢᠨᠵᠢᠯᠡᠨ ᠪᠠᠢᠴᠠᠭᠠᠵᠤ ᠠᠢᠯᠴᠢᠯᠠᠯᠳᠠ ᠬᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠪᠠᠷ᠎ᠠ ᠪᠣᠯᠪᠠ᠃
ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠳᠤᠮᠳᠠᠳᠤ᠎ᠶ᠋ᠢᠨ ᠲᠠᠯ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠨ ᠪᠠᠢᠴᠠᠭᠠᠬᠤ ᠲᠢᠩᠬᠢᠮ᠎ᠳᠦ᠂ ᠭᠠᠩᠬᠤᠶᠠᠭᠨᠠᠷ 《ᠨᠢᠭᠡ ᠨᠡᠪᠲᠡᠷᠡᠬᠦ ᠵᠠᠮ᠂ ᠬᠣᠶᠠᠷ ᠲᠤᠰᠭᠠᠶ ᠱᠤᠭᠤᠮ᠂ ᠳᠥᠷᠪᠡᠨ ᠬᠡᠰᠡᠭ》 ᠤ᠋ᠨ ᠴᠢᠳᠠᠮᠵᠢ᠎ᠶ᠋ᠢᠨ ᠪᠠᠢᠷᠢᠱᠢᠭᠤᠯᠤᠯᠲᠠ ᠬᠢᠭᠡᠳ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ ᠪᠠᠢᠭ᠎ᠠ ᠪᠠᠢᠳᠠᠯ᠎ᠤᠨ ᠲᠤᠬᠠᠶ ᠲᠠᠨᠢᠯᠴᠠᠭᠤᠯᠭ᠎ᠠ᠎ᠶ᠋ᠢ ᠰᠣᠨᠣᠰᠴᠤ᠌᠂ ᠭᠤᠤᠯ ᠨᠡᠪᠲᠡᠷᠡᠬᠦ ᠵᠠᠮ᠎ᠤᠨ ᠠᠭᠤᠯᠵᠠᠷ ᠴᠡᠭ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠵᠠᠯᠭᠠᠮᠵᠢ ᠲᠥᠯᠥᠪᠵᠢᠭᠦᠯᠭᠡ᠎ᠶ᠋ᠢ ᠨᠠᠷᠢᠨ ᠣᠢᠯᠠᠭᠠᠪᠠ᠃
ᠡᠨᠡ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ ᠬᠢᠯᠢ ᠵᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡ᠂ ᠵᠠᠮ ᠬᠠᠷᠢᠯᠴᠠᠭᠠᠨ᠎ᠤ ᠨᠡᠪᠲᠡᠷᠡᠯᠴᠡᠭᠡ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠶᠠᠷᠢᠯᠴᠠᠬᠤ ᠬᠤᠷᠠᠯ ᠬᠢᠵᠦ᠍᠂ ᠳᠤᠮᠳᠠᠳᠤ ᠮᠣᠩᠭᠣᠯ᠎ᠤᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠬᠢᠯᠢ ᠵᠢᠨ ᠪᠣᠭᠣᠮᠲᠠ ᠪᠠᠷ ᠥᠩᠭᠡᠷᠡᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠬᠢᠯᠢ ᠠᠯᠤᠰᠯᠠᠭ᠍ᠰᠠᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠬᠣᠶᠠᠷ ᠲᠠᠯ᠎ᠠ᠎ᠪᠠᠷ᠎ᠢᠶᠠᠨ᠂ ᠬᠣᠯᠪᠣᠯᠳᠤᠨ ᠨᠡᠪᠲᠡᠷᠡᠯᠴᠡᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠯᠵᠢᠶᠠᠨ᠎ᠤ ᠳᠥᠭᠥᠮᠴᠢᠯᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠳᠤᠮᠳᠠᠳᠤ ᠮᠣᠩᠭᠣᠯ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠪᠦᠲᠦᠭᠡᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠪᠡ᠃
ᠳᠤᠮᠳᠠᠳᠤ ᠤᠯᠤᠰ᠎ᠲᠤ ᠰᠠᠭᠤᠭ᠎ᠠ ᠮᠣᠩᠭᠣᠯ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠡᠩᠬᠡᠪᠤᠯᠤᠳ ᠣᠷᠣᠯᠴᠠᠵᠠᠢ᠃