ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ᠎ᠵᠢ ᠦᠨᠳᠤᠰᠤᠯᠡᠵᠤ᠂ 3 ᠰᠠᠷ᠎ᠠ᠎ᠶ᠋ᠢᠨ 20 ᠤ᠋ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠬᠤ ᠳᠤᠭᠤᠢᠯᠠᠩ ᠪᠦᠬᠦᠨ ᠵᠢᠡᠷ ᠵᠢᠡᠨ ᠤᠷᠤᠵᠤ ᠰᠠᠭᠤᠪᠠ᠃ 10 ᠲᠣᠭᠣᠷᠢᠨ ᠪᠠᠢᠴᠠᠭᠠᠬᠤ ᠳᠤᠭᠤᠢᠯᠠᠩ 16 ᠠᠵᠢᠯ ᠦᠢᠯᠡᠰ ᠤ᠋ᠨ ᠨᠢᠭᠡᠴᠢ ᠪᠤᠯᠤᠨ 12 ᠵᠢᠩᠬᠢᠨᠢ ᠠᠩᠭᠢ᠎ᠶ᠋ᠢᠨ ᠶᠡᠬᠡ ᠳᠡᠭᠡᠳᠦ ᠰᠤᠷᠭᠠᠭᠤᠯᠢ᠎ᠳᠤ ᠬᠡᠪ ᠤ᠋ᠨ ᠲᠣᠭᠣᠷᠢᠨ ᠪᠠᠢᠴᠠᠭᠠᠯᠲᠠ ᠥᠷᠨᠢᠭᠦᠯᠬᠦ ᠪᠤᠯᠤᠨ᠎ᠠ᠃
ᠲᠣᠭᠣᠷᠢᠨ ᠪᠠᠢᠴᠠᠭᠠᠭ᠍ᠳᠠᠬᠤ ᠨᠢᠭᠡᠴᠢ ᠲᠤᠰ ᠲᠤᠰ ᠣᠷᠣᠵᠤ ᠰᠠᠭᠤᠬᠤ ᠲᠠᠢ᠌ᠴᠢᠯᠠᠯᠳᠠ᠎ᠶ᠋ᠢᠨ ᠬᠤᠷᠠᠯ ᠬᠤᠷᠠᠯᠳᠤᠭᠤᠯᠪᠠ᠃ ᠡᠯ᠎ᠡ ᠲᠣᠭᠣᠷᠢᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠨᠠᠷ ᠳᠠᠢᠴᠢᠯᠠᠯᠲᠠ᠎ᠶ᠋ᠢᠨ ᠶᠠᠷᠢᠶ᠎ᠠ ᠲᠠᠯᠪᠢᠵᠤ᠂ ᠲᠣᠭᠣᠷᠢᠨ ᠪᠠᠢᠴᠠᠭᠠᠯᠳᠠ ᠪᠣᠯ ᠨᠠᠮ᠎ᠤᠨ ᠥᠪᠡᠷᠪᠡᠶᠠ ᠵᠢᠨ ᠬᠤᠪᠢᠰᠭᠠᠯ ᠬᠢᠬᠦ᠌᠎ᠶ᠋ᠢ ᠠᠬᠢᠭᠤᠯᠬᠤ᠂ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠳᠦᠷᠢᠮ᠎ᠦᠨ ᠲᠣᠬᠢᠷᠠᠭᠤᠯᠤᠯᠲᠠ ᠮᠥᠨ᠂ ᠲᠣᠭᠣᠷᠢᠨ ᠪᠠᠢᠴᠠᠭᠠᠬᠤ ᠳᠤᠭᠤᠢᠯᠠᠩ ᠨᠢ ᠶᠡᠷᠦᠩᠬᠡᠶ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ᠍᠂ ᠲᠣᠭᠣᠷᠢᠨ ᠪᠠᠢᠴᠠᠭᠠᠬᠤ ᠠᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠯᠤᠰ ᠲᠥᠷᠥ᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ ᠪᠠᠷᠢᠮᠵᠢᠶ᠎ᠠ᠎ᠶ᠋ᠢ ᠣᠨᠣᠪᠴᠢᠲᠠᠶ ᠪᠥᠭᠡᠳ ᠪᠦᠲᠦᠮᠵᠢᠲᠡᠶ᠎ᠪᠡᠷ ᠬᠡᠷᠡᠭ᠌ᠵᠢᠭᠦᠯᠵᠦ᠍᠂ ᠲᠣᠭᠣᠷᠢᠨ ᠪᠠᠢᠴᠠᠭᠠᠬᠤ ᠠᠵᠢᠯ᠎ᠤᠨ ᠬᠤᠷᠴᠠ ᠰᠡᠯᠡᠮ᠎ᠡ᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠬᠢᠨᠠᠯᠲᠠ ᠲᠠᠯᠪᠢᠬᠤ ᠭᠣᠣᠯᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠲᠣᠭᠣᠷᠢᠨ ᠪᠠᠢᠴᠠᠭᠠᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠂ ᠡᠭᠦᠷᠭᠡ ᠴᠢᠳᠠᠪᠬᠢ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠂ ᠤᠳᠤᠷᠢᠳᠭᠤ ᠪᠠᠭ᠂ ᠺᠠᠳ᠋ᠷ ᠴᠢᠳᠠᠪᠤᠷᠢᠲᠠᠨ᠎ᠤ ᠡᠩᠨᠡᠭᠡ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠬᠤ ᠵᠢᠴᠢ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢᠴᠠᠭᠠᠯᠲᠠ ᠵᠡᠷᠭᠡ ᠬᠢᠨᠠᠯᠲᠠ᠎ᠪᠠᠷ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠵᠡᠷᠭᠡ ᠪᠠᠢᠳᠠᠯ᠎ᠢ ᠭᠦᠨᠵᠡᠭᠡᠢ ᠣᠢᠯᠠᠭᠠᠵᠤ᠂ ᠲᠤᠪᠤᠢ᠌ᠮ᠎ᠠ ᠠᠰᠠᠭᠤᠳᠠᠯ᠎ᠢ ᠬᠦᠴᠦᠯᠡᠨ ᠢᠯᠡᠷᠡᠭᠦᠯᠵᠦ᠍ ᠱᠢᠢᠳᠪᠦᠷᠢᠯᠡᠬᠦ᠌᠎ᠶ᠋ᠢ ᠠᠬᠢᠭᠤᠯᠤᠨ᠎ᠠ᠃ 《ᠲᠦᠷᠢᠮᠵᠢᠬᠦᠯᠬᠦ ᠵᠢᠷᠤᠮᠵᠢᠭᠤᠯᠬᠤ ᠲᠡᠰ ᠲᠠᠷᠠᠭᠠᠵᠢᠭᠤᠯᠬᠤ》 ᠪᠠᠢᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠤᠯᠬᠤ ᠵᠢ ᠪᠠᠷᠢᠮᠲᠠᠯᠠᠵᠤ᠂ ᠠᠳᠠᠯᠢ ᠰᠡᠳᠦᠪᠲᠦ ᠬᠠᠮᠲᠤ᠎ᠪᠠᠷ ᠬᠠᠷᠢᠭᠤᠯᠬᠤ᠎ᠶ᠋ᠢ ᠭᠦᠨᠵᠡᠭᠡᠢᠷᠡᠭᠦᠯᠵᠦ᠍᠂ ᠰᠠᠬᠢᠯᠭ᠎ᠠ ᠪᠠᠲᠤ ᠣᠪᠣᠷ ᠰᠤᠷᠲᠠᠯ᠎ᠢ ᠴᠢᠩᠳᠠᠯᠠᠵᠤ᠂ ᠲᠣᠭᠣᠷᠢᠨ ᠪᠠᠢᠴᠠᠭᠠᠬᠤ ᠡᠭᠦᠷᠭᠡ᠎ᠶ᠋ᠢ ᠡᠷᠡᠰ ᠰᠠᠢᠲᠤᠷ ᠪᠡᠶᠡᠯᠡᠭᠦᠯᠦᠨ᠎ᠡ ᠭᠡᠵᠤ ᠵᠢᠭᠠᠵᠤ ᠭᠠᠷᠭᠠᠪᠠ᠃
ᠲᠣᠭᠣᠷᠢᠨ ᠪᠠᠢᠴᠠᠭᠠᠬᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠣᠣᠯ ᠬᠠᠷᠢᠭᠤᠴᠠᠯᠭᠠᠲᠠᠨ᠂ ᠶᠡᠷᠦᠩᠬᠡᠢ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠤᠰ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ ᠲᠣᠭᠣᠷᠢᠨ ᠪᠠᠢᠴᠠᠭᠠᠬᠤ ᠬᠢᠨᠠᠯᠲᠠ᠎ᠶ᠋ᠢ ᠬᠦᠯᠢᠶᠡᠵᠦ᠍᠂ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠵᠢᠯ᠎ᠢ ᠢᠳᠡᠪᠬᠢᠲᠡᠢ ᠳᠡᠮᠵᠢᠨ ᠬᠠᠮᠵᠢᠯᠴᠠᠵᠤ᠂ ᠲᠣᠭᠣᠷᠢᠨ ᠪᠠᠢᠴᠠᠭᠠᠬᠤ᠎ᠪᠠᠷ ᠠᠵᠠ ᠲᠣᠬᠢᠶᠠᠯ ᠪᠣᠯᠭᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ ᠭᠡᠵᠦ᠍ ᠢᠯᠡᠳᠭᠡᠪᠡ᠃
ᠣᠢᠯᠠᠭᠠᠭ᠍ᠰᠠᠨ᠎ᠢᠶᠠᠷ᠂ ᠡᠯ᠎ᠡ ᠲᠣᠭᠣᠷᠢᠨ ᠪᠠᠢᠴᠠᠭᠠᠬᠤ ᠳᠤᠭᠤᠢᠯᠠᠩ ᠲᠣᠭᠣᠷᠢᠨ ᠪᠠᠢᠴᠠᠭᠠᠭ᠍ᠳᠠᠬᠤ ᠨᠢᠭᠡᠴᠢ᠎ᠳᠦ 60 ᠡᠳᠦᠷ ᠰᠢᠬᠠᠮ ᠠᠵᠢᠯᠯᠠᠵᠤ᠂ ᠲᠣᠭᠣᠷᠢᠨ ᠪᠠᠢᠴᠠᠭᠠᠬᠤ ᠬᠤᠭᠤᠴᠠᠭᠠᠨ᠎ᠳᠤ ᠲᠤᠰᠭᠠᠶ ᠵᠢᠵᠢᠭᠦᠷᠯᠡᠬᠦ᠌ ᠤᠲᠠᠰᠤ ᠪᠠ ᠱᠢᠤᠳᠠᠨ᠎ᠤ ᠵᠠᠬᠢᠳᠠᠯ᠎ᠤᠨ ᠬᠠᠢᠷᠴᠠᠭ ᠲᠣᠬᠢᠷᠠᠭᠤᠯᠵᠤ᠂ ᠭᠤᠤᠯᠳᠠᠭᠤ ᠲᠣᠭᠣᠷᠢᠨ ᠪᠠᠢᠴᠠᠭᠠᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠪᠠᠭ ᠵᠢᠴᠢ ᠲᠡᠭᠦᠨ᠎ᠦ ᠪᠦᠷᠢᠯᠳᠦᠬᠦᠨ᠂ ᠳᠤᠤᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠤᠤᠯ ᠬᠠᠷᠢᠭᠤᠴᠠᠯᠭᠠᠲᠠᠨ ᠪᠠ ᠭᠤᠤᠯᠳᠠᠯᠭ᠎ᠠ᠎ᠲᠠᠶ ᠠᠵᠢᠯ᠎ᠤᠨ ᠪᠠᠢᠷᠢ᠎ᠶ᠋ᠢᠨ ᠤᠳᠤᠷᠢᠳᠭᠤ ᠺᠠᠳ᠋ᠷ᠎ᠤᠨ ᠠᠰᠠᠭᠤᠳᠠᠯ᠎ᠢ ᠲᠤᠰᠭᠠᠭ᠍ᠰᠠᠨ ᠵᠠᠬᠢᠳᠠᠯ ᠪᠠ ᠤᠲᠠᠰᠤ ᠵᠢ ᠬᠦᠯᠢᠶᠠᠨ ᠠᠪᠴᠤ ᠰᠢᠢᠳᠪᠤᠷᠢᠯᠡᠨ᠂ ᠭᠤᠤᠯᠳᠠᠭᠤ ᠤᠯᠤᠰ ᠲᠥᠷᠥ᠎ᠶ᠋ᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠂ ᠠᠷᠢᠭᠤᠨ ᠴᠢᠬᠡᠴᠢ᠎ᠶ᠋ᠢᠨ ᠰᠠᠬᠢᠯᠭ᠎ᠠ ᠪᠠᠲᠤ᠂ ᠣᠯᠠᠨ ᠲᠦᠮᠡᠨ᠎ᠦ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ ᠵᠡᠷᠭᠡ ᠲᠠᠯ᠎ᠠ᠎ᠶ᠋ᠢᠨ ᠢᠯᠡᠴᠢᠯᠡᠨ ᠮᠡᠳᠡᠭᠦᠯᠦᠯᠲᠡ ᠪᠠ ᠲᠤᠰᠭᠠᠯ᠎ᠢ ᠭᠥᠯᠢᠶᠡᠨ ᠠᠪᠴᠤ᠌ ᠱᠢᠶ᠋ᠳᠪᠦᠷᠢᠯᠡᠨ᠎ᠡ᠃ ᠲᠣᠭᠣᠷᠢᠨ ᠪᠠᠢᠴᠠᠭᠠᠬᠤ ᠳᠤᠭᠤᠢᠯᠠᠩ᠎ᠤᠨ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠴᠠᠭ ᠨᠢ 2026 ᠣᠨ᠎ᠤ 5 ᠰᠠᠷ᠎ᠠ᠎ᠶ᠋ᠢᠨ 15 ᠤ᠋ ᠡᠳᠦᠷ ᠪᠤᠯᠳᠠᠯ᠎ᠠ ᠶᠠᠪᠤᠬᠳᠠᠨ᠎ᠠ᠃