ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠨ᠎ᠠ
2026-03-21 12:02:33
ᠵᠣᠬᠢᠶᠠᠭ᠍ᠴᠢ᠄
ᠱᠢᠨᠬᠤᠸᠠ ᠬᠣᠷᠢᠶ᠎ᠠ᠎ᠶᠢᠨ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌ ᠲᠤᠬᠠᠶ ᠦᠭᠦᠯᠡᠬᠦ ᠨᠢ


ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠬᠤ ᠪᠣᠯ ᠮᠠᠨ᠎ᠤ ᠨᠠᠮ᠎ᠤᠨ ᠨᠠᠮ᠎ᠤᠨ ᠳᠣᠲᠣᠭᠠᠳᠤ᠎ᠳᠤ ᠲᠥᠪᠯᠡᠷᠡᠩᠭᠦᠢ ᠬᠥᠮᠦᠵᠢᠯ ᠥᠷᠨᠢᠭᠦᠯᠬᠦ᠌ ᠡᠷᠬᠢᠮ ᠨᠠᠨᠳᠢᠨ ᠲᠤᠷᠱᠢᠯᠭ᠎ᠠ ᠪᠠ ᠪᠦᠲᠦᠮᠵᠢᠲᠡᠢ ᠠᠷᠭ᠎ᠠ ᠬᠢᠳᠡᠯ ᠮᠥᠨ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠪᠠᠷ ᠭᠠᠷᠳᠡᠴᠡ ᠪᠣᠯᠭᠠᠵᠤ᠂ ᠭᠦᠨᠵᠡᠭᠡᠶ ᠰᠤᠷᠤᠯᠴᠠᠬᠤ᠂ ᠦᠨᠡᠨ ᠪᠠᠢᠴᠠᠭᠠᠬᠤ᠂ ᠪᠣᠳᠠᠲᠠᠶ ᠴᠡᠭᠴᠡᠯᠡᠨ ᠰᠠᠢᠵᠢᠷᠠᠭᠤᠯᠬᠤ ᠳᠡᠭᠡᠷ᠎ᠡ ᠬᠦᠴᠦ᠍ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠲᠠᠰᠤᠷᠠᠯᠲᠠ ᠥᠬᠡᠶ ᠠᠬᠢᠭᠤᠯᠬᠤ ᠬᠡᠷᠡᠭ᠌ᠲᠡᠶ᠃

ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠳᠤ᠂ ᠰᠤᠷᠤᠯᠴᠠᠬᠤ ᠪᠣᠯ ᠰᠠᠭᠤᠷᠢ ᠮᠥᠨ᠂ ᠪᠠᠢᠴᠠᠭᠠᠬᠤ ᠪᠣᠯ ᠵᠠᠩᠭᠢᠯᠠᠭ᠎ᠠ ᠮᠥᠨ᠂ ᠴᠡᠭᠴᠡᠯᠡᠨ ᠰᠠᠢᠵᠢᠷᠠᠭᠤᠯᠬᠤ ᠪᠣᠯ ᠵᠣᠷᠢᠯᠭ᠎ᠠ ᠮᠥᠨ᠂ ᠡᠨᠡ ᠭᠤᠷᠪᠠ ᠨᠢ ᠬᠠᠷᠢᠯᠴᠠᠨ ᠬᠣᠯᠪᠣᠯᠳᠤᠵᠤ᠂ ᠱᠠᠲᠤ ᠱᠠᠲᠤ᠎ᠪᠠᠷ ᠠᠬᠢᠵᠤ᠂ ᠬᠠᠷᠢᠯᠴᠠᠨ ᠬᠣᠯᠪᠣᠭ᠎ᠠ᠎ᠲᠠᠶ᠂ ᠳᠣᠲᠣᠭᠠᠳᠤ ᠨᠢᠭᠡᠳᠦᠯ᠎ᠲᠡᠶ ᠣᠷᠭᠠᠨᠢᠭ ᠪᠦᠬᠦᠯᠢ ᠴᠣᠭ᠍ᠴᠠ᠎ᠶ᠋ᠢ ᠪᠦᠷᠢᠯᠳᠦᠭᠦᠯᠦᠨ᠎ᠡ᠃ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠨᠠᠮ᠎ᠤᠨ ᠲᠥᠪ ᠬᠣᠷᠢᠶ᠎ᠠ᠎ᠶᠢᠨ ᠱᠠᠭᠠᠷᠳᠠᠯᠭ᠎ᠠ ᠪᠠᠢᠷᠢᠯᠠᠭᠤᠯᠤᠯᠲᠠ ᠶᠣᠰᠣᠭᠠᠷ᠂ ᠰᠤᠷᠤᠯᠴᠠᠯᠭ᠎ᠠ ᠬᠥᠮᠦᠵᠢᠯ᠎ᠢ ᠬᠦᠴᠦᠲᠡᠶ ᠡᠮᠬᠢ ᠵᠢᠷᠤᠮ᠎ᠲᠠᠶ ᠥᠷᠨᠢᠭᠦᠯᠬᠦ᠌᠎ᠶ᠋ᠢ ᠠᠬᠢᠭᠤᠯᠪᠠ᠃ ᠨᠣᠮ ᠤᠩᠱᠢᠬᠤ ᠠᠩᠭᠢ ᠡᠷᠬᠢᠯᠡᠵᠦ᠍ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠎ᠶ᠋ᠢ ᠭᠣᠣᠯ ᠰᠡᠳᠦᠪᠲᠦ ᠨᠠᠮ᠎ᠤᠨ ᠡᠳᠦᠷ᠂ ᠲᠤᠰᠭᠠᠢ ᠰᠡᠳᠦᠪᠲᠦ ᠨᠠᠮ᠎ᠤᠨ ᠬᠢᠴᠢᠶᠡᠯ ᠵᠡᠷᠭᠡ᠎ᠲᠡᠶ ᠭᠦᠨᠵᠡᠭᠡᠢ ᠤᠶᠠᠯᠳᠤᠭᠤᠯᠪᠠ; ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠡ᠎ᠶᠢᠨ ᠭᠤᠤᠯ ᠠᠰᠠᠭᠤᠳᠠᠯ᠎ᠤᠨ ᠨᠠᠷᠢᠨ ᠲᠠᠩᠰᠠ᠎ᠪᠡᠷ ᠪᠠᠷᠢᠮᠵᠢᠶ᠎ᠠ ᠪᠤᠯᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠬᠠᠷᠢᠭᠤ ᠲᠤᠰᠭᠠᠭ᠍ᠰᠠᠨ ᠠᠰᠠᠭᠤᠳᠠᠯ᠎ᠲᠠᠶ ᠤᠶᠠᠯᠳᠤᠭᠤᠯᠤᠨ᠂ ᠠᠰᠠᠭᠤᠳᠠᠯ᠎ᠢ ᠪᠠᠢᠴᠠᠭᠠᠨ ᠳᠡᠯᠭᠡᠬᠦ᠌ ᠨᠠᠷᠢᠨ ᠲᠠᠩᠰᠠ᠎ᠶ᠋ᠢ ᠲᠣᠭ᠍ᠲᠠᠭᠠᠪᠠ; ᠦᠵᠡᠯ ᠰᠠᠨᠠᠭ᠎ᠠ ᠣᠢᠯᠠᠭᠠᠭ᠍ᠳᠠᠬᠤᠨ᠎ᠤ ᠲᠠᠯ᠎ᠠ᠎ᠡᠴᠡ ᠵᠥᠷᠢᠶ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠮᠠᠯᠲᠠᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ᠂᠎ᠭᠦᠨᠵᠡᠭᠡᠢ ᠴᠡᠭ᠌ᠴᠡᠯᠡᠨ ᠰᠠᠢᠵᠢᠷᠠᠭᠤᠯᠬᠤ ᠶ᠋ᠢ ᠠᠬᠢᠭᠤᠯᠪᠠ ᠁ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠌᠎ᠳᠦ᠂ ᠡᠷᠬᠡᠪᠰᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶ᠋ᠢ ᠨᠢᠭᠡᠳᠦᠯᠲᠡᠢ ᠪᠠᠢᠯᠭᠠᠬᠤ᠎ᠶ᠋ᠢ ᠪᠠᠷᠢᠮᠲᠠᠯᠠᠵᠤ᠂ ᠰᠤᠷᠤᠯᠴᠠᠬᠤ᠂ ᠪᠠᠢᠴᠠᠭᠠᠬᠤ᠂ ᠴᠡᠭᠴᠡᠯᠡᠨ ᠰᠠᠢᠵᠢᠷᠠᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠢᠮᠠᠭ᠍ᠲᠠ ᠲᠤᠭᠤᠱᠢᠯᠠᠭᠤᠯᠵᠤ᠂ ᠭᠦᠨᠵᠡᠭᠡᠢ ᠰᠤᠷᠤᠯᠴᠠᠬᠤ᠂ ᠣᠨᠣᠪᠴᠢᠲᠠᠢ ᠪᠠᠢᠴᠠᠭᠠᠬᠤ᠂ ᠲᠤᠭᠤᠱᠢᠲᠠᠢ ᠴᠡᠭᠴᠡᠯᠡᠨ ᠰᠠᠢᠵᠢᠷᠠᠭᠤᠯᠬᠤ᠎ᠶ᠋ᠢ ᠦᠨᠡᠨ᠎ᠬᠦ  ᠪᠠᠲᠤᠯᠠᠬᠤ ᠬᠡᠷᠡᠭ᠌ᠲᠡᠢ᠃

《ᠮᠡᠳᠡᠬᠦᠢ ᠪᠣᠯ ᠬᠢᠬᠦᠢ᠎ᠶ᠋ᠢᠨ ᠡᠬᠢᠯᠡᠯᠲᠡ᠂ ᠬᠢᠬᠦᠢ ᠪᠣᠯ ᠮᠡᠳᠡᠬᠦᠢ᠎ᠶ᠋ᠢᠨ ᠪᠡᠶᠡᠯᠡᠯ》᠃ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠳᠤ᠂ ᠡᠩ ᠲᠡᠷᠢᠭᠦᠨ᠎ᠳᠦ 《ᠭᠦᠨᠵᠡᠭᠡᠢ ᠰᠤᠷᠤᠯᠴᠠᠬᠤ》 ᠳᠡᠭᠡᠷ᠎ᠡ ᠰᠠᠭᠤᠷᠢ ᠲᠠᠯᠪᠢᠵᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠲᠠᠨᠢᠯᠲᠠ᠎ᠶ᠋ᠢᠨ ᠠᠰᠠᠭᠤᠳᠠᠯ᠎ᠢ ᠦᠨᠡᠨ ᠬᠦ᠌ ᠱᠢᠢᠳᠪᠦᠷᠢᠯᠡᠬᠦ᠌ ᠬᠡᠷᠡᠭ᠌ᠲᠡᠢ᠃ ᠤᠨᠤᠯ᠎ᠤᠨ ᠲᠠᠯ᠎ᠠ᠎ᠪᠠᠷ ᠰᠡᠷᠭᠡᠭ ᠪᠠᠢᠪᠠᠯ ᠤᠯᠤᠰ ᠲᠦᠷᠦ᠍᠎ᠶ᠋ᠢᠨ ᠲᠠᠯ᠎ᠠ᠎ᠪᠠᠷ ᠰᠠᠶᠢ ᠡᠷᠡᠰ ᠪᠠᠲᠤ ᠪᠠᠢᠵᠤ ᠴᠢᠳᠠᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ ᠪᠠ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ᠎ᠳᠡᠬᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠡᠷᠭᠡ᠎ᠶ᠋ᠢ ᠭᠦᠨᠵᠡᠭᠡᠢ ᠰᠤᠷᠤᠯᠴᠠᠵᠤ᠂ ᠡᠭᠦᠷᠭᠡ ᠬᠠᠷᠢᠭᠤᠴᠠᠯᠭ᠎ᠠ᠎ᠲᠠᠶ᠎ᠪᠠᠷ ᠰᠤᠷᠤᠯᠴᠠᠵᠤ᠂ ᠠᠰᠠᠭᠤᠳᠠᠯ᠎ᠳᠤ ᠴᠢᠭ᠌ᠯᠡᠭᠦᠯᠦᠨ ᠰᠤᠷᠤᠯᠴᠠᠵᠤ᠂ ᠰᠡᠳᠭᠢᠵᠦ ᠪᠣᠳᠣᠯᠬᠢᠯᠠᠨ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠣᠢᠯᠠᠭᠠᠭ᠍ᠳᠠᠬᠤᠨ᠎ᠢ ᠤᠯᠠᠮ ᠨᠢᠭᠡ ᠠᠯᠬᠤᠮ ᠴᠢᠩᠭᠠᠳᠭᠠᠬᠤ ᠬᠡᠷᠡᠭ᠌ᠲᠡᠢ᠃ ᠬᠤᠪᠢ ᠬᠥᠮᠦᠨ᠎ᠦ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠵᠥᠪ ᠪᠤᠷᠤᠭᠤ ᠬᠣᠶᠠᠷ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠰᠠᠢᠲᠤᠷ ᠬᠡᠷᠡᠭ᠌ᠯᠡᠨ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠵᠢᠱ᠌ᠢᠶ᠎ᠡ ᠦᠵᠡᠭᠦᠯᠵᠦ᠍ ᠬᠦᠲᠦᠯᠦᠨ ᠳᠠᠭᠠᠭᠤᠯᠬᠤ ᠦᠢᠯᠡᠳᠦᠯ ᠪᠠ ᠪᠤᠷᠤᠭᠤ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠶ᠋ᠢᠨ ᠰᠡᠷᠡᠮᠵᠢᠯᠡᠭᠦᠯᠦᠨ ᠬᠥᠮᠦᠵᠢᠭᠦᠯᠬᠦ᠌ ᠦᠢᠯᠡᠳᠦᠯ᠎ᠢ ᠪᠠᠳᠠᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ᠃

ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢᠨ ᠵᠠᠩᠭᠢᠯᠠᠭ᠎ᠠ ᠨᠢ 《ᠦᠨᠡᠨ ᠬᠦ᠌ ᠪᠠᠢᠴᠠᠭᠠᠬᠤ》 ᠲᠠᠯ᠎ᠠ᠎ᠪᠠᠷ ᠦᠨᠡᠨ ᠪᠣᠳᠠᠲᠠᠶ ᠬᠢᠵᠦ᠍᠂ ᠠᠰᠠᠭᠤᠳᠠᠯ᠎ᠢ ᠭᠦᠨᠵᠡᠭᠡᠶ ᠪᠠᠢᠴᠠᠭᠠᠨ ᠳᠡᠯᠭᠡᠵᠦ᠍᠂ ᠠᠰᠠᠭᠤᠳᠠᠯ᠎ᠤᠨ ᠵᠠᠩᠭᠢᠯᠠᠭ᠎ᠠ᠎ᠶ᠋ᠢ ᠣᠨᠣᠪᠴᠢᠲᠠᠶ ᠡᠷᠢᠬᠦ᠌᠎ᠳᠦ ᠪᠣᠶ᠃ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠡᠭᠡᠨ ᠠᠰᠠᠭᠤᠳᠠᠯ᠎ᠳᠤ ᠱᠢᠭᠤᠳ ᠬᠠᠨᠳᠤᠬᠤ᠂ ᠥᠪᠡᠷ᠎ᠢ᠎ᠪᠡᠨ ᠵᠠᠳᠠᠯᠬᠤ ᠰᠥᠰᠥ᠍ ᠵᠣᠷᠢᠭ᠎ᠲᠠᠶ ᠪᠠᠢᠵᠤ᠂ ᠰᠤᠯᠠᠷᠠᠭᠤᠯᠤᠯ ᠦᠭᠡᠢ᠂ ᠵᠠᠢᠯᠠᠬᠤ ᠦᠭᠡᠢ᠂ ᠮᠠᠭᠤ᠎ᠪᠠᠨ ᠨᠢᠭᠤᠬᠤ ᠦᠭᠡᠢ ᠪᠠᠢᠵᠤ᠂ ᠥᠪᠡᠷ᠎ᠢ᠎ᠪᠡᠨ ᠪᠠᠭ᠍ᠲᠠᠭᠠᠨ ᠣᠷᠣᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠪᠠᠭ᠍ᠲᠠᠭᠠᠨ ᠣᠷᠣᠭᠤᠯᠵᠤ᠂ ᠠᠵᠢᠯ᠎ᠢᠶᠠᠨ ᠪᠠᠭ᠍ᠲᠠᠭᠠᠨ ᠣᠷᠣᠭᠤᠯᠵᠤ᠂ ᠪᠤᠳᠠᠳᠠᠢ ᠪᠠᠢᠬᠤ᠎ᠵᠢ ᠡᠷᠬᠢᠮᠯᠡᠨ ᠦᠵᠡᠯ ᠰᠠᠨᠠᠭ᠎ᠠ᠎ᠲᠠᠢ ᠪᠠᠢᠬᠤ ᠬᠡᠷᠡᠭ᠌ᠲᠡᠢ᠃ ᠱᠠᠯᠠᠪᠳᠠᠨ ᠪᠠᠢᠴᠠᠭᠠᠬᠤ᠂ ᠪᠠᠢᠴᠠᠭᠠᠨ ᠰᠤᠳᠤᠯᠬᠤ᠂ ᠤᠯᠠᠨ ᠲᠦᠮᠡᠨ᠎ᠦ ᠲᠤᠰᠭᠠᠯ᠎ᠢ ᠣᠢᠯᠠᠭᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠡᠯ᠎ᠡ ᠲᠠᠯ᠎ᠠ᠎ᠶ᠋ᠢᠨ ᠬᠢᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠪᠠᠢᠴᠠᠭᠠᠨ ᠡᠷᠢᠵᠦ᠍᠂ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠪᠠᠢᠴᠠᠭᠠᠨ᠂ ᠪᠣᠯᠪᠠᠰᠤᠷᠠᠯ᠎ᠢᠶᠠᠨ ᠴᠢᠩᠭᠠᠳᠭᠠᠵᠤ᠂ ᠠᠰᠠᠭᠤᠳᠠᠯ᠎ᠢ ᠦᠨᠡᠨ ᠬᠦ᠌ ᠪᠠᠢᠴᠠᠭᠠᠨ ᠲᠤᠳᠤᠯᠠᠵᠤ᠂ ᠣᠨᠣᠪᠴᠢᠲᠠᠢ ᠡᠷᠢᠬᠦ᠌ ᠬᠡᠷᠡᠭ᠌ᠲᠡᠢ᠃

ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠳᠤ᠂ ᠡᠴᠦᠰ᠎ᠲᠡᠬᠡᠨ 《ᠪᠣᠳᠠᠲᠠᠶ ᠴᠡᠭ᠌ᠴᠡᠯᠡᠨ ᠰᠠᠢᠵᠢᠷᠠᠭᠤᠯᠬᠤ》 ᠳᠡᠭᠡᠷ᠎ᠡ ᠦᠨᠡᠨ ᠬᠦ᠌ ᠢᠯᠡᠷᠡᠭᠦᠯᠵᠦ᠍᠂ ᠵᠣᠷᠢᠭ᠍ᠲᠠᠶ᠎ᠪᠠᠷ ᠬᠠᠲᠠᠭᠤ᠎ᠲᠠᠶ᠎ᠨᠢ ᠬᠠᠯᠳᠠᠵᠤ᠂ ᠲᠣᠪᠣᠢᠮ᠎ᠠ ᠠᠰᠠᠭᠤᠳᠠᠯ᠎ᠢ ᠯᠠᠪᠳᠠᠭᠤᠨ ᠪᠠᠲᠤᠲᠠᠶ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠃ ᠭᠦᠨᠵᠡᠭᠡᠶ ᠰᠤᠷᠤᠯᠴᠠᠭ᠍ᠰᠠᠨ ᠡᠰᠡᠬᠦ᠌᠂ ᠪᠣᠳᠠᠲᠠᠶ ᠪᠠᠢᠴᠠᠭᠠᠭ᠍ᠰᠠᠨ ᠡᠰᠡᠬᠦ᠌ ᠵᠢ ᠦᠨᠡᠨ᠎ᠳᠡᠭᠡᠨ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠳᠦ ᠲᠦᠱᠢᠭ᠌ᠯᠡᠨ ᠱᠢᠯᠭᠠᠨ᠎ᠠ᠃ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠱᠢᠨ᠎ᠡ ᠨᠣᠶᠠᠨ ᠬᠠᠭᠤᠴᠢᠨ ᠲᠠᠩᠰᠠ᠎ᠶ᠋ᠢ ᠬᠠᠮᠢᠶᠠᠷᠬᠤ ᠥᠬᠡᠶ》᠂ ᠠᠪᠤᠨ ᠳᠤᠤᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠰᠣᠬᠣᠷ ᠪᠠᠯᠠᠶ᠎ᠪᠠᠷ ᠪᠠᠯᠠᠮᠠᠳᠯᠠᠨ ᠠᠵᠢᠯᠯᠠᠬᠤ ᠵᠡᠷᠭᠡ ᠲᠠᠯ᠎ᠠ᠎ᠶ᠋ᠢᠨ ᠠᠰᠠᠭᠤᠳᠠᠯ᠎ᠳᠤ ᠴᠢᠭ᠌ᠯᠡᠭᠦᠯᠦᠨ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠴᠢᠩᠭᠠᠳᠭᠠᠬᠤ ᠬᠡᠷᠡᠭ᠌ᠲᠡᠶ᠃ ᠲᠥᠪ᠎ᠦᠨ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠴᠡᠭ᠌ᠴᠡᠯᠡᠨ ᠰᠠᠢᠵᠢᠷᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠬᠦ᠌᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠡᠷᠭᠡ᠎ᠲᠡᠶ ᠤᠶᠠᠯᠳᠤᠭᠤᠯᠵᠤ᠂ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠦᠨᠡᠨ᠎ᠡᠴᠡ ᠵᠥᠪ᠎ᠢ ᠡᠷᠢᠬᠦ᠌᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠢ᠃ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠢ᠋ ᠠᠳᠭᠤᠵᠤ᠂ ᠤᠳᠤᠷᠢᠳᠭᠤ ᠪᠠᠢᠭᠤᠯᠭ᠎ᠠ ᠪᠣᠯᠤᠨ ᠤᠳᠤᠷᠢᠳᠭᠤ ᠺᠠᠳ᠋ᠷ᠎ᠡᠴᠡ ᠡᠬᠢᠯᠡᠨ ᠠᠳᠭᠤᠵᠤ᠂ ᠡᠬᠢᠯᠡᠨ ᠰᠠᠢᠵᠢᠷᠠᠭᠤᠯᠵᠤ᠂ ᠨᠢᠭᠡ ᠱᠠᠳᠤ ᠨᠢ ᠨᠢᠭᠡ ᠱᠠᠲᠤᠨ᠎ᠳᠠᠭᠠᠨ ᠦᠵᠡᠭᠦᠯᠵᠦ᠍᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠤᠨ ᠴᠡᠭᠴᠡᠯᠡᠨ ᠰᠠᠢᠵᠢᠷᠠᠭᠤᠯᠵᠤ᠂ ᠳᠠᠷᠤᠯᠲᠠ᠎ᠶ᠋ᠢ ᠣᠨᠣᠪᠴᠢᠲᠠᠢ ᠳᠠᠮᠵᠢᠭᠤᠯᠵᠤ᠂ ᠬᠥᠳᠡᠯᠭᠡᠬᠦ᠌ ᠬᠦᠴᠦᠨ᠎ᠢ ᠪᠦᠲᠦᠮᠵᠢᠲᠡᠢ ᠬᠥᠭ᠌ᠵᠢᠭᠡᠵᠦ᠍᠂ ᠪᠣᠳᠠᠲᠠᠢ ᠭᠠᠵᠠᠷ᠎ᠲᠤᠨᠢ ᠥᠭᠡᠷᠡᠴᠢᠯᠡᠵᠦ᠍᠂ ᠪᠣᠳᠠᠲᠠᠢ ᠦᠷ᠎ᠡ ᠪᠦᠲᠦᠮᠵᠢ ᠭᠠᠷᠭᠠᠬᠤ᠎ᠶ᠋ᠢ ᠦᠨᠡᠨ᠎ᠬᠦ ᠪᠠᠲᠤᠯᠠᠬᠤ ᠬᠡᠷᠡᠭ᠌ᠲᠡᠢ᠃

ᠭᠦᠨᠵᠡᠭᠡᠶ ᠰᠤᠷᠤᠯᠴᠠᠨ ᠨᠠᠷᠢᠨ ᠣᠢᠯᠠᠭᠠᠵᠤ ᠴᠢᠭ᠌ᠯᠡᠯ᠎ᠢ ᠲᠤᠳᠤᠷᠬᠠᠢᠯᠠᠵᠤ᠂ ᠴᠢᠩᠭ᠎ᠠ ᠪᠠᠢᠴᠠᠭᠠᠨ ᠪᠣᠳᠠᠲᠠᠶ ᠴᠡᠭᠴᠡᠯᠡᠨ ᠰᠠᠢᠵᠢᠷᠠᠭᠤᠯᠵᠤ ᠬᠥᠭ᠌ᠵᠢᠯᠲᠡ᠎ᠶ᠋ᠢ ᠠᠬᠢᠭᠤᠯᠤᠨ᠎ᠠ᠃ ᠪᠢᠳᠡ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠰᠤᠷᠤᠯᠴᠠᠬᠤ᠎ᠳᠤ ᠶᠠᠰᠤ ᠴᠢᠨᠠᠷ᠎ᠲᠠᠶ ᠪᠠᠢᠬᠤ᠂ ᠪᠠᠢᠴᠠᠭᠠᠬᠤ᠎ᠳᠤ ᠡᠷᠴᠢᠮ᠎ᠲᠡᠶ ᠪᠠᠢᠬᠤ᠂ ᠴᠡᠭᠴᠡᠯᠡᠨ ᠰᠠᠢᠵᠢᠷᠠᠭᠤᠯᠬᠤ᠎ᠳᠦ ᠦᠷ᠎ᠡ ᠪᠦᠲᠦᠮᠵᠢ᠎ᠲᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠤᠯᠠᠮ ᠨᠢᠭᠡ ᠠᠯᠬᠤᠮ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠠᠵᠢᠯ ᠬᠢᠵᠦ᠍ ᠦᠶ᠋ᠯᠡᠰ ᠪᠤᠰᠭᠠᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠶ᠎ᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 18᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号