ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠦᠨ ᠰᠠᠨᠠᠯ
2026-03-22 10:04:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

       (2026 ᠣᠨ᠎ᠤ 3 ᠰᠠᠷ᠎ᠠ᠎ᠶ᠋ᠢᠨ 1 ᠤ᠋ ᠡᠳᠦᠷ)


ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠪᠣᠯ ᠨᠡᠢᠭᠡᠮ᠎ᠦᠨ ᠠᠵᠢᠯᠲᠠᠨ᠎ᠤ ᠡᠩᠨᠡᠭᠡ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠣᠯᠠᠨ ᠲᠦᠮᠡᠨ᠎ᠲᠡᠶ ᠬᠠᠷᠢᠯᠴᠠᠵᠤ ᠣᠯᠠᠨ ᠲᠦᠮᠡᠨ᠎ᠳᠦ ᠦᠶ᠋ᠯᠡᠴᠢᠯᠡᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢᠨ ᠬᠦᠴᠦᠲᠡᠶ ᠲᠤᠯᠭᠠᠭᠤᠷᠢᠯᠠᠯ ᠮᠥᠨ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠡᠩᠨᠡᠭᠡ ᠵᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠦᠯᠦᠬᠡ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ ᠤᠳᠤ ᠳᠣᠣᠷᠠᠬᠢ ᠮᠡᠲᠦ ᠰᠠᠨᠠᠯ᠎ᠢ ᠳᠤᠷᠠᠳᠤᠶ᠎ᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠣᠯᠠᠨ ᠲᠦᠮᠡᠨ᠎ᠳᠦ ᠬᠠᠨᠳᠤᠵᠤ᠂ ᠦᠨᠳᠦᠰᠦᠨ ᠱᠠᠲᠤᠨ᠎ᠳᠤ ᠦᠢᠯᠡᠴᠢᠯᠡᠬᠦ ᠵᠢ ᠪᠠᠷᠢᠮᠳᠠᠯᠠᠵᠤ᠂ ᠠᠵᠢᠯ ᠮᠡᠷᠭᠡᠵᠢᠯ᠎ᠤᠨ ᠪᠤᠯᠭᠠᠬᠤ᠂ ᠲᠤᠰᠭᠠᠢᠵᠢᠭᠤᠯᠬᠤ ᠵᠢ ᠪᠠᠷᠢᠮᠳᠠᠯᠠᠵᠤ᠂ ᠠᠵᠢᠯ᠎ᠤᠨ ᠪᠠᠢᠷᠢ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌᠂ ᠡᠩᠨᠡᠭᠡᠨ᠎ᠦ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠂ ᠦᠶ᠋ᠯᠡᠴᠢᠯᠡᠭᠡᠨ᠎ᠦ ᠴᠢᠳᠠᠪᠤᠷᠢ᠎ᠶ᠋ᠢ ᠴᠢᠩᠭᠠᠷᠠᠭᠤᠯᠬᠤ᠎ᠪᠡᠷ ᠭᠤᠤᠯᠳᠠᠯᠭ᠎ᠠ ᠪᠣᠯᠭᠠᠵᠤ᠂ ᠬᠥᠮᠦᠵᠢᠭᠦᠯᠬᠦ᠂ ᠬᠡᠷᠡᠭ᠌ᠯᠡᠬᠦ᠂ ᠦᠨᠡᠯᠡᠬᠦ᠂ ᠤᠷᠮᠠᠱᠢᠭᠤᠯᠬᠤ ᠲᠣᠭ᠍ᠲᠡᠴᠡ ᠵᠢ ᠪᠦᠷᠢᠨᠰᠢᠭᠦᠯᠵᠤ᠂ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ᠂ ᠴᠢᠳᠠᠪᠤᠷᠢ ᠲᠠᠢ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠬᠠᠢᠷ᠎ᠠ ᠰᠡᠳᠭᠢᠯᠭᠡ᠎ᠲᠡᠶ ᠪᠡᠷ ᠬᠤᠪᠢ ᠨᠡᠮᠡᠷᠢ ᠦᠵᠡᠭᠦᠯᠬᠦ᠎ᠶ᠋ᠢ ᠡᠷᠬᠢᠮᠯᠡᠬᠦ᠌ ᠨᠡᠢᠭᠡᠮ᠎ᠦᠨ ᠠᠵᠢᠯᠲᠠᠨ᠎ᠤ ᠡᠩᠨᠡᠭᠡ ᠵᠢ ᠪᠠᠢᠭᠤᠯᠬᠤ ᠬᠡᠷᠡᠭᠳᠡᠢ᠃

ᠭᠤᠤᠯ ᠬᠠᠷᠠᠯᠲᠠ ᠪᠣᠯ᠄ 5 ᠵᠢᠯ ᠣᠷᠴᠢᠮ᠎ᠤᠨ ᠴᠠᠭ᠎ᠢ ᠬᠡᠷᠡᠭᠰᠡᠵᠤ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶ᠋ᠢᠨ ᠪᠦᠲᠦᠴᠡ ᠪᠠ ᠪᠠᠢᠷᠢᠯᠠᠭᠤᠯᠤᠯᠲᠠ᠎ᠶ᠋ᠢ ᠨᠠᠩ ᠵᠦᠶ ᠵᠣᠬᠢᠰᠲᠠᠶ ᠪᠣᠯᠭᠠᠵᠤ᠂ ᠠᠵᠢᠯ ᠮᠡᠷᠭᠡᠵᠢᠯ᠎ᠤᠨ ᠪᠤᠯᠭᠠᠬᠰᠠᠨ᠂ ᠲᠤᠰᠭᠠᠢᠵᠢᠭᠰᠠᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠍᠂ ᠳᠡᠭᠡᠳᠦ ᠲᠠᠰ᠎ᠤᠨ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ᠎ᠶ᠋ᠢ ᠢᠯᠡᠳᠲᠡ ᠪᠤᠵᠠᠭᠠᠢᠷᠠᠭᠤᠯᠵᠤ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯ᠎ᠤᠨ ᠪᠠᠢᠷᠢ᠎ᠶ᠋ᠢᠨ ᠬᠡᠪᠴᠢᠶ᠎ᠡ᠎ᠶ᠋ᠢ ᠲᠣᠭ᠍ᠲᠠᠭᠤᠨ᠎ᠢᠶᠠᠷ ᠥᠷᠭᠡᠳᠭᠡᠨ᠎ᠡ᠃

ᠬᠣᠶᠠᠷ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠬᠥᠮᠦᠵᠢᠭᠦᠯᠬᠦ᠌᠎ᠶ᠋ᠢ ᠲᠦᠷᠭᠡᠳᠭᠡᠨ᠎ᠠ

(ᠨᠢᠭᠡ) ᠦᠵᠡᠯ ᠰᠠᠨᠠᠭ᠎ᠠ ᠤᠯᠤᠰ ᠲᠥᠷᠥ ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠬᠠᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ ᠪᠠ ᠤᠯᠤᠰ᠎ᠤᠨ ᠪᠠᠢᠳᠠᠯ᠎ᠤᠨ ᠲᠤᠬᠠᠢ ᠰᠤᠳᠤᠯᠤᠨ ᠰᠤᠷᠤᠯᠴᠠᠬᠤ᠎ᠶ᠋ᠢ ᠴᠢᠩᠭᠠᠳᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠤᠨ᠎ᠠ᠃ ᠨᠡᠢᠭᠡᠮ᠎ᠦᠨ ᠠᠵᠢᠯ᠎ᠤᠨ ᠲᠤᠰᠭᠠᠢ ᠮᠡᠷᠭᠡᠵᠢᠯ᠎ᠦᠨ ᠱᠢᠯᠢᠳᠡᠭ ᠠᠵᠢᠯᠳᠠᠨ᠎ᠤ ᠳᠣᠲᠣᠷ᠎ᠠ᠎ᠡᠴᠡ ᠨᠠᠮ᠎ᠤᠨ ᠭᠡᠱᠢᠭᠦᠨ᠎ᠢ ᠬᠥᠮᠦᠵᠢᠭᠦᠯᠦᠨ ᠬᠥᠭ᠌ᠵᠢᠭᠦᠯᠬᠦ᠌᠎ᠶ᠋ᠢ ᠴᠢᠬᠤᠯᠠᠴᠢᠯᠠᠵᠤ᠂ ᠨᠡᠢᠭᠡᠮ᠎ᠦᠨ ᠠᠵᠢᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠳᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠡᠷᠴᠢᠮ ᠢ᠋ ᠴᠢᠩᠭᠠᠷᠠᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠠᠵᠢᠯ᠎ᠢ ᠪᠦᠷᠬᠦᠬᠦᠯᠬᠦ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

(ᠬᠣᠶᠠᠷ) ᠠᠵᠢᠯ ᠮᠡᠷᠭᠡᠵᠢᠯ᠎ᠤᠨ ᠪᠤᠯᠭᠠᠬᠤ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠨᠡᠢᠭᠡᠮ ᠲᠣᠭᠣᠷᠢᠭ᠎ᠤᠨ ᠵᠠᠰᠠᠯᠲᠠ᠂ ᠬᠥᠳᠡᠭᠡ ᠲᠣᠰᠭᠣᠨ᠎ᠤ ᠵᠠᠰᠠᠯᠲᠠ᠂ ᠵᠠᠬᠢᠳᠠᠯ ᠰᠤᠷᠪᠤᠯᠵᠢᠯᠠᠯ᠎ᠤᠨ ᠠᠵᠢᠯ᠂ ᠱᠢᠨ᠎ᠡ ᠬᠡᠯᠪᠡᠷᠢ ᠵᠢᠨ ᠠᠵᠢᠯ ᠤᠯᠭᠤᠯᠳᠠ ᠵᠢᠨ ᠬᠥᠮᠦᠰ᠎ᠲᠦ ᠦᠶ᠋ᠯᠡᠴᠢᠯᠡᠬᠦ᠌᠂ ᠠᠵᠢᠯᠲᠠᠨ ᠠᠵᠢᠯᠴᠢᠨ ᠢ᠋ ᠬᠠᠪᠰᠤᠷᠤᠨ ᠲᠡᠳᠬᠦᠬᠦ᠌᠂ ᠵᠠᠯᠠᠭᠤᠴᠤᠳ ᠪᠠᠭᠠᠴᠤᠳ᠎ᠤᠨ ᠬᠡᠷᠡᠭ ᠶᠠᠪᠤᠳᠠᠯ᠂ ᠰᠤᠷᠭᠠᠨ ᠬᠥᠮᠦᠵᠢᠯ᠎ᠦᠨ ᠬᠠᠪᠰᠤᠷᠤᠨ ᠵᠢᠯᠣᠭᠣᠳᠭᠤ᠂ ᠦᠨᠳᠦᠰᠦᠨ ᠱᠠᠲᠤᠨ᠎ᠤ ᠰᠣᠶᠣᠯ᠎ᠤᠨ ᠠᠵᠢᠯᠯᠠᠭ᠎ᠠ᠎ᠶ᠋ᠢᠨ ᠵᠣᠬᠢᠶᠠᠨ ᠪᠠᠢᠭᠤᠯᠤᠯᠲᠠ᠂ ᠬᠤᠤᠷ ᠲᠠᠲᠠᠬᠤ᠎ᠶ᠋ᠢ ᠵᠣᠭ᠍ᠰᠣᠭᠠᠨ ᠡᠷᠡᠭᠦᠯᠵᠢᠭᠦᠯᠬᠦ᠌᠂ ᠨᠡᠢᠭᠡᠮ᠎ᠦᠨ ᠠᠪᠤᠷᠠᠨ ᠲᠤᠰᠠᠯᠠᠬᠤ᠂ ᠦᠳᠡᠭᠦᠰ ᠪᠣᠯᠤᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡ᠂ ᠬᠡᠦᠬᠡᠳ᠎ᠦᠨ ᠠᠰᠠᠷᠠᠮᠵᠢ᠂ ᠨᠢᠭᠦᠯᠡᠰᠦᠩᠭᠦᠶ᠎ᠶ᠋ᠢᠨ ᠦᠶ᠋ᠯᠡᠰ᠂ ᠣᠷᠣᠭ ᠬᠡᠷ ᠪᠦᠯᠢ᠂ ᠨᠡᠢᠭᠡᠮ ᠲᠣᠭᠣᠷᠢᠭ ᠲᠤ᠌ ᠵᠠᠯᠠᠷᠠᠭᠤᠯᠤᠨ ᠵᠠᠰᠠᠬᠤ᠂ ᠠᠵᠢᠯ ᠣᠯᠭᠣᠯᠳᠠ ᠵᠢᠨ ᠦᠶ᠋ᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭ᠌ᠴᠦᠳ ᠲᠤ᠌ ᠦᠶ᠋ᠯᠡᠴᠢᠯᠡᠬᠦ ᠵᠡᠷᠭᠡ ᠬᠦᠷᠢᠶ᠎ᠡ ᠴᠠᠷᠠᠭ᠎ᠠ᠎ᠳᠤ ᠭᠤᠤᠯᠳᠠᠯᠭ᠎ᠠ᠎ᠲᠠᠶ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ ᠤ᠋ᠨ ᠠᠵᠢᠯ᠎ᠤᠨ ᠪᠠᠢᠷᠢ᠎ᠶ᠋ᠢᠨ ᠲᠤᠰᠬᠠᠢ ᠡᠭᠦᠷᠭᠡ ᠬᠢᠭᠡᠳ ᠪᠠᠷᠢᠮᠵᠢᠶ᠎ᠠ᠎ᠶ᠋ᠢ ᠲᠣᠳᠣᠷᠬᠠᠢᠯᠠᠨ᠎ᠠ᠃ ᠨᠡᠢᠭᠡᠮ᠎ᠦᠨ ᠠᠵᠢᠯ᠎ᠤᠨ ᠦᠢᠯᠡᠴᠢᠯᠡᠭᠡᠨ᠎ᠦ ᠬᠦᠷᠢᠶ᠎ᠠ ᠴᠠᠷᠠᠭᠠᠨ᠎ᠳᠡᠬᠢ ᠠᠵᠢᠯ ᠮᠡᠷᠭᠡᠵᠢᠯ᠎ᠦᠨ ᠠᠩᠭᠢᠯᠠᠯ᠎ᠢ ᠲᠡᠭᠦᠯᠳᠡᠷᠵᠢᠭᠦᠯᠵᠦ᠍᠂ ᠠᠵᠢᠯ ᠮᠡᠷᠭᠡᠵᠢᠯ᠎ᠦᠨ ᠠᠩᠭᠢᠯᠠᠯ ᠡᠴᠡ ᠠᠵᠢᠯ ᠣᠯᠵᠤ ᠦᠢᠯᠡᠰ ᠪᠤᠰᠬᠠᠬᠤ᠎ᠳᠤ ᠦᠵᠡᠭᠦᠯᠬᠦ᠌  ᠵᠢᠯᠣᠭᠣᠳᠭᠤ ᠦᠢᠯᠡᠳᠦᠯ᠎ᠢ ᠪᠠᠳᠠᠷᠠᠭᠤᠯᠤᠨ᠎ᠠ᠃ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠱᠢᠨ᠎ᠡ ᠬᠦᠷᠢᠶ᠎ᠡ ᠴᠠᠷᠠᠭ᠎ᠠ᠂ ᠱᠢᠨ᠎ᠡ ᠵᠠᠭ᠍ᠪᠤᠷ᠎ᠢ ᠪᠣᠢᠵᠢᠭᠤᠯᠵᠤ᠂ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠠᠵᠢᠯ ᠣᠯᠭᠣᠯᠲᠠ᠎ᠶ᠋ᠢᠨ ᠨᠡᠮᠡᠭ᠌ᠳᠡᠯ᠎ᠦᠨ ᠴᠡᠭ᠎ᠢ ᠪᠣᠶ ᠪᠣᠯᠭᠠᠨ᠎ᠠ᠃

(ᠭᠤᠷᠪᠠ) ᠲᠤᠰᠭᠠᠶ ᠮᠡᠷᠭᠡᠵᠢᠯ᠎ᠦᠨ ᠪᠣᠯᠪᠠᠰᠤᠷᠠᠯ᠎ᠢ ᠭᠦᠨᠵᠡᠭᠡᠢᠷᠡᠭᠦᠯᠦᠨ᠎ᠠ᠃ ᠣᠳᠣ ᠪᠠᠢᠭ᠎ᠠ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠪᠣᠯᠪᠠᠰᠤᠷᠠᠯ᠎ᠤᠨ ᠠᠵᠢᠯ᠎ᠢ ᠲᠣᠪᠣᠢᠮ᠎ᠠ ᠰᠠᠢᠲᠤᠷ ᠠᠳᠭᠤᠵᠤ᠂ ᠲᠤᠰᠭᠠᠶ ᠮᠡᠷᠭᠡᠵᠢᠯ᠎ᠦᠨ ᠬᠡᠪ ᠪᠤᠯᠪᠠᠰᠤᠷᠠᠯ ᠪᠣᠯᠤᠨ ᠠᠵᠢᠯ ᠮᠡᠷᠭᠡᠵᠢᠯ ᠤ᠋ᠨ ᠴᠢᠳᠠᠪᠤᠷᠢ᠎ᠶ᠋ᠢ ᠨᠢ ᠳᠡᠭᠡᠭ᠌ᠰᠢᠯᠡᠭᠦᠯᠦᠨ᠎ᠠ᠃ ᠬᠦᠷᠢᠶ᠎ᠠ ᠴᠠᠷᠠᠭ᠎ᠠ᠂ ᠣᠷᠣᠨ ᠪᠦᠰᠡ ᠬᠤᠪᠢᠶᠠᠨ ᠲᠤᠰᠭᠠᠢ ᠮᠡᠷᠭᠡᠵᠢᠯ᠎ᠦᠨ ᠠᠷᠭ᠎ᠠ ᠪᠠ ᠮᠡᠷᠭᠡᠵᠢᠯ᠂ ᠪᠣᠳᠠᠳᠠᠢ ᠵᠢ ᠡᠷᠬᠢᠮᠯᠡᠬᠦ᠌ ᠪᠠᠶᠠᠯᠢᠭ ᠲᠤᠷᠱᠢᠯᠭ᠎ᠠ᠎ᠲᠠᠶ᠂ ᠲᠦᠪᠡᠭ ᠪᠤᠳᠤᠯᠢᠶᠠᠨᠲᠠᠢ ᠠᠰᠠᠭᠤᠳᠠᠯ᠎ᠢ ᠱᠢᠢᠳᠪᠦᠷᠢᠯᠡᠬᠦ᠌᠎ᠳᠦ ᠴᠢᠳᠠᠮᠠᠭᠠᠢ ᠨᠢᠭᠡ ᠪᠦᠯᠦᠭ ᠳᠡᠭᠡᠳᠦ ᠲᠡᠰ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠤᠢ ᠪᠣᠯᠭᠠᠨ᠎ᠠ᠃ ᠪᠣᠳᠠᠲᠤ ᠪᠠᠢᠳᠠᠯ᠎ᠲᠠᠶ ᠤᠶᠠᠯᠳᠤᠭᠤᠯᠤᠨ ᠨᠡᠢᠭᠡᠮ᠎ᠦᠨ ᠦᠢᠯᠡᠴᠢᠯᠡᠭᠡ ᠬᠠᠩᠭᠠᠬᠤ ᠠᠵᠢᠯᠲᠠᠨ᠎ᠳᠤ ᠨᠡᠢᠭᠡᠮ᠎ᠦᠨ ᠠᠵᠢᠯ᠎ᠤᠨ ᠰᠠᠭᠤᠷᠢ ᠣᠨᠣᠯ᠂ ᠲᠤᠰᠭᠠᠶ ᠮᠡᠷᠭᠡᠵᠢᠯ᠎ᠦᠨ ᠮᠡᠳᠡᠯᠭᠡ ᠪᠣᠯᠤᠨ ᠠᠷᠭ᠎ᠠ ᠮᠡᠷᠭᠡᠵᠢᠯ᠎ᠦᠨ ᠪᠣᠯᠪᠠᠰᠤᠷᠠᠯ ᠬᠦᠷᠳᠡᠬᠡᠨ᠎ᠡ᠃ ᠨᠡᠢᠭᠡᠮ᠎ᠦᠨ ᠠᠵᠢᠯ᠎ᠤᠨ ᠲᠤᠰᠭᠠᠢ ᠮᠡᠷᠭᠡᠵᠢᠯ᠎ᠦᠨ ᠠᠵᠢᠯᠳᠠᠨ ᠤ᠋ ᠦᠷᠭᠦᠯᠵᠢᠯᠡᠯ ᠰᠤᠷᠭᠠᠨ ᠬᠥᠮᠦᠵᠢᠯ ᠤ᠋ᠨ ᠲᠦᠷᠢᠮ᠎ᠢ ᠲᠡᠭᠦᠯᠳᠡᠷᠵᠢᠭᠦᠯᠦᠨ᠎ᠡ᠃

(ᠳᠥᠷᠪᠡ)ᠲᠤᠰᠭᠠᠶ ᠮᠡᠷᠭᠡᠵᠢᠯ᠎ᠦᠨ ᠬᠥᠮᠦᠵᠢᠯ᠎ᠢ ᠴᠢᠩᠭᠠᠳᠬᠠᠨ᠎ᠠ᠃ ᠱᠢᠨ᠎ᠡ ᠴᠠᠭ ᠦᠶ᠎ᠡ᠎ᠶ᠋ᠢᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠴᠢᠬᠤᠯᠠ ᠶᠡᠬᠡ ᠣᠨᠣᠯ ᠪᠠ ᠦᠶ᠋ᠯᠡᠳᠦᠯᠭᠡ᠎ᠶ᠋ᠢᠨ ᠠᠰᠠᠭᠤᠳᠠᠯ᠎ᠤᠨ ᠰᠤᠳᠤᠯᠭᠠᠨ᠎ᠢ ᠴᠢᠩᠭᠠᠳᠭᠠᠵᠤ᠂ ᠦᠷ᠎ᠡ ᠪᠦᠲᠦᠭᠡᠯ᠎ᠢ ᠤᠨᠳᠤᠤᠰᠢᠭᠤᠯᠤᠨ ᠠᠱᠢᠭ᠍ᠯᠠᠬᠤ ᠲᠦᠪᠰᠢᠨ ᠢ᠋ ᠳᠡᠭᠡᠭ᠌ᠰᠢᠯᠡᠭᠦᠯᠦᠨ᠎ᠡ᠃ ᠨᠡᠢᠭᠡᠮ᠎ᠦᠨ ᠠᠵᠢᠯ᠎ᠤᠨ ᠬᠤᠯᠪᠤᠭᠳᠠᠯ ᠪᠦᠬᠦᠢ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠨᠥᠬᠥᠴᠡᠯ ᠪᠦᠬᠦᠢ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠪᠣᠳᠠᠳᠤ ᠪᠠᠢᠳᠠᠯ᠎ᠲᠠᠶ᠎ᠪᠠᠨ ᠤᠶᠠᠯᠳᠤᠭᠤᠯᠤᠨ ᠨᠢᠭᠡ ᠪᠦᠯᠦᠭ ᠥᠨᠳᠥᠷ ᠲᠦᠪᠰᠢᠨ ᠪᠦᠬᠦᠢ ᠨᠡᠢᠭᠡᠮ᠎ᠦᠨ ᠠᠵᠢᠯ᠎ᠤᠨ ᠬᠤᠯᠪᠤᠭᠳᠠᠯ ᠪᠦᠬᠦᠢ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠴᠡᠭ ᠪᠠᠢᠭᠤᠯᠬᠤ᠎ᠶ᠋ᠢ ᠳᠡᠮᠵᠢᠵᠦ᠍᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠠᠯᠬᠤᠮ ᠳᠠᠷᠠᠭ᠎ᠠ᠎ᠲᠠᠶ᠎ᠪᠠᠷ ᠠᠬᠢᠭᠤᠯᠤᠨ᠎ᠠ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠬᠥᠮᠦᠵᠢᠯ᠎ᠦᠨ ᠬᠥᠮᠦᠵᠢᠭᠦᠯᠬᠦ᠌ ᠵᠠᠭ᠍ᠪᠤᠷ᠎ᠢ ᠱᠢᠯᠢᠳᠡᠭ᠌ᠵᠢᠭᠦᠯᠵᠦ᠍᠂ ᠦᠶ᠋ᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠂ ᠲᠣᠰᠭᠣᠨ (ᠨᠡᠢᠭᠡᠮ ᠲᠣᠭᠣᠷᠢᠭ)᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ᠎ᠳᠦ ᠬᠦᠷᠴᠦ᠍ ᠳᠠᠳᠤᠯᠭ᠎ᠠ ᠦᠶ᠋ᠯᠡᠳᠦᠯᠭᠡ ᠬᠢᠬᠦ᠌᠎ᠶ᠋ᠢ ᠵᠣᠷᠢᠭ᠍ᠵᠢᠭᠤᠯᠤᠨ᠎ᠠ᠃ ᠲᠤᠰᠭᠠᠶ ᠲᠤᠱᠢᠶᠠᠯ ᠡᠭᠦᠷᠭᠡᠯᠡᠬᠦ ᠪᠠ ᠲᠤᠱᠢᠶᠠᠯ ᠬᠠᠪᠰᠤᠷᠭᠠᠬᠤ᠎ᠶ᠋ᠢ ᠤᠶᠠᠯᠳᠤᠭᠤᠯᠤᠭ᠍ᠰᠠᠨ᠂ ᠣᠨᠣᠯ᠎ᠤᠨ ᠲᠦᠪᠰᠢᠨ ᠥᠨᠳᠥᠷ᠂ ᠪᠣᠳᠠᠲᠠᠶ᠎ᠶ᠋ᠢ ᠡᠷᠬᠢᠮᠯᠡᠬᠦ᠌ ᠴᠢᠳᠠᠪᠤᠷᠢ᠎ᠪᠠᠷ ᠴᠢᠩᠭ᠎ᠠ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠤᠨ᠎ᠠ᠃

ᠭᠤᠷᠪᠠ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠢ᠋ ᠬᠡᠷᠡᠭ᠌ᠯᠡᠬᠦ᠌ ᠡᠷᠴᠢᠮ᠎ᠢ ᠴᠢᠩᠭᠠᠷᠠᠭᠤᠯᠤᠨ᠎ᠠ

(ᠲᠠᠪᠤ) ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠎ᠡ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠢ᠋ ᠬᠡᠷᠡᠭ᠌ᠯᠡᠬᠦ᠌ ᠬᠡᠪᠴᠢᠶ᠎ᠡ᠎ᠶ᠋ᠢ ᠵᠦᠶ ᠵᠣᠬᠢᠰᠲᠠᠶ ᠲᠣᠭ᠍ᠲᠠᠭᠠᠵᠤ᠂ ᠨᠡᠢᠭᠡᠮ᠎ᠦᠨ ᠠᠵᠢᠯ᠎ᠤᠨ ᠦᠶ᠋ᠯᠡᠴᠢᠯᠡᠭᠡ ᠨᠢ ᠬᠣᠲᠠ ᠬᠥᠳᠡᠭᠡ᠂ ᠣᠷᠣᠨ ᠪᠦᠰᠡ ᠪᠠ ᠬᠦᠷᠢᠶ᠎ᠡ ᠴᠠᠷᠠᠭ᠎ᠠ᠎ᠳᠤ ᠲᠡᠩᠴᠡᠭᠦᠷᠢᠲᠡᠶ ᠬᠥᠭ᠌ᠵᠢᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠨᠠᠮ᠎ᠤᠨ ᠭᠡᠰᠢᠬᠥᠨ  ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ) ᠪᠣᠯᠤᠨ ᠦᠨᠳᠦᠰᠦᠨ ᠱᠠᠲᠤᠨ᠎ᠤ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠥᠷᠲᠡᠭᠡ ᠵᠡᠷᠭᠡ᠎ᠳᠦ ᠲᠦᠱᠢᠭ᠌ᠯᠡᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ ᠤ᠋ᠨ ᠠᠵᠢᠯᠲᠠᠨ᠎ᠤ ᠦᠶ᠋ᠯᠡᠳᠦᠯ᠎ᠢ ᠪᠠᠳᠠᠷᠠᠭᠤᠯᠵᠤ ᠂ ᠨᠡᠢᠭᠡᠮ᠎ᠦᠨ ᠠᠵᠢᠯ᠎ᠤᠨ ᠦᠶ᠋ᠯᠡᠴᠢᠯᠡᠭᠡ᠎ᠶ᠋ᠢ ᠥᠷᠨᠢᠭᠦᠯᠦᠨ᠎ᠡ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠢ᠋ ᠢᠳᠡᠪᠬᠢᠳᠠᠢ ᠬᠦᠳᠦᠯᠦᠨ ᠵᠢᠯᠤᠭᠤᠳᠴᠤ ᠬᠥᠳᠡᠭᠡ ᠲᠣᠰᠭᠣᠨ᠎ᠤ ᠭᠠᠵᠠᠷ ᠣᠷᠣᠨ᠂ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ᠎ᠦ ᠭᠠᠵᠠᠷ ᠣᠷᠣᠨ᠎ᠳᠤ ᠬᠦᠷᠴᠦ᠍ ᠦᠶ᠋ᠯᠡᠴᠢᠯᠡᠭᠡ ᠥᠷᠨᠢᠭᠦᠯᠦᠨ᠂ ᠨᠡᠢᠭᠡᠮ᠎ᠦᠨ ᠵᠠᠰᠠᠯᠲᠠ᠎ᠳᠤ ᠡᠮᠬᠢ ᠵᠢᠷᠤᠮ᠎ᠲᠠᠶ᠎ᠪᠠᠷ ᠣᠷᠣᠯᠴᠠᠭᠤᠯᠤᠨ᠎ᠠ᠃ ᠨᠡᠢᠭᠡᠮ᠎ᠦᠨ ᠠᠵᠢᠯ᠎ᠤᠨ ᠦᠶ᠋ᠯᠡᠴᠢᠯᠡᠭᠡ᠎ᠵᠢ ᠬᠥᠮᠦᠨ ᠠᠮᠠ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠪᠠ ᠦᠶ᠋ᠯᠡᠴᠢᠯᠡᠭᠡ ᠬᠠᠩᠭᠠᠬᠤ ᠱᠢᠰᠲ᠋ᠧᠮ᠎ᠳᠦ ᠣᠷᠣᠭᠤᠯᠤᠨ᠎ᠠ᠃ ᠱᠢᠨ᠎ᠡ᠎ᠬᠡᠯᠪᠡᠷᠢ ᠵᠢᠨ ᠠᠵᠢᠯ ᠤᠯᠭᠤᠯᠳᠠ ᠵᠢᠨ ᠬᠥᠮᠦᠰ ᠵᠡᠷᠭᠡ᠎ᠳᠦ ᠰᠠᠨᠠᠭᠠᠴᠢᠯᠠᠭ᠎ᠠ᠎ᠡᠴᠡ᠎ᠪᠠᠨ ᠨᠡᠢᠭᠡᠮ᠎ᠦᠨ ᠠᠵᠢᠯ᠎ᠤᠨ ᠦᠶ᠋ᠯᠡᠴᠢᠯᠡᠭᠡ ᠬᠠᠩᠭᠠᠨ᠎ᠠ᠃ ᠰᠤᠷᠭᠠᠭᠤᠯᠢ ᠳ᠋ᠡᠬᠢ ᠨᠡᠢᠭᠡᠮ᠎ᠦᠨ ᠠᠵᠢᠯ᠎ᠤᠨ ᠦᠢᠯᠡᠴᠢᠯᠡᠭᠡ ᠪᠠ ᠡᠮᠨᠡᠯᠭᠡ ᠳ᠋ᠡᠬᠢ ᠨᠡᠢᠭᠡᠮ᠎ᠦᠨ ᠠᠵᠢᠯ᠎ᠤᠨ ᠦᠢᠯᠡᠴᠢᠯᠡᠭᠡ᠎ᠶ᠋ᠢ ᠲᠦᠷᠭᠡᠳᠭᠡᠨ ᠬᠥᠭ᠌ᠵᠢᠭᠦᠯᠦᠨ᠎ᠡ᠃

(ᠵᠢᠷᠭᠤᠭ᠎ᠠ) ᠠᠵᠢᠯ᠎ᠤᠨ ᠪᠠᠢᠷᠢ᠎ᠶ᠋ᠢᠨ ᠬᠡᠪᠴᠢᠶ᠎ᠡ᠎ᠶ᠋ᠢ ᠥᠷᠭᠡᠳᠭᠡᠨ᠎ᠡ᠃ ᠲᠥᠷᠥᠯ ᠬᠤᠪᠢᠶᠠᠨ ᠵᠢᠯᠣᠭᠣᠳᠭᠤ᠂ ᠡᠮᠬᠢ ᠵᠢᠷᠤᠮ᠎ᠲᠠᠶ᠎ᠪᠠᠷ ᠠᠬᠢᠭᠤᠯᠬᠤ᠎ᠶ᠋ᠢ ᠪᠠᠷᠢᠮᠲᠠᠯᠠᠨ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ᠎ᠶ᠋ᠢ ᠣᠯᠠᠨ ᠠᠷᠭ᠎ᠠ ᠵᠠᠮ᠎ᠢᠶᠠᠷ ᠨᠡᠭᠡᠭᠡᠨ᠎ᠡ᠃ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠦᠢᠯᠡᠴᠢᠯᠡᠭᠡᠨ᠎ᠦ ᠬᠦᠷᠢᠶ᠎ᠡ ᠴᠠᠷᠠᠭ᠎ᠠ ᠪᠠ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ ᠲᠣᠬᠢᠷᠠᠭᠤᠯᠬᠤ᠎ᠶ᠋ᠢ ᠬᠥᠲᠥᠯᠥᠨ ᠵᠢᠯᠣᠭᠣᠳᠤᠨ᠎ᠠ᠃ ᠠᠵᠤ ᠠᠬᠤᠢᠯᠠᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠨᠥᠬᠥᠴᠡᠯ ᠪᠦᠬᠦᠢ ᠪᠠᠢᠭᠤᠯᠭ᠎ᠠ ᠨᠢᠭᠡᠴᠢ᠎ᠶ᠋ᠢᠨ ᠬᠢᠨ ᠨᠡᠢᠭᠡᠮ᠎ᠦᠨ ᠠᠵᠢᠯ᠎ᠤᠨ ᠦᠢᠯᠡᠴᠢᠯᠡᠭᠡᠨ᠎ᠦ ᠲᠠᠪᠴᠠᠩ ᠪᠠᠢᠭᠤᠯᠵᠤ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠬᠡᠷᠡᠭ᠌ᠯᠡᠬᠦ᠌᠎ᠶ᠋ᠢ ᠳᠡᠮᠵᠢᠨ᠎ᠡ᠃

(ᠳᠣᠯᠣᠭ᠎ᠠ) ᠵᠢᠷᠤᠮᠵᠢᠩᠭᠤᠢ ᠬᠡᠷᠡᠭᠯᠡᠨ᠎ᠡ᠃ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢ ᠵᠢᠷᠤᠮᠵᠢᠭᠤᠯᠵᠤ᠂ ᠠᠵᠢᠯ ᠲᠥᠷᠥᠯ᠎ᠦᠨ ᠬᠠᠮᠢᠶᠠᠷᠤᠯᠲᠠ ᠪᠣᠯᠤᠨ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ᠎ᠶ᠋ᠢ ᠴᠢᠩᠭᠠᠳᠭᠠᠨ᠂ ᠲᠤᠰᠭᠠᠶ ᠮᠡᠷᠭᠡᠵᠢᠯ᠎ᠦᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠥᠮᠦᠨ ᠬᠡᠷᠡᠭ᠌ᠯᠡᠬᠦ᠌ ᠨᠢᠭᠡᠴᠢ᠎ᠵᠢ ᠵᠢᠯᠤᠭᠤᠳᠴᠤ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯ᠎ᠤᠨ ᠪᠠᠢᠷᠢ᠎ᠶ᠋ᠢᠨ ᠳᠡᠰ᠎ᠢ ᠲᠣᠳᠣᠷᠬᠠᠢᠯᠠᠬᠤ᠎ᠶ᠋ᠢ ᠳᠡᠮᠵᠢᠵᠤ ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠱᠢᠯᠵᠢᠯᠲᠡ᠎ᠶ᠋ᠢᠨ ᠲᠣᠭ᠍ᠲᠠᠴᠠ᠎ᠶ᠋ᠢ ᠪᠦᠷᠢᠨᠰᠢᠭᠦᠯᠬᠦ᠎ᠶ᠋ᠢ ᠠᠬᠢᠭᠤᠯᠵᠤ᠂ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠵᠠᠮ᠎ᠢ ᠱᠢᠯᠤᠭᠤᠳᠭᠠᠨ᠎ᠠ᠃ ᠨᠥᠬᠥᠴᠡᠯ᠎ᠳᠦ ᠨᠡᠢᠴᠡᠬᠦ᠌ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠵᠣᠬᠢᠬᠤ ᠲᠤᠰᠭᠠᠶ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠵᠦ ᠡᠯᠰᠡᠨ ᠬᠡᠷᠡᠭ᠌ᠯᠡᠬᠦ᠌᠎ᠶ᠋ᠢ ᠵᠣᠷᠢᠭ᠍ᠵᠢᠭᠤᠯᠤᠨ᠎ᠠ᠃ ᠠᠵᠢᠯ ᠦᠢᠯᠡᠰ᠎ᠦᠨ ᠨᠢᠭᠡᠴᠢ ᠣᠷᠣᠨ ᠲᠣᠭ᠎ᠠ᠎ᠶ᠋ᠢᠨ ᠳᠣᠲᠣᠷᠠᠬᠢ ᠲᠤᠰᠭᠠᠶ ᠮᠡᠷᠭᠡᠵᠢᠯ᠎ᠦᠨ ᠠᠵᠢᠯ ᠬᠢᠬᠦ᠌ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠢ ᠲᠣᠭ᠍ᠲᠠᠭᠠᠯ ᠶᠣᠰᠣᠭᠠᠷ ᠲᠤᠰ ᠨᠢᠭᠡᠴᠢ᠎ᠶ᠋ᠢᠨ᠎ᠢᠶᠡᠨ ᠲᠤᠰᠭᠠᠶ ᠮᠡᠷᠭᠡᠵᠢᠯ᠎ᠦᠨ ᠠᠵᠢᠯ᠎ᠤᠨ ᠪᠠᠢᠷᠢ᠎ᠶ᠋ᠢᠨ ᠬᠠᠮᠢᠶᠠᠷᠤᠯᠲᠠ᠎ᠶ᠋ᠢᠨ ᠬᠡᠪᠴᠢᠶᠡᠨ᠎ᠳᠦ ᠣᠷᠣᠭᠤᠯᠵᠤ ᠪᠣᠯᠤᠨ᠎ᠠ᠃ ᠨᠡᠢᠭᠡᠮ᠎ᠦᠨ ᠠᠵᠢᠯ᠎ᠤᠨ ᠲᠤᠰᠭᠠᠢ ᠮᠡᠷᠭᠡᠵᠢᠯ᠎ᠦᠨ ᠠᠵᠢᠯᠳᠠᠨ ᠪᠠ ᠰᠠᠢ᠌ᠨ ᠳᠤᠷᠠᠴᠤᠳ᠎ᠤᠨ ᠡᠩᠨᠡᠭᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠦᠢᠯᠡᠴᠢᠯᠡᠭᠡᠨ᠎ᠦ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃

ᠳᠥᠷᠪᠡ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠦᠨᠡᠯᠡᠭᠦ ᠲᠦᠷᠢᠮ᠎ᠢ ᠰᠠᠢᠵᠢᠷᠠᠭᠤᠯᠤᠨ᠎ᠠ

(ᠨᠠᠶ᠋ᠮᠠ) ᠦᠨᠡᠯᠡᠬᠦ᠌ ᠪᠠᠷᠢᠮᠵᠢᠶ᠎ᠠ ᠪᠣᠯᠤᠨ ᠦᠨᠡᠯᠡᠬᠦ᠌ ᠠᠷᠭ᠎ᠠ ᠬᠡᠯᠪᠡᠷᠢ ᠵᠢ ᠪᠦᠷᠢᠨᠱᠢᠭᠦᠯᠦᠨ᠎ᠡ᠃ ᠶᠤᠰᠤ ᠮᠣᠷᠠᠯ᠂ ᠮᠡᠳᠡᠯᠭᠡ᠂ ᠴᠢᠳᠠᠪᠤᠷᠢ᠂ ᠠᠵᠢᠯ᠎ᠤᠨ ᠪᠦᠲᠦᠮᠵᠢ ᠪᠠ ᠬᠤᠪᠢ ᠨᠡᠮᠡᠷᠢ ᠵᠡᠷᠭᠡ ᠬᠦᠴᠦᠨ ᠵᠦᠶ᠋ᠯ᠎ᠢ ᠬᠠᠮᠤᠷᠤᠭ᠍ᠰᠠᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠢ ᠦᠨᠡᠯᠡᠬᠦ᠌ ᠪᠠᠷᠢᠮᠵᠢᠶ᠎ᠠ᠎ᠶ᠋ᠢ ᠪᠦᠷᠢᠨᠱᠢᠭᠦᠯᠦᠨ᠎ᠡ᠃ ᠤᠳᠤᠷᠢᠳᠤᠮᠵᠢ ᠨᠢ ᠢᠯᠡ ᠲᠣᠳᠣ᠂ ᠬᠢᠵᠠᠭᠠᠷᠯᠠᠯ ᠨᠢ ᠬᠦᠴᠦᠲᠡᠶ ᠠᠵᠢᠯ ᠮᠡᠷᠭᠡᠵᠢᠯ᠎ᠦᠨ ᠶᠣᠰᠣ ᠮᠣᠷᠠᠯ᠎ᠤᠨ ᠵᠢᠷᠤᠮᠵᠢᠯ᠎ᠢ ᠪᠦᠷᠢᠨᠱᠢᠭᠦᠯᠦᠨ᠎ᠡ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠦᠨᠡᠯᠡᠬᠦ ᠦᠨᠡᠨᠴᠢ ᠢᠲᠡᠭᠡᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠦᠨᠡᠨᠴᠢ ᠢᠲᠡᠭᠡᠮᠵᠢᠲᠡᠶ᠎ᠪᠡᠷ ᠠᠮᠠᠯᠠᠯᠲᠠ᠎ᠪᠠᠨ ᠬᠦᠢᠴᠡᠳᠬᠡᠬᠦ᠂ ᠢᠲᠡᠭᠡᠯ ᠠᠯᠳᠠᠭ᠍ᠰᠠᠨ ᠦᠶ᠋ᠯᠡ ᠠᠵᠢᠯᠯᠠᠭ᠎ᠠ᠎ᠶ᠋ᠢ ᠲᠡᠮᠳᠡᠭ᠌ᠯᠡᠬᠦ᠌ ᠪᠠ ᠵᠠᠯᠬᠠᠭᠠᠨ ᠴᠡᠭᠡᠷᠯᠡᠭᠦᠯᠬᠦ᠌ ᠲᠦᠷᠢᠮ᠎ᠢ ᠰᠦᠪᠡᠭ᠌ᠴᠢᠯᠡᠨ ᠪᠠᠢᠭᠤᠯᠤᠨ᠎ᠠ᠃ ᠠᠵᠢᠯ᠎ᠤᠨ ᠪᠣᠳᠠᠲᠤ ᠠᠮᠵᠢᠯᠲᠠ ᠪᠦᠳᠦᠮᠵᠢ᠂ ᠦᠶ᠋ᠯᠡᠴᠢᠯᠡᠭ᠌ᠳᠡᠬᠦ᠌ ᠡᠲᠡᠭᠡᠳ᠎ᠦᠨ ᠬᠠᠨᠤᠮᠵᠢ ᠲᠠᠢ ᠪᠠᠢᠬᠤ᠎ᠬᠡᠮᠵᠢᠶ᠎ᠡ᠂ ᠦᠷᠭᠦᠯᠵᠢᠯᠡᠯ ᠰᠤᠷᠭᠠᠨ ᠬᠥᠮᠦᠵᠢᠯ ᠭᠥᠷᠳᠡᠭ᠌ᠰᠡᠨ ᠪᠠᠢᠳᠠᠯ ᠵᠡᠷᠭᠡ᠎ᠶ᠋ᠢ ᠦᠨᠡᠯᠡᠬᠦ᠌᠎ᠶ᠋ᠢᠨ ᠴᠢᠬᠤᠯᠠ ᠦᠨᠳᠦᠰᠦᠯᠡᠯ ᠪᠣᠯᠭᠠᠵᠤ᠂ ᠦᠨᠡᠯᠡᠬᠦ᠌ ᠪᠠ ᠬᠡᠷᠡᠭ᠌ᠯᠡᠬᠦ᠌᠂ ᠴᠡᠯᠢᠩ ᠣᠯᠭᠣᠮᠵᠢ᠎ᠶ᠋ᠢ ᠬᠠᠷᠢᠯᠴᠠᠨ ᠵᠣᠯᠭᠠᠭᠤᠯᠬᠤ᠎ᠶ᠋ᠢ ᠠᠬᠢᠭᠤᠯᠤᠨ᠎ᠠ᠃ ᠭᠤᠤᠯᠳᠠᠯᠭ᠎ᠠ᠎ᠲᠠᠶ ᠬᠥᠮᠦᠰ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠭᠤᠤᠯᠳᠠᠯᠭ᠎ᠠ᠎ᠲᠠᠶ ᠭᠣᠭ᠍ᠴᠣᠭ᠎ᠠ ᠵᠡᠷᠭᠡ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢ ᠰᠤᠳᠤᠯᠤᠨ ᠲᠣᠭ᠍ᠲᠠᠭᠠᠵᠤ᠂ ᠦᠨᠡᠯᠡᠬᠦ᠌ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠨ᠎ᠠ᠃ ᠠᠵᠢᠯ ᠨᠢᠭᠡᠲᠡᠨ᠎ᠦ ᠦᠨᠡᠯᠡᠯᠲᠡ᠎ᠪᠡᠷ ᠰᠠᠭᠤᠷᠢ ᠪᠣᠯᠭᠠᠭ᠍ᠰᠠᠨ ᠠᠵᠢᠯ ᠲᠥᠷᠥᠯ᠎ᠦᠨ ᠳᠣᠲᠣᠭᠠᠳᠤ᠎ᠶ᠋ᠢᠨ ᠦᠨᠡᠯᠡᠯᠲᠡ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠦᠵᠡᠭᠦᠯᠭᠡ᠂ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠱᠢᠯᠭᠠᠯᠲᠠ᠂ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢᠨ ᠤᠷᠤᠯᠳᠤᠭᠠᠨ ᠵᠡᠷᠭᠡ ᠣᠯᠠᠨ ᠵᠦᠶ᠋ᠯ᠎ᠦᠨ ᠠᠷᠭ᠎ᠠ ᠮᠠᠶᠢᠭ᠎ᠢ ᠲᠣᠭ᠍ᠲᠠᠭᠠᠯ ᠶᠣᠰᠣᠭᠠᠷ ᠶᠡᠷᠦᠩᠬᠡᠢᠯᠡᠨ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠦᠨᠡᠯᠡᠯᠲᠡ᠎ᠶ᠋ᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠦᠨ᠎ᠡ᠃

(ᠶᠢᠰᠦ) ᠠᠵᠢᠯ ᠮᠡᠷᠬᠡᠵᠢᠯ᠎ᠦᠨ ᠬᠢᠷᠢ ᠬᠡᠮ᠎ᠦᠨ ᠲᠦᠷᠢᠮ ᠳ᠋ᠤ  ᠥᠭᠡᠷᠡᠴᠢᠯᠡᠯᠳᠠ ᠬᠢᠨ᠎ᠡ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠠᠵᠢᠯ ᠮᠡᠷᠬᠡᠵᠢᠯ᠎ᠤᠨ ᠬᠢᠷᠢ ᠬᠡᠮ᠎ᠢ ᠬᠢᠨᠠᠨ ᠲᠣᠭ᠍ᠲᠠᠭᠠᠬᠤ ᠺᠣᠮᠢᠰ᠎ᠢ ᠵᠣᠬᠢᠶᠠᠨ ᠪᠠᠢᠭᠤᠯᠵᠤ ᠬᠠᠮᠢᠶᠠᠷᠬᠤ᠎ᠶ᠋ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠨᠡᠢᠭᠡᠮ᠎ᠦᠨ ᠠᠵᠢᠯ᠎ᠤᠨ ᠦᠢᠯᠡᠴᠢᠯᠡᠭᠡᠨ᠎ᠦ ᠬᠦᠷᠢᠶᠡᠨ᠎ᠦ ᠣᠨᠴᠠᠯᠢᠭ᠎ᠢ ᠦᠨᠳᠦᠰᠦᠯᠡᠨ᠂ ᠲᠤᠰᠭᠠᠶ ᠮᠡᠷᠭᠡᠵᠢᠯ᠎ᠦᠨ ᠲᠥᠷᠥᠯ ᠢᠯᠭᠠᠯ ᠬᠤᠪᠢᠶᠠᠨ ᠠᠵᠢᠯ ᠮᠡᠷᠬᠡᠵᠢᠯ᠎ᠤᠨ ᠬᠢᠷᠢ ᠬᠡᠮ᠎ᠦᠨ ᠦᠨᠡᠯᠡᠯᠲᠡ ᠬᠢᠬᠦ᠌᠎ᠶ᠋ᠢ ᠰᠦᠪᠡᠭ᠌ᠴᠢᠯᠡᠨ᠎ᠡ᠃ ᠳᠡᠰ ᠳᠠᠪᠬᠤᠷᠭ᠎ᠠ ᠨᠢ ᠲᠣᠳᠣᠷᠬᠠᠶ᠂ ᠬᠠᠷᠢᠯᠴᠠᠨ ᠵᠣᠯᠭᠠᠯᠳᠤᠭ᠍ᠰᠠᠨ᠂ ᠱᠢᠰᠲᠧᠮ ᠨᠢ ᠪᠦᠷᠢᠨ ᠲᠡᠭᠦᠯᠳᠡᠷ ᠨᠡᠢᠭᠡᠮ᠎ᠦᠨ ᠠᠵᠢᠯᠲᠠᠨ᠎ᠤ ᠠᠵᠢᠯ ᠮᠡᠷᠬᠡᠵᠢᠯ᠎ᠤᠨ ᠬᠢᠷᠢ ᠬᠡᠮ᠎ᠦᠨ ᠳᠦᠷᠢᠮ᠎ᠢ ᠪᠣᠶ ᠪᠣᠯᠭᠠᠬᠤ᠎ᠶ᠋ᠢ ᠠᠬᠢᠭᠤᠯᠤᠨ᠎ᠠ᠃ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ ᠵᠡᠷᠭᠡ ᠭᠠᠵᠠᠷ ᠣᠷᠣᠨ᠎ᠳᠤ ᠨᠡᠢᠭᠡᠮ᠎ᠦᠨ ᠠᠵᠢᠯᠲᠠᠨ᠎ᠤ ᠠᠵᠢᠯ ᠮᠡᠷᠬᠡᠵᠢᠯ᠎ᠦᠨ ᠬᠢᠷᠢ ᠬᠡᠮ᠎ᠦᠨ ᠱᠢᠯᠭᠠᠯᠲᠠ᠎ᠶ᠋ᠢᠨ ᠬᠢᠷᠢ ᠲᠡᠩᠴᠡᠭᠦ᠌ ᠪᠠᠷᠢᠮᠵᠢᠶ᠎ᠠ᠎ᠶ᠋ᠢ ᠲᠤᠰᠠᠭᠠᠷ ᠲᠣᠭ᠍ᠲᠠᠭᠠᠬᠤ᠎ᠶ᠋ᠢ ᠳᠡᠮᠵᠢᠨ᠎ᠡ᠃ ᠨᠡᠢᠭᠡᠮ᠎ᠦᠨ ᠠᠵᠢᠯᠲᠠᠳ᠎ᠤᠨ ᠠᠵᠢᠯ ᠮᠡᠷᠬᠡᠵᠢᠯ᠎ᠤᠨ ᠬᠢᠷᠢ ᠬᠡᠮ᠎ᠦᠨ ᠦᠨᠡᠮᠯᠡᠯ᠎ᠢ ᠳᠠᠩᠰᠠᠯᠠᠨ ᠲᠡᠮᠳᠡᠭ᠌ᠯᠡᠬᠦ᠌ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠩᠰᠠᠯᠠᠨ ᠲᠡᠮᠳᠡᠭ᠌ᠯᠡᠬᠦ᠌ ᠦᠢᠯᠡᠴᠢᠯᠡᠭᠡᠨ᠎ᠦ ᠠᠷᠭ᠎ᠠ ᠮᠠᠶᠢᠭ᠎ᠢ ᠰᠠᠢᠵᠢᠷᠠᠭᠤᠯᠤᠨ ᠱᠢᠯᠢᠳᠡᠭ᠌ᠵᠢᠭᠦᠯᠦᠨ᠎ᠡ᠃

ᠲᠠᠪᠤ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠢ ᠤᠷᠮᠠᠱᠢᠭᠤᠯᠬᠤ ᠲᠣᠭ᠍ᠲᠠᠴᠠ ᠶ᠋ᠢ ᠱᠢᠯᠢᠳᠡᠭ᠌ᠵᠢᠭᠦᠯᠦᠨ᠎ᠡ

(ᠠᠷᠪᠠ) ᠴᠠᠯᠢᠩ ᠬᠦᠯᠦᠰᠦ᠎ᠶ᠋ᠢ ᠵᠦᠢ ᠵᠣᠬᠢᠰᠲᠠᠶ ᠲᠣᠭ᠍ᠲᠠᠭᠠᠨ᠎ᠠ᠃ ᠠᠵᠢᠯ ᠮᠡᠷᠬᠡᠵᠢᠯ᠎ᠦᠨ ᠬᠢᠷᠢ ᠬᠡᠮ᠎ᠦᠨ ᠵᠡᠷᠭᠡ᠂ ᠰᠤᠷᠤᠯᠭ᠎ᠠ᠎ᠶ᠋ᠢᠨ ᠨᠠᠮᠲᠠᠷ᠂ ᠬᠢᠷᠢ ᠬᠡᠮ᠂ ᠠᠵᠢᠯ᠎ᠤᠨ ᠪᠦᠲᠦᠮᠵᠢ᠂ ᠠᠵᠢᠯ᠎ᠤᠨ ᠪᠠᠢᠷᠢ ᠵᠡᠷᠭᠡ ᠬᠦᠴᠦᠨ ᠵᠦᠶ᠋ᠯ᠎ᠢ ᠶᠡᠷᠦᠩᠬᠡᠢᠯᠡᠨ ᠪᠤᠳᠤᠯᠬᠢᠯᠠᠵᠤ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠤ ᠴᠠᠯᠢᠩ ᠬᠥᠯᠥᠰᠥ᠎ᠶ᠋ᠢᠨ ᠲᠦᠪᠰᠢᠨ᠎ᠢ ᠵᠦᠶ ᠵᠣᠬᠢᠰᠲᠠᠶ ᠲᠣᠭ᠍ᠲᠠᠭᠠᠨ᠎ᠠ᠃ ᠲᠣᠭ᠍ᠲᠠᠭᠠᠯ ᠶᠣᠰᠣᠭᠠᠷ ᠨᠡᠢᠭᠡᠮ᠎ᠦᠨ ᠳᠠᠭᠠᠳᠭᠠᠯ᠎ᠳᠤ ᠣᠷᠣᠯᠴᠠᠵᠤ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠵᠢ ᠲᠤᠱᠢᠶᠠᠨ ᠬᠠᠳᠠᠭᠠᠯᠠᠨ᠎ᠠ᠃ ᠵᠠᠰᠠᠭ᠎ᠤᠨ ᠣᠷᠳᠣᠨ ᠨᠡᠢᠭᠡᠮ᠎ᠦᠨ ᠠᠵᠢᠯ᠎ᠤᠨ ᠦᠢᠯᠡᠴᠢᠯᠡᠭᠡ ᠵᠢ ᠬᠤᠳᠠᠯᠳᠤᠨ ᠠᠪᠬᠤ᠎ᠳᠤ ᠠᠵᠢᠯ᠎ᠤᠨ ᠬᠡᠮᠵᠢᠶ᠎ᠡ᠂ ᠠᠵᠢᠯ᠎ᠤᠨ ᠬᠦᠴᠢᠷᠳᠡᠯ ᠵᠡᠷᠭᠡ᠎ᠶ᠋ᠢ ᠥᠪᠡᠷ᠎ᠦᠨ ᠥᠷᠲᠡᠭ᠎ᠦᠨ ᠲᠣᠭᠠᠴᠠᠭ᠎ᠠ ᠬᠢᠬᠦ ᠭᠣᠣᠯ ᠬᠦᠴᠦᠨ ᠵᠦᠢᠯ ᠪᠣᠯᠭᠠᠨ᠎ᠠ᠃

(ᠠᠷᠪᠠᠨ ᠨᠢᠭᠡ) ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠡ᠃ ᠤᠷᠲᠤ ᠬᠤᠭᠤᠴᠠᠭ᠎ᠠ᠎ᠪᠠᠷ ᠦᠨᠳᠦᠰᠦᠨ ᠱᠠᠲᠤᠨ᠎ᠳᠤ ᠦᠨᠳᠦᠰᠦᠯᠡᠭ᠌ᠰᠡᠨ᠂ ᠪᠡᠷᠬᠡ ᠬᠠᠲᠠᠭᠤᠵᠢᠯᠲᠠᠶ ᠪᠤᠢᠲᠠ ᠪᠦᠭᠯᠡᠬᠦᠦ ᠣᠷᠣᠨ᠎ᠳᠤ ᠠᠵᠢᠯᠯᠠᠭ᠍ᠰᠠᠨ᠂ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠪᠠ ᠲᠣᠪᠣᠢᠮ᠎ᠠ ᠠᠮᠵᠢᠯᠲᠠ ᠭᠠᠷᠭᠠᠭ᠍ᠰᠠᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠳᠤ ᠲᠣᠭ᠍ᠲᠠᠭᠠᠯ ᠶᠣᠰᠣᠭᠠᠷ ᠵᠣᠬᠢᠬᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠦᠨ᠎ᠡ᠃ ᠣᠯᠠᠨ ᠲᠦᠮᠡᠨ᠎ᠦ ᠪᠦᠯᠬᠦᠮ ᠵᠣᠬᠢᠶᠠᠨ ᠪᠠᠢᠭᠤᠯᠤᠯᠲᠠ᠎ᠶ᠋ᠢᠨ ᠲᠣᠭ᠍ᠲᠠᠭᠠᠯ ᠶᠣᠰᠣᠭᠠᠷ ᠱᠢᠯᠢᠳᠡᠭ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠱᠢᠩᠭᠡᠭᠡᠨ ᠠᠪᠴᠤ᠌ ᠲᠤᠱᠢᠶᠠᠯ ᠡᠭᠦᠷᠭᠡᠯᠡᠭᠦᠯᠬᠦ᠌ ᠪᠤᠶᠤ ᠲᠤᠱᠢᠶᠠᠯ ᠬᠠᠪᠰᠤᠷᠤᠭᠤᠯᠬᠤ᠎ᠶ᠋ᠢ ᠵᠣᠷᠢᠭ᠍ᠵᠢᠭᠤᠯᠤᠨ᠎ᠠ᠃ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠤ ᠴᠣᠭ ᠵᠢᠪᠬᠤᠭ᠎ᠠ᠎ᠶ᠋ᠢ ᠢᠯᠡᠷᠡᠭᠦᠯᠦᠨ᠎ᠡ᠃ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ 《ᠬᠠᠮᠤᠭ᠎ᠤᠨ ᠭᠣᠶᠣ ᠨᠡᠢᠭᠡᠮ᠎ᠦᠨ ᠠᠵᠢᠯᠲᠠᠨ》 ᠎ᠢ᠋ ᠤᠬᠠᠭᠤᠯᠬᠤ ᠰᠣᠩᠭᠣᠵᠤ ᠪᠣᠶ ᠪᠣᠯᠭᠠᠬᠤ ᠠᠵᠢᠯᠯᠠᠭ᠎ᠠ᠎ᠶ᠋ᠢᠨ ᠬᠡᠪᠴᠢᠶᠡᠨ᠎ᠳᠦ ᠣᠷᠣᠭᠤᠯᠤᠨ᠎ᠠ᠃

ᠵᠢᠷᠭᠤᠭ᠎ᠠ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ

ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ᠃ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠨᠡᠢᠭᠡᠮ᠎ᠦᠨ ᠠᠵᠢᠯ᠎ᠤᠨ ᠲᠤᠰᠭᠠᠢ ᠮᠡᠷᠭᠡᠵᠢᠯ᠎ᠦᠨ ᠠᠵᠢᠯᠳᠠᠨ᠎ᠤ ᠡᠩᠨᠡᠭᠡᠨ᠎ᠦ ᠪᠠᠢᠭᠤᠯᠤᠯᠲᠠ᠎ᠶ᠋ᠢ ᠰᠤᠳᠤᠯᠤᠨ ᠪᠠᠢᠷᠢᠯᠠᠭᠤᠯᠬᠤ᠎ᠪᠠᠨ ᠴᠢᠩᠭᠠᠳᠭᠠᠵᠤ᠂ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠢ ᠱᠢᠢᠳᠪᠦᠷᠢᠯᠡᠨ᠎ᠡ᠃ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢᠯᠡᠨ ᠠᠳᠭᠤᠵᠤ᠂ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠡᠴᠡ ᠬᠠᠷᠢᠭᠤᠴᠠᠨ ᠵᠢᠯᠣᠭᠣᠳᠭᠤ᠎ᠶ᠋ᠢᠨ ᠬᠠᠮᠲᠤ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭ᠍ᠲᠠ ᠬᠠᠮᠵᠢᠯᠴᠠᠭ᠍ᠰᠠᠨ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠬᠦ ᠬᠡᠷᠡᠭᠳᠡᠢ᠃ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠤᠰ ᠱᠢᠰᠲ᠋ᠧᠮ᠂ ᠲᠤᠰ ᠬᠦᠷᠢᠶᠡᠨ᠎ᠦ᠎ᠪᠡᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ᠎ᠢ ᠬᠥᠮᠦᠵᠢᠭᠦᠯᠬᠦ᠌᠂ ᠬᠡᠷᠡᠭ᠌ᠯᠡᠬᠦ᠌᠂ ᠦᠨᠡᠯᠡᠬᠦ᠌᠂ ᠤᠷᠮᠠᠱᠢᠭᠤᠯᠬᠤ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠪᠣᠳᠠᠲᠠᠶ᠎ᠲᠠᠶ᠎ᠪᠠᠨ ᠤᠶᠠᠯᠳᠤᠭᠤᠯᠤᠨ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠤᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠳᠡᠮᠵᠢᠬᠦ᠌ ᠬᠡᠷᠡᠭ᠌ᠲᠡᠶ᠃ ᠨᠡᠢᠭᠡᠮ᠎ᠦᠨ ᠪᠠᠯᠠ ᠮᠥᠩᠭᠥ᠎ᠶ᠋ᠢ ᠬᠥᠲᠥᠯᠥᠨ ᠵᠢᠯᠣᠭᠣᠳᠴᠤ᠌ ᠲᠣᠭ᠍ᠲᠠᠭᠠᠯ ᠶᠣᠰᠣᠭᠠᠷ ᠨᠡᠢᠭᠡᠮ᠎ᠦᠨ ᠠᠵᠢᠯ᠎ᠤᠨ ᠦᠶ᠋ᠯᠡᠴᠢᠯᠡᠭᠡ ᠥᠷᠨᠢᠭᠦᠯᠬᠦ᠌᠎ᠶ᠋ᠢ ᠳᠡᠮᠵᠢᠬᠦ᠌ ᠬᠡᠷᠡᠭ᠌ᠲᠡᠶ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号