ᠱᠢᠨ᠎ᠡ᠎ᠶ᠋ᠢ ᠡᠭᠦᠳᠬᠦ᠌ ᠪᠡᠷ ᠬᠥᠳᠡᠯᠭᠡᠭᠦᠷ᠎ᠪᠤᠯᠭᠠᠬᠤ ᠵᠢ ᠠᠬᠢᠭᠤᠯᠵᠤ ᠠᠵᠤ ᠦᠶ᠋ᠯᠡᠰ᠎ᠤ᠋ᠨ ᠬᠤᠪᠢᠷᠠᠯᠳᠠ ᠳ᠋ᠤ ᠬᠦᠴᠦᠨ ᠤᠯᠭᠤᠨ᠎ᠠ
2026-03-22 10:44:08
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ ᠪᠡᠷ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠪᠠ (ᠬᠤᠶᠠᠷ)

                      

ᠪᠤᠭᠤᠲᠤ᠎ᠳᠤ᠂ ᠨᠢᠭᠡ ᠬᠡᠰᠡᠭ ᠬᠣᠪᠣᠷ ᠱᠢᠷᠣᠶ᠎ᠶ᠋ᠢᠨ ᠰᠣᠷᠢᠨᠵᠢᠨ ᠮᠠᠲ᠋ᠧᠷᠢᠶᠠᠯ᠎ᠤᠨ ᠥᠷᠲᠡᠭ ᠨᠢ ᠲᠡᠭᠦᠨ᠎ᠦ ᠠᠩᠬᠠᠨ᠎ᠤ ᠦᠶ᠋ᠯᠡᠳᠬᠦᠨ᠎ᠦ ᠵᠠᠭᠤᠨ ᠳᠠᠬᠢᠨ᠎ᠡᠴᠡ ᠳᠡᠭᠡᠭ᠌ᠰᠢ᠎ᠳᠦ ᠬᠦᠷᠳᠡᠭ; ᠤᠷᠳᠤᠰ᠎ᠲᠤ᠂ ᠨᠢᠭᠡ ᠲᠣᠨ ᠨᠡᠭᠦᠷᠡᠰᠦ᠎ᠶ᠋ᠢ ᠳᠡᠭᠡᠳᠦ ᠲᠡᠰ᠎ᠤᠨ ᠠᠯᠺᠸᠨ ᠪᠣᠯᠭᠠᠨ ᠤᠨᠳᠤᠤᠰᠢᠭᠤᠯᠪᠠᠯ᠂ ᠦᠷᠳᠡᠭ ᠨᠢ 10 ᠲᠠᠬᠢᠨ ᠱᠢᠬᠠᠮ ᠨᠡᠮᠡᠭ᠌ᠳᠡᠳᠡᠭ; 《AI ᠲᠠᠷᠢᠬᠢ》 ᠤᠭᠰᠠᠷᠠᠭᠰᠠᠨ ᠤᠶᠤᠨᠲᠤ ᠮᠠᠯᠵᠢᠯ᠎ᠤᠨ ᠲᠠᠯᠠᠪᠠᠶ ᠳ᠋ᠤ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ 20% ᠎ᠡᠴᠡ ᠳᠡᠭᠡᠭ᠌ᠰᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠵᠦ᠍᠂ ᠪᠡᠯᠴᠢᠭᠡᠷ᠎ᠦᠨ ᠲᠠᠴᠢᠷᠳᠠᠬᠤ ᠨᠣᠷᠮ᠎ᠠ᠎ᠶ᠋ᠢ 15%᠎ᠪᠠᠷ ᠪᠠᠭᠤᠷᠠᠭᠤᠯᠤᠨ᠎ᠠ ᠁ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠶᠡᠬᠡ ᠬᠦᠴᠦᠨ ᠴᠢᠳᠠᠯ᠎ᠨᠢ ᠶᠠᠭ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠥᠷᠨᠢᠩᠭᠦᠶ ᠬᠥᠭ᠌ᠵᠢᠭᠦᠯᠵᠦ᠍᠂ ᠵᠤᠷᠪᠤᠰ ᠵᠤᠷᠪᠤᠰ ᠱᠢᠨ᠎ᠡ᠎ᠪᠡᠷ ᠮᠠᠨᠳᠤᠭ᠍ᠰᠠᠨ ᠤᠷᠤᠯᠳᠤᠭᠠᠨ᠎ᠤ ᠵᠠᠮ᠎ᠢ ᠨᠡᠬᠡᠬᠡᠵᠤ ᠪᠠᠢᠨ᠎ᠠ᠃

ᠡᠬᠢ ᠪᠠᠶᠠᠯᠢᠭ᠎ᠲᠤ ᠲᠦᠱᠢᠭ᠌ᠯᠡᠬᠦ᠌᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠰᠠᠨ ᠬᠦᠷᠲᠡᠯ᠎ᠡ᠂ ᠦᠷᠨᠢᠨ ᠬᠦᠭᠵᠢᠵᠦ ᠪᠠᠢᠭ᠎ᠠ ᠲᠦᠮᠡ ᠮᠢᠩᠭᠠᠨ ᠠᠵᠤ ᠦᠢᠯᠡᠰ᠎ᠦᠨ ᠬᠤᠪᠢᠰᠤᠯᠲᠠ᠎ᠶ᠋ᠢᠨ ᠤᠷᠤᠰᠭᠠᠯ ᠳᠤᠮᠳᠠ᠂ ᠥᠪᠥᠷ ᠮᠣᠩᠭᠣᠯ 2026 ᠣᠨ᠎ᠤ ᠪᠦᠬᠦ᠌ ᠤᠯᠤᠰ᠎ᠤᠨ ᠬᠣᠶᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢᠷᠢᠯᠠᠭᠤᠯᠤᠯᠲᠠ᠎ᠶ᠋ᠢ ᠪᠠᠲᠤ ᠡᠵᠡᠮᠳᠡᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯᠤᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠷᠬᠡᠭ ᠶᠡᠬᠡ ᠬᠥᠳᠡᠯᠭᠡᠭᠦᠷ᠎ᠢᠶᠡᠷ ᠠᠵᠤ ᠦᠢᠯᠡᠰ᠎ᠦᠨ ᠪᠣᠭᠣᠮᠲᠠ ᠱᠢᠪᠲᠤᠯᠬᠤ ᠪᠣᠯᠤᠨ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠨᠢᠭᠡᠳ ᠨᠢᠭᠡ᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢᠨ ᠠᠤᠭ᠎ᠠ ᠶᠡᠬᠡ ᠦᠢᠯᠡᠳᠦᠯᠭᠡ᠎ᠳᠦ ᠰᠡᠢᠯᠦᠭ᠌ᠰᠡᠨ ᠪᠠᠢᠨ᠎ᠠ᠃

ᠬᠥᠳᠡᠯᠭᠡᠬᠦ ᠡᠨᠧᠷᠭᠢ᠎ᠶ᠋ᠢᠨ ᠰᠣᠯᠢᠭ᠍ᠳᠠᠯ ᠨᠢ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ᠋ ᠪᠣᠶ ᠪᠣᠯᠭᠠᠪᠠ

ᠪᠦᠬᠦ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ᠎ᠤᠨ ᠤᠷᠤᠰᠭᠠᠯ ᠤᠢᠯᠤᠨ ᠳᠠᠪᠠᠯᠭᠠᠯᠠᠵᠤ᠂ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ ᠪᠣᠯᠤᠨ ᠠᠮᠤᠷ ᠲᠦᠪᠱᠢᠨ ᠬᠥᠭ᠌ᠵᠢᠯᠲᠡ᠎ᠶ᠋ᠢᠨ ᠬᠡᠷᠡᠭ᠌ᠴᠡᠭᠡ ᠪᠠᠴᠢᠮ ᠲᠤᠯᠭᠠᠮ ᠪᠤᠯᠪᠠ᠃ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠬᠥᠭ᠌ᠵᠢᠯᠲᠡ᠎ᠶ᠋ᠢᠨ ᠲᠡᠩᠴᠡᠭᠦᠷᠢ ᠥᠬᠡᠶ ᠭᠦᠶ᠋ᠴᠡᠳ ᠥᠬᠡᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠬᠦᠷᠦᠯᠴᠡᠬᠦ᠌ ᠥᠬᠡᠶ ᠪᠠᠢᠬᠤ ᠵᠡᠷᠭᠡ ᠣᠷᠳᠣ ᠬᠤᠭᠤᠴᠠᠭᠠᠨ᠎ᠤ ᠲᠤᠷᠱᠢᠬᠢ ᠴᠢᠨᠠᠷ ᠰᠠᠢᠲᠠᠶ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠭ᠎ᠠ ᠪᠣᠭᠣᠮᠢ ᠠᠰᠠᠭᠤᠳᠠᠯ᠎ᠳᠤ ᠱᠢᠭᠤᠳ ᠬᠠᠨᠳᠤᠵᠤ᠂ 《ᠬᠡᠳᠦᠶ ᠬᠥᠭ᠌ᠵᠢᠭᠡᠳᠦᠶ ᠭᠠᠵᠠᠷ ᠣᠷᠣᠨ᠎ᠳᠤ ᠲᠡᠳᠦᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠬᠡᠷᠡᠭᠳᠡᠢ》 ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠬᠢᠬᠦ ᠵᠤᠬᠢᠰᠳᠠᠢ ᠪᠡᠨ ᠬᠢᠵᠤ ᠬᠢᠪᠠᠯ ᠵᠤᠬᠢᠰ ᠦᠭᠡᠢ ᠶᠠᠪᠤᠳᠠᠯ᠎ᠢ ᠦᠯᠦ ᠬᠢᠬᠦ᠎ᠶ᠋ᠢ ᠪᠠᠷᠢᠮᠲᠠᠯᠠᠵᠤ᠂ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠢ ᠲᠦᠷᠭᠡᠳᠭᠡᠵᠦ᠍᠂ ᠠᠵᠤ ᠦᠶ᠋ᠯᠡᠰ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠣᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠵᠤ ᠪᠠᠢᠨ᠎ᠠ᠃

ᠠᠵᠢᠯᠴᠢ ᠬᠦᠮᠦᠨ ᠳ᠋ᠤ ᠬᠠᠪᠤᠷ ᠡᠷᠳᠡ ᠰᠠᠭᠠᠳᠠᠳᠠᠭ᠂ ᠥᠪᠥᠷ ᠮᠣᠩᠭᠣᠯ᠎ᠤᠨ ᠡᠬᠡ ᠭᠠᠵᠠᠷ᠎ᠲᠤ᠌ ᠠᠵᠤ ᠦᠢᠯᠡᠰ᠎ᠦᠨ ᠪᠣᠭᠣᠮᠲᠠ ᠱᠢᠪᠲᠤᠯᠬᠤ ᠲᠠᠢᠯᠠᠯᠳᠤᠭᠠᠨ᠎ᠤ ᠬᠠᠯᠠᠭᠤᠨ ᠥᠷᠨᠢᠯᠲᠡ ᠪᠤᠢ ᠪᠤᠯᠪᠠ᠃

ᠶᠤᠸᠠᠨ ᠵᠢᠩ ᠤᠯᠠᠭᠠᠨᠬᠠᠳᠠ᠎ᠶ᠋ᠢᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠲᠤ᠂ ᠶᠠᠭ ᠰᠠᠢᠬᠠᠨ ᠲᠦᠩᠰᠡ ᠲᠦᠩᠰᠡ ᠪᠡᠷ ᠲᠦᠬᠦᠷᠡᠩ ᠰᠠᠪᠠᠯᠠᠬᠰᠠᠨ ᠪᠤᠬᠢᠷᠳᠤᠯ ᠦᠭᠡᠢ ᠱᠢᠪᠲᠦᠷ᠎ᠢ ᠲᠡᠷᠭᠡᠨ ᠳ᠋ᠤ ᠲᠡᠭᠡᠭᠡᠵᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠦ ᠬᠦᠷᠬᠡᠬᠦ ᠪᠡᠷ ᠪᠡᠯᠡᠳᠬᠡᠨ᠎ᠡ᠃ 《ᠪᠣᠬᠢᠷᠲᠤᠯ  ᠥᠬᠡᠶ ᠨᠡᠢᠯᠡᠯᠭᠡ ᠱᠢᠪᠲᠦᠷ᠎ᠢ 〈ᠪᠣᠬᠢᠷᠲᠤᠯ ᠥᠬᠡᠶ ᠴᠢᠯᠠᠭᠤᠨ ᠲᠣᠰᠣ〉 ᠭᠡᠳᠡᠭ᠂ ᠪᠢᠳᠡ ᠰᠠᠯᠬᠢ ᠬᠡᠷᠡᠯ᠎ᠢᠶᠡᠷ ᠴᠠᠬᠢᠯᠭᠠᠨ ᠭᠠᠷᠭᠠᠬᠤ᠂ ᠴᠠᠬᠢᠯᠭᠠᠨ ᠵᠠᠳᠠᠯᠤᠯ᠎ᠤᠨ ᠤᠰᠤ᠎ᠶ᠋ᠢ ᠠᠱᠢᠭ᠍ᠯᠠᠨ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢ ᠭᠠᠷᠭᠠᠨ ᠠᠪᠴᠤ᠌᠂ ᠳᠠᠬᠢᠨ ᠠᠭᠠᠷ ᠳᠣᠲᠣᠷᠠᠬᠢ ᠠᠽᠣᠲ ᠬᠡᠶ᠎ᠲᠡᠶ ᠨᠡᠢᠯᠡᠭᠦᠯᠦᠭᠡᠳ ᠪᠤᠬᠢᠷᠳᠤᠯ ᠦᠭᠡᠢ ᠱᠢᠪᠲᠦᠷ ᠪᠣᠯᠭᠠᠵᠤ᠂ 〈ᠰᠠᠯᠬᠢ᠎ᠪᠡᠷ ᠦᠢᠯᠡᠳᠪᠦᠷᠢᠯᠡᠬᠦ᠌〉 ᠶ᠋ᠢ ᠦᠨᠡᠨ ᠬᠦ᠌ ᠪᠡᠶᠡᠯᠡᠭᠦᠯᠵᠦ᠍᠂ ᠦᠶ᠋ᠯᠡᠳᠬᠦᠨ ᠳ᠋ᠡᠬᠢ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ ᠢ᠋ ᠥᠬᠡᠶ ᠪᠣᠯᠭᠠᠬᠤ ᠱᠢᠬᠠᠵᠠᠶ》᠃ ᠶᠤᠸᠠᠨ ᠵᠢᠩ ᠡᠨᠧᠷᠭᠢ᠎ᠶ᠋ᠢᠨ ᠳᠡᠭᠡᠳᠦ ᠲᠡᠰ᠎ᠤᠨ ᠳᠡᠳ᠋ ᠵᠠᠬᠢᠷᠤᠯ᠂ ᠤᠰᠤᠲᠥ᠋ᠷᠥᠭ᠌ᠴᠢ ᠡᠨᠧᠷᠭᠢ᠎ᠶ᠋ᠢᠨ ᠵᠠᠬ᠎ᠠ ᠳᠡᠯᠭᠡᠭᠦᠷ᠎ᠦᠨ ᠦᠶ᠋ᠯᠡᠳᠬᠦᠨ᠎ᠦ ᠱᠤᠭᠤᠮ᠎ᠤᠨ ᠶᠡᠷᠦᠨᠭ᠌ᠬᠡᠢ ᠵᠠᠬᠢᠷᠤᠯ ᠢᠦᠶ ᠹᠸᠩ ᠲᠠᠨᠢᠯᠴᠠᠭᠤᠯᠬᠤ᠎ᠳᠠᠭᠠᠨ᠂ 《ᠪᠢᠳᠡ ᠶᠠᠭ AI ᠴᠠᠬᠢᠯᠭᠠᠨ ᠬᠦᠴᠦᠨ᠎ᠦ ᠱᠢᠰᠲ᠋ᠧᠮ᠎ᠢ ᠠᠱᠢᠭ᠍ᠯᠠᠨ᠂ ᠭᠣᠪᠢ ᠵᠢᠨ ᠲᠤᠮᠳᠠ ᠵᠠᠭᠤᠨ ᠲᠦᠮᠡᠨ ᠲᠣᠨ᠎ᠤ ᠲᠠᠰ᠎ᠤᠨ ᠪᠣᠬᠢᠷᠲᠤᠯ ᠥᠬᠡᠶ ᠨᠡᠢᠯᠡᠯᠭᠡ ᠱᠢᠪᠲᠦᠷ᠎ᠦᠨ ᠰᠠᠭᠤᠷᠢᠨ ᠢ᠋ ᠪᠠᠢᠭᠤᠯᠵᠤ᠂ ᠡᠯᠡᠰᠦᠨ ᠴᠥᠯ᠎ᠢ 〈ᠲᠠᠰ᠎ᠡᠴᠡ ᠳᠠᠪᠠᠭ᠍ᠰᠠᠨ ᠴᠢᠯᠠᠭᠤᠨ ᠲᠣᠰᠣᠨ᠎ᠤ ᠠᠭᠤᠷᠬᠠᠢ〉 ᠪᠣᠯᠭᠠᠵᠤ ᠪᠠᠢᠨ᠎ᠠ》 ᠭᠡᠵᠡᠢ᠃

ᠪᠤᠬᠢᠷᠳᠤᠯ ᠦᠭᠡᠢ ᠤᠰᠤᠲᠥ᠋ᠷᠥᠭ᠌ᠴᠢ ᠪᠤᠬᠢᠷᠳᠤᠯ ᠦᠭᠡᠢ ᠱᠢᠪᠲᠦᠷ᠎ᠦᠨ ᠠᠵᠤ ᠦᠢᠯᠡᠰ᠎ᠢ ᠬᠥᠭ᠌ᠵᠢᠭᠦᠯᠬᠦ᠌ ᠪᠣᠯ ᠮᠠᠨ᠎ᠤ ᠤᠯᠤᠰ᠎ᠤᠨ ᠡᠨᠧᠷᠭᠢ᠎ᠶ᠋ᠢᠨ ᠪᠦᠲᠦᠴᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠠᠬᠢᠭᠤᠯᠬᠤ ᠴᠢᠬᠤᠯᠠ ᠴᠢᠭ᠌ᠯᠡᠯ ᠮᠥᠨ᠃ ᠲᠣᠰ ᠲᠥᠷᠥᠯ ᠵᠦᠶ᠋ᠯ᠎ᠨᠢ ᠪᠥᠬᠥ᠌ ᠳᠡᠯᠡᠬᠡᠶ᠎ᠶ᠋ᠢᠨ ᠠᠩᠬᠠᠳᠠᠭ᠍ᠴᠢ 100% ᠎ᠶ᠋ᠢᠨ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠣᠯᠪᠣᠭ᠍ᠰᠠᠨ᠂ AI ᠤᠶᠤᠨᠲᠤ ᠲᠣᠬᠢᠷᠠᠭᠤᠯᠤᠯᠲᠠ ᠬᠢᠭ᠌ᠰᠡᠨ ᠲᠣᠮᠣ ᠬᠡᠯᠪᠡᠷᠢ᠎ᠶ᠋ᠢᠨ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠦᠶ᠋ᠯᠡᠳᠪᠦᠷᠢᠯᠡᠯ᠎ᠦᠨ ᠰᠠᠭᠤᠷᠢᠨ᠎ᠢ ᠪᠠᠢᠭᠤᠯᠵᠤ᠂ ᠪᠦᠷᠢᠨ ᠪᠦᠲᠦᠨ 《ᠪᠤᠬᠢᠷᠳᠤᠯ ᠦᠭᠡᠢ ᠴᠠᠬᠢᠯᠭᠠᠨ — ᠪᠤᠬᠢᠷᠳᠤᠯ ᠦᠭᠡᠢ ᠤᠰᠤᠲᠥ᠋ᠷᠥᠭ᠌ᠴᠢ — ᠪᠤᠬᠢᠷᠳᠤᠯ ᠦᠭᠡᠢ ᠱᠢᠪᠲᠦᠷ》 ᠤ᠋ᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠳᠪᠦᠷᠢ᠎ᠶ᠋ᠢᠨ ᠬᠡᠯᠬᠢᠶ᠎ᠡ᠎ᠶ᠋ᠢ ᠪᠠᠢᠭᠤᠯᠵᠤ ᠂ ᠤᠯᠠᠮᠵᠢᠯᠠᠯᠲᠤ ᠨᠡᠢᠯᠡᠯᠭᠡ ᠱᠢᠪᠲᠦᠷ᠎ᠦᠨ ᠴᠢᠯᠠᠭᠤᠵᠢᠮᠠᠯ ᠡᠨᠧᠷᠭᠢ᠎ᠳᠦ ᠬᠡᠳᠤ ᠲᠦᠱᠢᠭ᠌ᠯᠡᠬᠦ᠌ ᠪᠠᠢᠳᠠᠯ᠎ᠡᠴᠡ ᠲᠤᠢᠯᠪᠤᠷᠢᠲᠠᠶ ᠠᠩᠭᠢᠵᠢᠷᠠᠪᠠ᠃

ᠨᠢᠭᠡ ᠵᠦᠶ᠋ᠯ᠎ᠦᠨ ᠮᠡᠷᠭᠡᠵᠢᠯ᠎ᠦᠨ ᠱᠢᠪᠲᠤᠯᠤᠯᠲᠠ ᠨᠢ ᠡᠨᠧᠷᠭᠢ᠎ᠶ᠋ᠢᠨ ᠠᠱᠢᠭ᠍ᠯᠠᠯᠲᠠ᠎ᠶ᠋ᠢᠨ ᠪᠠᠢᠷᠢᠱᠢᠯ᠎ᠢ ᠳᠠᠬᠢᠨ ᠴᠣᠭ᠍ᠴᠠᠯᠠᠨ᠎ᠠ᠃ 2025 ᠣᠨ᠎ᠤ 12 ᠰᠠᠷ᠎ᠠ᠎ᠳᠤ᠂ ᠣᠷᠳᠣᠰ᠎ᠤᠨ ᠲᠤᠷᠱᠢᠯᠲᠠ᠎ᠶ᠋ᠢᠨ ᠲᠠᠰᠤᠭ᠎ᠤᠨ ᠪᠥᠬᠥ᠌ ᠤᠯᠤᠰ᠎ᠲᠤ ᠠᠩᠬ᠎ᠠ ᠡᠭᠦᠳᠦᠭ᠌ᠰᠡᠨ 《ᠡᠯᠡᠰᠦᠨ ᠢᠯᠴᠢ᠎ᠶ᠋ᠢᠨ ᠬᠦᠴᠦᠨ᠎ᠦ ᠳ᠋ᠢᠶᠠᠨ ᡂᠢ》 ᠶ᠋ᠢᠨ ᠲᠤᠷᠱᠢᠯᠳᠠ ᠠᠮᠵᠢᠯᠲᠠ ᠤᠯᠪᠠ᠃ ᠲᠥᠷᠥᠯ ᠵᠦᠶ᠋ᠯ᠎ᠨᠢ ᠬᠠᠲᠠᠭᠤ ᠪᠡᠶᠡᠲᠦ ᠮᠥᠬᠥᠯᠢᠭ᠎ᠢᠶᠡᠷ ᠡᠨᠧᠷᠭᠢ ᠨᠦᠬᠡᠴᠡᠯᠡᠬᠦ ᠵᠠᠭᠤᠴᠢ ᠪᠣᠯᠭᠠᠵᠤ᠂ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠢ ᠢᠯᠴᠢ᠎ᠶ᠋ᠢᠨ ᠡᠨᠧᠷᠭᠢ᠎ᠪᠡᠷ ᠨᠦᠬᠡᠴᠡᠯᠡᠬᠦ ᠪᠣᠯᠭᠠᠨ ᠤᠨᠳᠤᠤᠰᠢᠭᠤᠯᠵᠤ᠂ ᠬᠡᠷᠡᠭ᠌ᠴᠡᠭᠡ᠎ᠪᠡᠷ᠎ᠨᠢ ᠢᠯᠭᠠᠷᠠᠭᠤᠯᠬᠤ 《ᠴᠠᠬᠢᠯᠭᠠᠨ ᠴᠡᠨᠡᠭ᠌ᠯᠡᠭᠦᠷ》 ᠢ᠋ ᠦᠶ᠋ᠯᠡᠳᠴᠦ᠍᠂  ᠡᠨᠧᠷᠭᠢ ᠨᠥᠭᠡᠴᠡᠯᠡᠬᠦ᠌ ᠨᠢᠭ᠍ᠲᠠᠴᠠ᠎ᠨᠢ ᠥᠨᠳᠥᠷ᠂ ᠲᠣᠭ᠍ᠲᠠᠪᠤᠷᠢᠲᠤ ᠴᠢᠨᠠᠷ᠎ᠢᠶᠠᠷ ᠰᠠᠢᠨ᠂ ᠥᠪᠡᠷ᠎ᠦᠨ ᠥᠷᠲᠡᠭ᠎ᠨᠢ ᠳᠤᠤᠷ᠎ᠠ ᠵᠡᠷᠭᠡ ᠳᠠᠪᠠᠭᠤᠯᠢᠭ᠎ᠲᠠᠶ ᠪᠠᠢᠵᠤ᠂ ᠪᠣᠬᠢᠷᠲᠤᠯ ᠥᠬᠡᠶ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠬᠡᠬᠦ᠎ᠶ᠋ᠢ ᠪᠦᠲᠦᠮᠵᠢᠲᠡᠶ ᠠᠬᠢᠭᠤᠯᠬᠤ ᠪᠤᠯᠤᠨ᠎ᠠ᠃ 《ᠨᠢᠬᠡᠨ 36 ᠮᠸᠭ᠎ᠠ ᠸᠠᠲ \180 ᠮᠸᠭ᠎ᠠ ᠸᠠᠲ ᠴᠠᠭ᠎ᠤᠨ ᠲᠥᠷᠥᠯ ᠵᠦᠶ᠋ᠯ᠎ᠢᠶᠡᠷ ᠵᠢᠱ᠌ᠢᠶᠡᠯᠡᠪᠡᠯ᠂ ᠵᠢᠯ᠎ᠳᠦ 8 ᠲᠦᠮᠡᠨ ᠲᠣᠨ ᠠᠭᠤᠷ᠎ᠢ᠋ ᠬᠠᠩᠭᠠᠵᠤ᠂ 1.15 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠶ᠋ᠢ ᠠᠷᠪᠢᠯᠠᠵᠤ᠂ ᠪᠠᠷᠤᠭ 3 ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠭᠠᠳᠠᠭ᠍ᠰᠢᠯᠠᠭᠤᠯᠬᠤ᠎ᠶ᠋ᠢ ᠪᠠᠭᠠᠰᠭᠠᠵᠤ᠂ 4000 ᠮᠥ᠍ ᠣᠶ ᠱᠢᠭᠤᠶ᠎ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠦᠷ᠎ᠡ ᠠᠱᠢᠭ᠎ᠢ ᠪᠠᠳᠠᠷᠠᠭᠤᠯᠤᠭ᠍ᠰᠠᠨ᠎ᠲᠠᠶ ᠲᠡᠩᠴᠡᠨ᠎ᠡ》 ᠭᠡᠵᠦ᠍ ᠣᠷᠳᠣᠰ᠎ᠤᠨ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ ᠸᠧᠶ ᠹᠸᠢ ᠲᠠᠨᠢᠯᠴᠠᠭᠤᠯᠪᠠ᠃

ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠢᠷᠡᠭᠡᠳᠦᠢ᠎ᠶ᠋ᠢᠨ ᠠᠵᠤ ᠦᠢᠯᠡᠰ᠎ᠦᠨ ᠪᠦᠯᠦᠭ᠌ᠵᠢᠯ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠪᠠ᠃ ᠪᠥᠬᠥ᠌ ᠤᠯᠤᠰ᠎ᠤᠨ ᠠᠩᠬᠠᠳᠠᠭ᠍ᠴᠢ ᠪᠠᠢᠭᠠᠯᠢ᠎ᠶ᠋ᠢᠨ ᠤᠰᠤᠲᠥ᠋ᠷᠥᠭ᠌ᠴᠢ ᠬᠡᠶ᠎ᠶ᠋ᠢᠨ ᠱᠢᠨᠵᠢᠯᠡᠬᠦ᠌ ᠤᠬᠠᠭᠠᠨ᠎ᠤ ᠬᠠᠢᠨ ᠱᠢᠨᠵᠢᠯᠡᠯᠲᠡ᠎ᠶ᠋ᠢᠨ ᠬᠤᠳᠳᠤᠭ᠎ᠢ ᠡᠬᠢᠯᠡᠨ ᠥᠷᠥᠮᠳᠡᠵᠦ᠍᠂ ᠥᠪᠥᠷ ᠮᠣᠩᠭᠣᠯ᠎ᠤᠨ ᠠᠩᠬᠠᠳᠠᠭ᠍ᠴᠢ ᠳᠤᠤᠷ᠎ᠠ ᠳᠠᠷᠤᠯᠲᠠᠲᠤ ᠬᠠᠲᠠᠭᠤ ᠲᠦᠯᠦᠪᠲᠦ ᠤᠰᠤᠲᠥ᠋ᠷᠥᠭ᠌ᠴᠢ ᠨᠡᠮᠡᠬᠦ᠌ ᠵᠢᠱ᠌ᠢᠶ᠎ᠡ ᠦᠵᠡᠭᠦᠯᠬᠦ᠌ ᠥᠷᠲᠡᠭᠡ᠎ᠶ᠋ᠢ ᠠᠱᠢᠭ᠍ᠯᠠᠯᠲᠠ᠎ᠳᠤ ᠣᠷᠣᠭᠤᠯᠵᠤ᠂ 1000Nm3 ᠲᠠᠰ᠎ᠤᠨ ᠱᠦᠯᠲᠦᠯᠢᠭ ᠴᠠᠬᠢᠯᠭᠠᠨ ᠵᠠᠳᠠᠯᠤᠯ᠎ᠤᠨ ᠬᠤᠪᠢᠯ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 720V ᠤ᠋ᠨ ᠦᠪᠡᠷᠮᠢᠴᠡ ᠠᠮᠤᠷ ᠲᠦᠪᠱᠢᠨ ᠬᠠᠲᠠᠭᠤ ᠲᠦᠯᠦᠪᠲᠦ ᠨᠠᠲ᠋ᠷᠢ᠎ᠶ᠋ᠢᠨ ᠳᠠᠪᠤᠰᠤᠨ᠎ᠤ ᠳ᠋ᠢᠶᠠᠨ ᡂᠢ ᠵᠡᠷᠭᠡ ᠨᠢᠭᠡ ᠪᠦᠯᠦᠭ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ ᠲᠠᠰᠤᠷᠠᠯᠳᠠ ᠦᠬᠡᠢ ᠪᠣᠶ ᠪᠣᠯᠵᠣ᠂ ᠪᠦᠷᠢᠮᠦᠰᠦᠨ ᠤᠷᠤᠯᠠᠬᠤ ᠴᠢᠨᠠᠷᠲᠠᠶ ᠮᠡᠷᠭᠡᠵᠢᠯ ᠎ᠢ ᠲᠦᠷᠭᠡᠨ ᠨᠠᠢᠳᠠᠪᠤᠷᠢᠵᠢᠭᠤᠯᠪᠠ᠃ ᠥᠪᠥᠷ ᠮᠣᠩᠭᠣᠯ ᠡᠨᠧᠷᠭᠢ᠂ ᠡᠬᠢ ᠪᠠᠶᠠᠯᠢᠭ᠂ ᠣᠷᠣᠨ ᠪᠠᠢᠷᠢᠯᠠᠯ᠂ ᠮᠠᠯ ᠠᠵᠤ ᠠᠬᠤᠶ ᠲᠠᠷᠢᠶᠠᠯᠠᠩ ᠵᠡᠷᠭᠡ ᠳᠠᠪᠠᠭᠤᠯᠢᠭ᠎ᠲᠠᠭᠠᠨ ᠰᠠᠭᠤᠷᠢᠯᠠᠨ᠂ ᠲᠡᠳᠡᠭᠡᠷ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠪᠦᠲᠦᠮᠵᠢᠲᠡᠶ ᠤᠨᠳᠤᠤᠰᠢᠭᠤᠯᠵᠤ᠂ ᠠᠵᠤ ᠦᠶ᠋ᠯᠡᠰ᠎ᠦᠨ ᠭᠦᠨᠵᠡᠭᠡᠶ ᠬᠡᠯᠪᠡᠷᠢ᠎ᠪᠡᠨ ᠬᠤᠪᠢᠷᠠᠭᠤᠯᠬᠤ᠂ ᠬᠥᠳᠡᠯᠭᠡᠬᠦ᠌ ᠡᠨᠧᠷᠭᠢ᠎ᠵᠢᠨ ᠰᠤᠯᠢᠬᠳᠠᠯ᠎ᠢ ᠦᠷᠭᠦᠯᠵᠢᠯᠡᠨ ᠠᠬᠢᠭᠤᠯᠵᠤ ᠂ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠦᠷᠭᠦᠯᠵᠢᠯᠡᠨ ᠪᠣᠶ ᠪᠣᠯᠭᠠᠪᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠤᠯᠭᠤᠵᠤ ᠠᠵᠤ ᠦᠶ᠋ᠯᠡᠰ᠎ᠦᠨ ᠰᠠᠭᠤᠷᠢ᠎ᠶ᠋ᠢ ᠪᠡᠬᠢᠵᠢᠭᠦᠯᠪᠡ

ᠲᠤᠷᠱᠢᠯᠲᠠ᠎ᠶ᠋ᠢᠨ ᠲᠠᠰᠤᠭ᠎ᠡᠴᠡ ᠦᠶ᠋ᠯᠡᠳᠪᠦᠷᠢᠯᠡᠯ᠎ᠦᠨ ᠱᠤᠭᠤᠮ ᠳ᠋ᠤ ᠤᠷᠤᠬᠤ ᠬᠦᠷᠳᠡᠯ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠎ᠨᠢ ᠠᠮᠢᠳᠤ ᠪᠣᠳᠠᠰ᠎ᠤᠨ ᠦᠶ᠋ᠯᠡᠳᠬᠦ᠌ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠳᠦ ᠬᠦᠴᠦᠲᠡᠶ ᠬᠥᠳᠡᠯᠭᠡᠬᠦ᠌ ᠡᠨᠧᠷᠭᠢ ᠨᠡᠮᠡᠷᠢᠯᠡᠪᠡ᠃ ᠥᠪᠥᠷ ᠮᠣᠩᠭᠣᠯ᠎ᠤᠨ ᠹᠦ᠋ ᠹᠸᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌ ᠲᠥᠪ᠎ᠲᠦ᠂ ᠲᠡᠷᠢᠭᠦᠨ ᠱᠢᠨᠵᠢᠯᠡᠬᠦ᠌ ᠤᠬᠠᠭᠠᠨᠲᠠᠨ ᠯᠢᠦ ᠵᠠᠨ ᠶᠢᠩ ᠪᠦᠯᠬᠦᠮ᠎ᠢᠶᠡᠨ ᠳᠠᠭᠠᠭᠤᠯᠤᠨ᠂ ᠨᠡᠢᠯᠡᠯᠭᠡ ᠠᠮᠢᠳᠤ ᠪᠣᠳᠠᠰ᠎ᠤᠨ ᠤᠬᠠᠭᠠᠨ᠎ᠤ ᠮᠡᠷᠭᠡᠵᠢᠯ᠎ᠢ ᠠᠱᠢᠭ᠍ᠯᠠᠨ᠂ ᠳᠡᠯᠡᠬᠡᠢ ᠲᠡᠭᠡᠷᠡᠬᠢ ᠠᠩᠬᠠᠳᠠᠭᠴᠢ ᠬᠦᠴᠢᠯ᠎ᠳᠦ ᠳᠠᠭᠠᠭᠠᠮᠠᠭᠠᠢ᠂ ᠥᠨᠳᠥᠷ ᠤᠨᠠᠯᠲᠠ᠎ᠲᠠᠶ᠂ ᠤᠨᠳᠤᠤᠰᠢᠭᠤᠯᠤᠯᠳᠠ ᠨᠢ ᠦᠨᠳᠦᠷ ᠠᠮᠤᠨ ᠱᠢᠪᠲᠦᠷᠲᠦ ᠬᠦᠴᠢᠯ᠎ᠦᠨ ᠰᠠᠪᠬᠠᠨ ᠪᠠᠺᠲ᠋ᠧᠷᠢ᠎ᠶ᠋ᠢᠨ ᠱᠢᠨ᠎ᠡ ᠪᠠᠺᠲ᠋ᠧᠷᠢ᠎ᠶ᠋ᠢᠨ ᠲᠦᠷᠦᠯ᠎ᠢ ᠠᠮᠵᠢᠯᠲᠠ᠎ᠲᠠᠶ ᠰᠤᠳᠤᠯᠤᠨ ᠭᠠᠷᠭᠠᠪᠠ᠃

《ᠥᠩᠭᠡᠷᠡᠭ᠌ᠰᠡᠨ᠎ᠳᠦ ᠳᠡᠭᠡᠳᠦ ᠲᠡᠰ᠎ᠤᠨ ᠪᠠᠺᠲᠸᠷᠢ᠎ᠵᠢᠨ ᠲᠦᠷᠦᠯ᠎ᠢ ᠭᠠᠳᠠᠭᠠᠳᠤ᠎ᠡᠴᠡ ᠣᠷᠣᠭᠤᠯᠬᠤ᠎ᠳᠤ ᠲᠦᠱᠢᠭ᠌ᠯᠡᠵᠦ᠍᠂ ᠦᠢᠯᠡᠳᠪᠦᠷᠢᠯᠡᠯ᠎ᠦᠨ ᠥᠪᠡᠷ᠎ᠦᠨ ᠦᠷᠳᠡᠭ ᠥᠨᠳᠥᠷ᠂ ᠬᠠᠶᠠᠭ᠍ᠳᠠᠮᠠᠯ ᠪᠣᠳᠠᠰ᠎ᠢ ᠭᠠᠳᠠᠭ᠍ᠰᠢᠯᠠᠭᠤᠯᠬᠤ ᠬᠡᠮᠵᠢᠢ᠎ᠡ ᠶᠡᠬᠡ ᠪᠠᠢᠪᠠ᠃ ᠤᠯᠠᠨ ᠵᠢᠯ᠎ᠦᠨ ᠦᠷᠭᠦᠯᠵᠢᠯᠡᠨ ᠪᠣᠭᠣᠮᠲᠠ ᠱᠢᠪᠲᠤᠯᠬᠤ᠎ᠪᠠᠷ ᠳᠠᠮᠵᠢᠨ᠂ ᠱᠢᠨ᠎ᠡ ᠪᠠᠺᠲᠸᠷᠢ᠎ᠵᠢᠨ ᠲᠦᠷᠦᠯ ᠠᠮᠤᠨ ᠱᠢᠪᠲᠦᠷᠲᠦ ᠬᠦᠴᠢᠯ᠎ᠦᠨ ᠦᠢᠯᠡᠳᠪᠦᠷᠢᠯᠡᠯ᠂ ᠱᠢᠬᠢᠷ ᠬᠦᠴᠢᠯ᠎ᠢ ᠣᠨᠳᠣᠣᠱᠢᠭᠤᠯᠬᠤ ᠨᠤᠷᠮ᠎ᠠ ᠪᠦᠬᠦ ᠳᠡᠯᠡᠬᠡᠢ᠎ᠳᠤ ᠤᠷᠤᠢᠯᠠᠵᠤ᠂ ᠮᠡᠷᠭᠡᠵᠢᠯ᠎ᠦᠨ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠡᠵᠡᠮᠳᠡᠬᠦ᠌᠎ᠶ᠋ᠢ ᠪᠡᠶᠡᠯᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠡᠨᠧᠷᠭᠢ᠎ᠶ᠋ᠢᠨ ᠬᠣᠷᠣᠭ᠍ᠳᠠᠭᠤᠯᠤᠯ᠎ᠢ ᠪᠠᠭᠠᠰᠭᠠᠵᠤ᠂ ᠪᠣᠬᠢᠷ ᠤᠰᠤᠨ᠎ᠤ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠵᠤ᠂ ᠠᠮᠤ ᠪᠤᠳᠠᠭᠠᠨ᠎ᠤ ᠠᠮᠤᠷ ᠲᠦᠪᠱᠢᠨ ᠪᠣᠯᠤᠨ 〈ᠬᠣᠣᠰ ᠨᠡᠭᠦᠷᠡᠰᠦᠲᠥ᠋ᠷᠥᠭ᠌ᠴᠢ〉 ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠢᠳᠡᠪᠬᠢᠲᠡᠢ ᠬᠦᠴᠦᠨ ᠨᠡᠮᠡᠷᠢᠯᠡᠪᠡ》 ᠭᠡᠵᠦ᠍ ᠯᠢᠦ ᠵᠠᠨ ᠶᠢᠩ ᠬᠡᠯᠡᠪᠡ᠃

ᠬᠥᠮᠦᠰ᠎ᠢ ᠤᠷᠮᠠᠰᠢᠭᠤᠯᠤᠨ ᠵᠤᠷᠢᠬᠵᠢᠭᠤᠯᠤᠬᠰᠠᠨ ᠡᠳᠡᠭᠡᠷ ᠱᠢᠪᠲᠤᠯᠤᠯᠲᠠ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠤᠨ ᠴᠥᠬᠥᠷᠡᠰᠢ ᠥᠬᠡᠶ ᠪᠠᠲᠤ ᠪᠠᠷᠢᠮᠲᠠᠯᠠᠯ᠎ᠡᠴᠡ ᠰᠠᠯᠵᠤ ᠴᠢᠳᠠᠬᠤ ᠦᠬᠡᠢ᠂ ᠨᠠᠩ ᠴᠤ᠌ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠳᠡᠭᠡᠷ᠎ᠡ ᠬᠦᠴᠢᠷ᠎ᠢ ᠳᠤᠭᠤᠯᠬᠤ᠂ ᠨᠣᠶᠠᠨ ᠣᠷᠭᠢᠯ᠎ᠳᠤ ᠠᠪᠠᠷᠢᠬᠤ ᠠᠮᠢᠳᠤᠯᠢᠭ ᠦᠶ᠋ᠯᠡᠳᠦᠯᠭᠡ᠎ᠶ᠋ᠢ ᠲᠥᠪᠯᠡᠷᠡᠩᠭᠦᠶ ᠢᠯᠡᠷᠡᠭᠦᠯᠵᠡᠶ᠃ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠳᠬᠡᠨ ᠨᠡᠭᠡᠭᠡᠵᠦ᠍ ᠪᠠᠢᠭ᠎ᠠ ᠵᠠᠩᠭᠢᠯᠠᠭ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠪᠡᠷᠮᠢᠴᠡ ᠣᠨᠴᠠᠯᠢᠭ᠎ᠲᠠᠶ ᠠᠵᠤ ᠦᠢᠯᠡᠰ᠎ᠦᠨ ᠪᠦᠯᠦᠭ᠌ᠵᠢᠯ᠎ᠢ ᠪᠠᠢᠭᠤᠯᠵᠤ᠂ ᠬᠥᠳᠡᠯᠭᠡᠬᠦ᠌ ᠡᠨᠧᠷᠭᠢ ᠴᠢᠩᠭ᠎ᠠ ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠬᠡᠨ ᠪᠠᠢᠭᠤᠯᠵᠤ᠂ ᠠᠩᠬᠠᠨ᠎ᠤ ᠡᠭᠦᠳᠦᠯᠲᠡ ᠪᠣᠯᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌ ᠲᠠᠯ᠎ᠠ᠎ᠪᠠᠷ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠥᠨᠢ ᠤᠳᠠᠭᠠᠨ᠎ᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠎ᠪᠡᠷ ᠴᠢᠷᠮᠠᠢᠵᠤ ᠪᠠᠢᠨ᠎ᠠ᠃

ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠡᠪᠡᠳᠴᠢᠨ ᠡᠰᠡᠷᠭᠦᠴᠡᠬᠦ᠌ ᠪᠠ ᠠᠵᠤ ᠠᠬᠤᠶ᠎ᠶ᠋ᠢᠨ ᠪᠡᠯᠭᠡ ᠲᠡᠮᠲᠡᠭ᠎ᠤᠨ ᠤᠷᠤᠨ ᠴᠡᠭ᠎ᠢ ᠨᠡᠢᠳᠬᠡᠭᠰᠡᠨ 《ᠭᠠᠬᠠᠶ᠎ᠶ᠋ᠢᠨ ᠡᠬᠦᠯᠳᠡᠷ᠎ᠤᠨ ᠭᠤᠤᠯᠯᠠᠬᠤ ᠮᠡᠷᠬᠡᠵᠢᠯ》᠂ ᠪᠥᠬᠥ᠌ ᠤᠯᠤᠰ᠎ᠤᠨ ᠠᠩᠬᠠᠳᠠᠭ᠍ᠴᠢ ᠮᠣᠩᠭᠣᠯ ᠦᠬᠡᠷ᠎ᠦᠨ ᠡᠭᠦᠯᠳᠡᠷ ᠪᠣᠢᠵᠢᠭᠤᠯᠬᠤ ᠴᠠᠬᠢᠮ ᠢᠯᠳᠠᠰᠤ 《ᠱᠢᠶᠠᠩ ᠨᠢᠦ 1 ᠨᠣᠮᠧᠷᠲᠤ》 ᠵᠠᠯᠭᠠᠭ᠎ᠠ᠎ᠪᠠᠷ ᠪᠣᠶ ᠪᠣᠯᠵᠣ᠂ 《ᠲᠤᠷᠱᠢᠯᠭ᠎ᠠ᠎ᠪᠠᠷ᠎ᠢᠶᠠᠨ ᠡᠭᠦᠯᠳᠡᠷ ᠪᠣᠢᠵᠢᠭᠤᠯᠬᠤ》 ᠎ᠡᠴᠡ 《ᠨᠠᠷᠢᠯᠢᠭ ᠣᠨᠣᠴᠠᠲᠠᠶ᠎ᠪᠠᠷ ᠡᠭᠦᠯᠳᠡᠷ ᠪᠣᠢᠵᠢᠭᠤᠯᠬᠤ》ᠳᠠᠪᠠᠯᠲᠠ᠎ᠶ᠋ᠢ ᠪᠡᠶᠡᠯᠡᠭᠦᠯᠪᠡ᠃ ᠪᠷᠦ᠋ᠼᠧᠯ ᠡᠪᠡᠳᠴᠢᠨ᠎ᠢ ᠲᠦᠷᠭᠡᠨ ᠱᠢᠯᠭᠠᠨ ᠪᠠᠢᠴᠠᠭᠠᠬᠤ ᠴᠠᠬᠢᠮ ᠢᠯᠳᠠᠰᠤ᠎ᠵᠢ ᠠᠮᠵᠢᠯᠲᠠ᠎ᠲᠠᠶ ᠰᠤᠳᠤᠯᠤᠨ ᠨᠡᠭᠡᠭᠡᠵᠦ᠍᠂ ᠦᠬᠡᠷ᠎ᠦᠨ ᠰᠠᠯᠠᠭᠠᠲᠦ ᠠᠩᠬᠠᠨ᠎ᠤ ᠪᠠᠶᠡᠲᠦ ᠠᠮᠢᠳᠤ ᠸᠠᠺᠼᠢᠨ(HB150 ᠰᠠᠭᠤᠷᠢ)᠎ᠢ᠋ ᠠᠵᠤ ᠦᠢᠯᠡᠰᠵᠢᠭᠦᠯᠵᠦ᠍᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠱᠢᠬᠢᠷ ᠯᠤᠤᠪᠠᠩ᠎ᠤᠨ ᠲᠠᠩ ᠬᠦᠪᠦᠷᠡᠯ᠎ᠦᠨ ᠱᠢᠨ᠎ᠡ ᠡᠬᠦᠯᠳᠡᠷ NT 39106 ᠦᠷ᠎ᠡ ᠡᠭᠦᠯᠳᠡᠷ᠎ᠦᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠡᠶᠡᠯᠡᠭᠦᠯᠵᠦ᠍᠂ ᠮᠠᠯ ᠠᠵᠤ ᠠᠬᠤᠶ᠎ᠲᠠᠷᠢᠶᠠᠯᠠᠩ ᠤ᠋ᠨ ᠦᠷᠭᠦᠯᠵᠢᠯᠡᠬᠦ᠌ ᠬᠥᠭ᠌ᠵᠢᠯᠲᠡ᠎ᠳᠦ ᠱᠢᠰᠲ᠋ᠧᠮᠲᠦ ᠴᠢᠨᠠᠷᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠪᠠ ᠁ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠤᠨ ᠪᠥᠲᠥᠭᠡᠨ ᠪᠠᠢᠭᠤᠯᠤᠯᠲᠠ᠎ᠳᠤ ᠰᠠᠭᠤᠷᠢᠯᠠᠵᠤ᠂ ᠠᠩᠬᠠᠨ᠎ᠤ ᠡᠭᠦᠳᠦᠯᠲᠡ᠎ᠶ᠋ᠢᠨ ᠦᠷ᠎ᠡ ᠪᠦᠲᠦᠭᠡᠯ᠎ᠦᠳ ᠥᠪᠥᠷ ᠮᠣᠩᠭᠣᠯ᠎ᠤᠨ ᠬᠠᠷᠰᠢ ᠰᠠᠭᠠᠳ᠎ᠢ ᠢᠯᠡᠨ ᠳᠠᠪᠠᠬᠤ ᠳᠤᠮᠳᠠ ᠵᠠᠮ ᠎ᠢ ᠱᠢᠯᠤᠭᠤᠳᠭᠠᠵᠤ᠂ ᠴᠥᠬᠥᠷᠡᠰᠢ ᠥᠬᠡᠶ ᠲᠡᠮᠡᠴᠡᠬᠦ ᠳᠤᠮᠳᠠ ᠬᠦᠴᠦᠨ ᠬᠤᠷᠠᠮᠳᠤᠭᠤᠯᠤᠭᠰᠠᠨ ᠰᠦᠷ ᠵᠢᠪᠬᠤᠯᠠᠨᠭᠲᠦ ᠪᠦᠬᠦ ᠦᠵᠡᠮᠵᠢ᠎ᠵᠢ ᠵᠢᠷᠤᠭᠯᠠᠪᠠ᠃

《ᠱᠢᠨ᠎ᠡ》 ᠲᠡᠢᠰᠢ ᠬᠦᠴᠦᠯᠡᠵᠦ᠍᠂ ᠲᠠᠰᠤᠷᠠᠯᠳᠠ ᠦᠭᠡᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠱᠢᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠦᠨ ᠰᠢᠨᠡᠳᠭᠡᠵᠦ᠂ ᠨᠢᠭᠡ ᠪᠦᠯᠦᠭ 《ᠠᠨᠭᠬᠠᠨ᠎ᠤ》 ᠨᠡᠷᠡᠮᠵᠢᠲᠦ᠂ 《ᠬᠠᠮᠤᠭ᠎ᠤᠨ》 ᠨᠡᠷᠡᠮᠵᠢᠲᠦ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠲᠠᠰᠤᠷᠠᠯᠳᠠ ᠦᠭᠡᠢ ᠪᠤᠢ ᠪᠤᠯᠪᠠ᠄ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠢᠵᠢ ᠲᠦᠮᠡᠨ ᠲᠣᠨ᠎ᠤ ᠲᠡᠰ᠎ᠤᠨ G5 ᠨᠤᠢᠲᠡᠨ ᠡᠯᠧᠺᠲ᠋ᠷᠣᠨ ᠲᠡᠰ᠎ᠤᠨ ᠳᠠᠪᠤᠰᠤᠨ ᠬᠦᠴᠢᠯ᠎ᠦᠨ ᠦᠢᠯᠡᠳᠪᠦᠷᠢᠯᠡᠯ᠂ ᠬᠣᠯᠪᠣᠭ᠍ᠳᠠᠯ ᠪᠦᠬᠦᠢ ᠬᠦᠷᠢᠶᠡᠨ᠎ᠦ 《ᠪᠣᠭᠣᠮᠢ》᠎ᠪᠤᠯᠵᠤ ᠪᠠᠢᠭ᠎ᠠ ᠬᠦᠴᠢᠷ ᠠᠰᠠᠭᠤᠳᠠᠯ᠎ᠢ ᠰᠢᠪᠲᠤᠯᠪᠠ; ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠢᠵᠢ ᠵᠠᠭᠤᠨ ᠲᠣᠨ᠎ᠤ ᠲᠠᠰ᠎ᠤᠨ ᠴᠤᠯ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠠᠭᠤᠷᠬᠠᠶ᠎ᠶ᠋ᠢᠨ ᠲᠡᠷᠭᠡ᠎ᠶ᠋ᠢ ᠠᠮᠵᠢᠯᠲᠠ ᠲᠠᠶ ᠰᠤᠳᠤᠯᠤᠨ ᠦᠶ᠋ᠯᠡᠳᠪᠦᠷᠢᠯᠡᠵᠤ᠂ ᠠᠭᠤᠷᠬᠠᠶ᠎ᠶ᠋ᠢᠨ ᠲᠡᠭᠡᠭᠡᠪᠦᠷᠢ᠎ᠶ᠋ᠢᠨ ᠮᠡᠷᠭᠡᠵᠢᠯ᠎ᠢ ᠱᠢᠨᠡᠴᠢᠯᠡᠪᠡ; ᠪᠥᠬᠥ᠌ ᠤᠯᠤᠰ᠎ᠤᠨ ᠠᠩᠬᠠᠳᠠᠭ᠍ᠴᠢ AI ᠪᠡᠷ ᠠᠭᠤᠷᠬᠠᠶ ᠬᠠᠢᠵᠤ  ᠮᠠᠭᠠᠳᠯᠠᠬᠤ ᠲᠣᠮᠣ ᠵᠠᠭ᠍ᠪᠤᠷ ᠵᠠᠩᠭᠢᠯᠠᠭ᠎ᠠ᠎ᠶ᠋ᠢᠨ ᠱᠢᠪᠲᠤᠯᠤᠯᠲᠠ᠎ᠲᠠᠶ ᠪᠣᠯᠵᠣ᠂ ᠭᠠᠵᠠᠷ ᠱᠢᠨᠵᠢᠯᠡᠭᠡᠨ᠎ᠦ ᠠᠭᠤᠷᠬᠠᠶ ᠬᠠᠢᠬᠤ ᠠᠵᠢᠯ᠎ᠤᠨ ᠣᠶᠤᠨᠴᠢᠯᠠᠭ᠍ᠰᠠᠨ ᠱᠢᠨ᠎ᠡ ᠱᠠᠲᠤᠨ᠎ᠳᠤ ᠣᠷᠣᠬᠤ᠎ᠶ᠋ᠢ ᠠᠬᠢᠭᠤᠯᠪᠠ᠃ ᠱᠢᠨ᠎ᠡ ᠤᠷᠤᠯᠳᠤᠭᠠᠨ᠎ᠤ ᠵᠠᠮ ᠱᠢᠨ᠎ᠡ ᠬᠥᠳᠡᠯᠭᠡᠬᠦ᠌ ᠡᠨᠧᠷᠭᠢ ᠲᠦᠷᠭᠡᠨ ᠬᠥᠭ᠌ᠵᠢᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠳᠦ ᠪᠠᠲᠤ ᠰᠠᠭᠤᠷᠢ ᠵᠢ ᠲᠠᠯᠪᠢᠪᠠ᠃

ᠬᠥᠭ᠌ᠵᠢᠯᠲᠡ ᠵᠢᠨ ᠦᠰᠦᠷᠦᠯᠲᠡ᠎ᠵᠢ ᠪᠡᠶᠡᠯᠡᠭᠦᠯᠵᠦ ᠳᠣᠲᠣᠭᠠᠳᠤ ᠬᠥᠳᠡᠯᠭᠡᠬᠦ᠌ ᠬᠦᠴᠦᠨ᠎ᠢ ᠬᠦᠭᠵᠢᠭᠡᠪᠡ

ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ ᠎ᠢ ᠤᠷᠢᠳᠴᠢᠯᠠᠨ ᠪᠠᠢᠷᠢᠱᠢᠭᠤᠯᠵᠤ ᠂ ᠠᠵᠤ ᠦᠢᠯᠡᠰ᠎ᠦᠨ ᠪᠣᠭᠣᠮᠲᠠ ᠱᠢᠪᠲᠤᠯᠬᠤ  ᠬᠦᠴᠦᠳᠤ ᠠᠵᠢᠯᠯᠠᠭ᠎ᠠ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠵᠢᠷᠤᠭ᠍ᠯᠠᠪᠠ᠃ 2025 ᠣᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠶᠡᠷᠦᠩᠬᠡᠢᠯᠡᠭ᠌ᠰᠡᠨ ᠨᠡᠷᠡᠰ᠎ᠦᠨ ᠵᠢᠭ᠍ᠰᠠᠭᠠᠯᠲᠠ ᠳ᠋ᠤ ᠪᠥᠬᠥ᠌ ᠤᠯᠤᠰ᠎ᠲᠤ ᠬᠣᠷᠢᠳᠤᠭᠠᠷ᠎ᠲᠤ ᠣᠷᠣᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠤᠶᠠᠨ ᠬᠠᠲᠠᠨ ᠴᠢᠨᠠᠷ ᠪᠣᠯᠤᠨ ᠠᠮᠢᠵᠢᠷᠠᠯ᠎ᠤᠨ ᠬᠦᠴᠦᠨ ᠭᠦᠶ᠋ᠴᠡᠳ ᠢᠯᠡᠷᠡᠪᠡ᠃

— ᠠᠵᠤ ᠦᠢᠯᠡᠰ᠎ᠦᠨ ᠪᠦᠲᠦᠴᠡ ᠰᠢᠨᠡᠳᠦᠨ ᠱᠢᠯᠢᠳᠡᠭ᠌ᠵᠢᠪᠡ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 9.4% ᠎ᠪᠠᠷ ᠨᠡᠮᠡᠭ᠌ᠳᠡᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠲᠣᠭ᠎ᠠ ᠬᠡᠮᠵᠢᠶ᠎ᠡ ᠦᠷᠭᠦᠯᠵᠢᠯᠡᠨ ᠨᠡᠮᠡᠭ᠌ᠳᠡᠵᠦ᠍᠂ ᠪᠥᠬᠥ᠌ ᠣᠷᠣᠨ᠎ᠤ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠦᠷᠭᠦᠯᠵᠢᠯᠡᠨ ᠪᠤᠵᠠᠭᠠᠢᠷᠠᠪᠠ᠃

— ᠱᠢᠨ᠎ᠡ᠎ᠶ᠋ᠢ ᠡᠭᠦᠳᠬᠦ᠌ ᠦᠷ᠎ᠡ ᠪᠦᠲᠦᠮᠵᠢ ᠲᠠᠰᠤᠷᠠᠯᠲᠠ ᠦᠭᠡᠢ ᠪᠠᠳᠠᠷᠠᠪᠠ᠃ 2025 ᠣᠨ᠎ᠳᠤ ᠪᠥᠬᠥ᠌ ᠣᠷᠣᠨ᠎ᠤ ᠮᠡᠷᠭᠡᠵᠢᠯ᠎ᠦᠨ ᠭᠡᠷ᠎ᠡ ᠵᠢ ᠬᠢᠨᠠᠨ ᠲᠣᠭ᠍ᠲᠠᠭᠠᠵᠤ ᠳᠠᠩᠰᠠᠯᠠᠭᠤᠯᠵᠤ ᠠᠷᠠᠯᠵᠢᠶ᠎ᠠ ᠪᠦᠲᠦᠭ᠌ᠰᠡᠨ ᠬᠡᠮᠵᠢᠶ᠎ᠡ 122.01 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 47.97% ᠎ᠪᠠᠷ ᠨᠡᠮᠡᠭ᠌ᠳᠡᠵᠦ᠍ ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠭᠤᠰᠤᠯᠴᠠᠯ᠎ᠢ ᠲᠦᠷᠭᠡᠳᠭᠡᠪᠡ;  ᠨᠢᠭᠡᠴᠢ GDP ᠎ᠶ᠋ᠢᠨ ᠡᠨᠧᠷᠭᠢ᠎ᠶ᠋ᠢᠨ ᠬᠣᠷᠣᠭ᠍ᠳᠠᠭᠤᠯᠤᠯ ᠠᠳᠠᠯᠢ ᠬᠤᠭᠤᠴᠠᠭᠠᠨ᠎ᠤ᠎ᠬᠢ᠎ᠡᠴᠡ 16.5% ᠎ᠪᠠᠷ ᠪᠠᠭᠤᠷᠠᠵᠤ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠬᠢᠭᠡᠳ ᠪᠣᠬᠢᠷᠲᠤᠯ ᠥᠬᠡᠶ ᠬᠥᠭ᠌ᠵᠢᠯᠲᠡ᠎ᠶ᠋ᠢᠨ ᠲᠦᠪᠱᠢᠨ ᠱᠢᠨ᠎ᠡ ᠳᠡᠭ᠌ᠲᠡᠷ᠎ᠲᠦ ᠭᠠᠷᠪᠠ᠃

— ᠳᠣᠲᠣᠭᠠᠳᠤ ᠬᠥᠳᠡᠯᠭᠡᠬᠦ᠌ ᠬᠦᠴᠦᠨ᠎ᠢ ᠪᠦᠬᠦ᠌ ᠲᠠᠯ᠎ᠠ᠎ᠪᠠᠷ ᠬᠥᠭ᠌ᠵᠢᠭᠡᠪᠡ᠃ ᠪᠥᠬᠥ᠌ ᠪᠥᠮᠪᠥᠷᠴᠡᠭ᠎ᠦᠨ ᠠᠩᠬᠠᠳᠠᠭ᠍ᠴᠢ ᠢᠵᠢ ᠵᠠᠭᠠᠭ ᠠᠯᠤᠰᠯᠠᠭ᠍ᠰᠠᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠬᠦᠷᠦᠬᠡᠬᠦ ᠬᠠᠯᠠᠭᠠᠬᠤ᠎ᠵᠢ ᠨᠢᠭᠡ ᠴᠣᠭ᠍ᠴᠠᠵᠢᠭᠤᠯᠤᠬᠰᠠᠨ ᠮᠡᠷᠭᠡᠵᠢᠯ᠎ᠳᠦ ᠰᠠᠭᠤᠷᠢᠯᠠᠭ᠍ᠰᠠᠨ 《ᠰᠠᠯᠬᠢ — ᠬᠡᠷᠡᠯ — ᠡᠨ᠋ᠸᠷᠬᠢ ᠬᠠᠳᠠᠭᠠᠯᠠᠬᠤ — ᠬᠦᠷᠦᠬᠡᠬᠦ — ᠬᠠᠯᠠᠭᠠᠬᠤ — ᠴᠠᠬᠢᠯᠭᠠᠨ ᠬᠡᠷᠡᠭᠯᠡᠬᠦ》 ᠨᠡᠭᠦᠷᠡᠰᠦᠲᠥ᠋ᠷᠥᠭ᠌ᠴᠢ ᠦᠭᠡᠢ ᠨᠢᠰᠭᠡᠯ᠎ᠦᠨ ᠪᠠᠭᠤᠳᠠᠯ᠎ᠢ ᠪᠠᠢᠭᠤᠯᠤᠨ ᠪᠦᠲᠦᠭᠡᠭ᠌ᠰᠡᠨ᠎ᠡᠴᠡ ᠪᠥᠬᠥ᠌ ᠪᠥᠮᠪᠥᠷᠴᠡᠭ᠎ᠦᠨ ᠠᠩᠬᠠᠳᠠᠭ᠍ᠴᠢ ᠢᠵᠢ ᠵᠠᠭᠤᠨ ᠲᠣᠨ᠎ᠤ ᠲᠠᠰ᠎ᠤᠨ ᠴᠤᠯ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠣᠶᠤᠨᠴᠢ ᠠᠭᠤᠷᠬᠠᠶ᠎ᠶ᠋ᠢᠨ ᠲᠡᠷᠭᠡ᠎ᠶ᠋ᠢ ᠦᠢᠯᠡᠳᠦᠭᠰᠡᠨ ᠬᠦᠷᠲᠡᠯ᠎ᠡ᠂ ᠪᠥᠬᠥ᠌ ᠤᠯᠤᠰ᠎ᠤᠨ ᠠᠩᠬᠠᠳᠠᠭ᠍ᠴᠢ ᠣᠷᠳᠣ ᠬᠤᠭᠤᠴᠠᠭ᠎ᠠ᠎ᠪᠠᠷ ᠦᠷᠭᠦᠯᠵᠢᠯᠡᠨ ᠠᠶᠠᠯᠠᠬᠤ ᠡᠭ᠌ᠴᠡ᠎ᠨᠢᠰᠴᠦ᠍ ᠪᠠᠭᠤᠬᠤ ᠵᠢᠯᠣᠭᠣᠴᠢ ᠥᠬᠡᠶ ᠨᠢᠰᠭᠡᠯ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠡᠴᠡ ᠨᠢᠭᠡ ᠪᠦᠯᠦᠭ 《ᠲᠤᠰᠭᠠᠢᠵᠢᠬᠰᠠᠠ ᠨᠠᠷᠢᠯᠢᠭᠵᠢᠬᠰᠠᠨ ᠤᠨᠴᠠᠯᠢᠬᠵᠢᠬᠰᠠᠨ ᠱᠢᠨ᠎ᠡ》 ᠠᠵᠤ ᠠᠬᠤᠢᠯᠠᠯ ᠠᠵᠢᠯ ᠲᠥᠷᠥᠯ᠎ᠦᠨ ᠪᠡᠷᠬᠡ ᠰᠡᠳᠦᠪ᠎ᠢ ᠱᠢᠶ᠋ᠳᠪᠦᠷᠢᠯᠡᠭ᠌ᠰᠡᠨ ᠬᠦᠷᠲᠡᠯ᠎ᠡ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ ᠶᠠᠭ ᠡᠬᠢ ᠪᠠᠶᠠᠯᠢᠭ᠎ᠲᠦ ᠲᠦᠱᠢᠭ᠌ᠯᠡᠵᠦ᠍ ᠪᠠᠢᠭ᠍ᠰᠠᠨ᠎ᠡᠴᠡ᠎ᠪᠠᠨ ᠮᠡᠷᠭᠡᠵᠢᠯ᠎ᠵᠢᠡᠷ ᠡᠨ᠋ᠸᠷᠬᠢ ᠤᠯᠭᠤᠬᠤ ᠳᠠᠢᠰᠢ ᠱᠢᠯᠵᠢᠵᠦ᠍᠂ ᠳᠠᠭᠠᠵᠤ ᠵᠣᠯᠭᠠᠯᠴᠠᠬᠤ᠎ᠡᠴᠡ ᠵᠡᠷᠭᠡ᠎ᠪᠡᠷ ᠭᠦᠶᠦᠵᠦ ᠬᠥᠲᠥᠯᠦᠨ ᠳᠠᠭᠠᠭᠤᠯᠬᠤ ᠲᠡᠢᠰᠢ ᠰᠢᠯᠵᠢᠪᠡ᠃

ᠡᠨᠡ ᠬᠦ᠌ ᠭᠢᠯᠠᠯᠵᠠᠬᠰᠠᠨ ᠠᠮᠵᠢᠯᠲᠠ᠎ᠶ᠋ᠢᠨ ᠬᠠᠭᠤᠳᠠᠰᠤ ᠪᠣᠯ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠠᠮᠢᠳᠤᠯᠢᠭ ᠵᠢᠷᠤᠭ᠍ᠯᠠᠯ ᠪᠠᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠣ ᠱᠢᠨ᠎ᠡ ᠪᠠᠢᠷᠢᠱᠢᠯ᠎ᠢ ᠲᠣᠭ᠍ᠲᠠᠭᠠᠪᠠ᠃

ᠠᠶᠠᠨ᠎ᠤ ᠵᠠᠮ ᠬᠤᠯᠠ᠂ ᠲᠡᠮᠡᠴᠡᠬᠦ ᠯᠡ ᠬᠡᠷᠡᠭᠲᠡᠢ᠃ ᠥᠪᠥᠷ ᠮᠣᠩᠭᠣᠯ 2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠤ ᠲᠤᠷᠠᠳᠤᠭᠰᠠᠨ《ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌》 ᠱᠠᠭᠠᠷᠳᠠᠯᠭ᠎ᠠ ᠲᠠᠢ ᠨᠢᠬᠳᠠ ᠤᠶᠠᠯᠳᠤᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠂ ᠪᠠᠢᠭᠤᠯᠤᠯ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠱᠢᠰᠲ᠋ᠧᠮ᠎ᠲᠡᠶ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ᠎ᠶ᠋ᠢᠨ ᠡᠬᠢ ᠪᠠᠶᠠᠯᠢᠭ᠎ᠤᠨ ᠪᠣᠬᠢᠷᠲᠤᠯ ᠥᠬᠡᠶ ᠬᠥᠭ᠌ᠵᠢᠯᠲᠡ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠵᠡᠷᠭᠡ ᠭᠤᠷᠪᠠᠨ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠥᠨᠳᠥᠷᠯᠢᠭ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠴᠠᠭ ᠮᠥᠴᠡ ᠪᠢᠳᠡᠨ᠎ᠢ ᠬᠦᠯᠢᠶᠡᠬᠦ᠌ ᠥᠬᠡᠶ ᠭᠡᠬᠦ᠌ ᠲᠤᠯᠭᠠᠮ ᠰᠡᠳᠭᠢᠯᠭᠡ᠎ᠪᠡᠷ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠪᠥᠬᠥ᠌ ᠬᠡᠯᠬᠢᠶᠡᠨ᠎ᠦ ᠪᠠᠢᠷᠢᠯᠠᠭᠤᠯᠤᠯᠲᠠ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠱᠢᠭ᠍ᠲᠠᠶ ᠪᠠᠢᠷᠢ᠎ᠶ᠋ᠢ ᠲᠠᠰᠤᠷᠠᠯᠲᠠ ᠥᠬᠡᠶ ᠡᠵᠡᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠠᠶᠠᠨ᠎ᠳᠤ ᠲᠣᠮᠣ ᠠᠯᠬᠤᠮ᠎ᠢᠶᠠᠷ ᠤᠷᠤᠭ᠍ᠰᠢᠯᠠᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号