— ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠦᠪ ᠦᠵᠡᠯᠳᠠ ᠵᠢ ᠪᠤᠢ ᠪᠤᠯᠭᠠᠨ ᠦᠢᠯᠡᠳᠤᠯᠭᠡᠵᠢᠬᠦᠯᠬᠦ ᠲᠤᠬᠠᠢ ᠭᠤᠷᠪᠡᠨᠳᠠ ᠦᠬᠦᠯᠡᠬᠦ ᠨᠢ
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠡᠴᠦᠰ᠎ᠦᠨ ᠡᠴᠦᠰ᠎ᠲᠡᠬᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠳᠡᠭᠡᠷ᠎ᠡ ᠨᠠᠢᠳᠠᠪᠤᠷᠢᠵᠢᠭᠤᠯᠬᠤ ᠬᠡᠷᠡᠭ᠌ᠲᠡᠢ᠃ 《ᠶᠠᠭᠤᠨ᠎ᠳᠤ ᠲᠦᠱᠢᠭ᠌ᠯᠡᠵᠦ᠍ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠪᠣᠶ ᠪᠣᠯᠭᠠᠬᠤ》 ᠠᠰᠠᠭᠤᠳᠠᠯ᠎ᠢ ᠰᠠᠢᠲᠤᠷ ᠬᠠᠷᠢᠭᠤᠯᠬᠤ᠎ᠳᠤ ᠡᠷᠬᠡᠪᠰᠢ ᠨᠠᠮᠴᠢ ᠴᠢᠨᠠᠷ᠎ᠢ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠶ᠋ᠢ ᠪᠠᠷᠢᠮᠲᠠᠯᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠠᠷᠢᠭᠤᠨ ᠴᠢᠬᠡᠴᠢ ᠣᠭ ᠴᠢᠨᠠᠷ᠎ᠢᠶᠠᠨ ᠡᠭᠦᠷᠢᠳᠡ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠠᠰᠤᠷᠠᠯᠲᠠ ᠥᠬᠡᠶ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ᠃
ᠨᠠᠮᠴᠢ ᠴᠢᠨᠠᠷ ᠪᠠᠲᠤ ᠴᠢᠩᠭ᠎ᠠ ᠪᠠᠢᠪᠠᠯ ᠰᠠᠶᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠳᠦ ᠵᠦᠷᠢᠶ᠎ᠠ ᠭᠠᠷᠬᠤ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠳ᠋ᠤ᠂ ᠤᠯᠤᠰ ᠲᠦᠷᠦ᠍᠎ᠶ᠋ᠢᠨ ᠪᠣᠯᠪᠠᠰᠤᠷᠠᠯ᠎ᠢ ᠢᠮᠠᠭ᠍ᠲᠠ ᠨᠠᠮᠴᠢ ᠴᠢᠨᠠᠷ᠎ᠤᠨ ᠪᠣᠯᠪᠠᠰᠤᠷᠠᠯ᠎ᠤᠨ ᠲᠡᠷᠢᠭᠦᠨ ᠪᠠᠢᠷᠢᠨ᠎ᠳᠤ ᠲᠠᠯᠪᠢᠵᠤ᠂ ᠴᠥᠬᠥᠷᠡᠰᠢ ᠦᠭᠡᠢ᠎ᠪᠡᠷ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠠᠷᠠᠳ ᠲᠦᠮᠡᠨ᠎ᠤ᠋ ᠲᠦᠯᠦᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ》 ᠣᠢᠯᠠᠭᠠᠭ᠍ᠳᠠᠬᠤᠨ ᠢ᠋ ᠰᠡᠳᠭᠢᠯᠳ᠋ᠡᠭᠡᠨ ᠬᠠᠳᠠᠩᠱᠢᠭᠤᠯᠵᠤ᠂ ᠦᠨᠡᠨ ᠦᠭᠡ ᠬᠡᠯᠡᠬᠦ᠌᠂ ᠪᠣᠳᠠᠲᠠᠶ ᠠᠵᠢᠯ ᠬᠢᠬᠦ ᠵᠢ ᠪᠠᠷᠢᠮᠳᠠᠯᠠᠵᠤ᠂ ᠬᠡᠯᠡᠬᠦ᠌ ᠬᠢᠬᠦ᠌ ᠨᠢ ᠠᠳᠠᠯᠢ᠂ ᠮᠡᠳᠡᠬᠦᠶ ᠬᠢᠬᠦᠶ᠎ᠶ᠋ᠢ ᠨᠢᠭᠡᠳᠭᠡᠬᠦ ᠵᠢ ᠪᠡᠶᠡᠯᠡᠬᠦᠯᠵᠤ᠂ ᠡᠷᠡᠰ ᠪᠠᠲᠤ ᠨᠠᠮᠴᠢ ᠴᠢᠨᠠᠷ᠎ᠢᠶᠠᠷ ᠵᠠᠰᠠᠭ᠎ᠤᠨ ᠠᠵᠢᠯ᠎ᠤᠨ ᠪᠦᠳᠦᠮᠵᠢ ᠵᠢᠨ ᠦᠵᠡᠯᠲᠡ᠎ᠶ᠋ᠢ ᠬᠥᠲᠥᠯᠥᠨ ᠳᠠᠭᠠᠭᠤᠯᠵᠤ ᠵᠥᠪ ᠪᠥᠭᠡᠳ ᠪᠣᠳᠠᠲᠠᠶ ᠪᠤᠯᠭᠠᠬᠤ ᠬᠡᠷᠡᠭ᠌ᠲᠡᠶ᠃
ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠴᠢᠳᠠᠬᠤ ᠪᠣᠳᠠᠲᠤ ᠠᠮᠵᠢᠯᠲᠠ ᠪᠦᠲᠦᠮᠵᠢ ᠨᠢ ᠵᠢᠮ᠎ᠡ ᠶᠣᠰᠣ᠎ᠶ᠋ᠢ ᠬᠦᠨᠳᠦᠳᠭᠡᠵᠦ᠍᠂ ᠦᠨᠡᠨ᠎ᠡᠴᠡ ᠵᠥᠪ᠎ᠢ ᠡᠷᠢᠵᠦ᠍ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠡᠴᠡ ᠰᠠᠯᠵᠤ ᠴᠢᠳᠠᠬᠤ ᠦᠭᠡᠢ ᠶᠤᠮ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠯ᠎ᠡ ᠭᠠᠵᠠᠷ᠎ᠤᠨ ᠬᠥᠭ᠌ᠵᠢᠯᠲᠡ᠎ᠶ᠋ᠢᠨ ᠰᠠᠭᠤᠷᠢ ᠠᠳᠠᠯᠢ ᠦᠭᠡᠢ᠂ ᠠᠵᠢᠯ ᠬᠢᠵᠦ᠍ ᠦᠢᠯᠡᠰ ᠪᠤᠰᠭᠠᠬᠤ᠎ᠳᠤ ᠡᠷᠬᠡᠪᠰᠢ ᠦᠨᠡᠨ᠎ᠡᠴᠡ ᠵᠥᠪ᠎ᠢ ᠡᠷᠢᠵᠦ᠍᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠵᠤ᠂ ᠤᠬᠠᠮᠰᠠᠷ᠎ᠡᠴᠡ᠎ᠪᠠᠨ ᠪᠤᠰᠤᠳᠴᠢ ᠵᠢᠮ᠎ᠡ ᠶᠣᠰᠣ᠎ᠪᠠᠷ ᠠᠵᠢᠯᠯᠠᠬᠤ ᠬᠡᠷᠡᠭ᠌ᠲᠡᠢ᠃ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠦᠨᠳᠦᠰᠦᠨ ᠱᠠᠲᠤ ᠪᠣᠯᠤᠨ ᠣᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠪᠠᠢᠴᠠᠭᠠᠨ ᠰᠤᠳᠤᠯᠤᠯᠲᠠ᠎ᠶ᠋ᠢ ᠭᠦᠶ᠋ᠴᠡᠳ ᠥᠷᠨᠢᠭᠦᠯᠵᠦ᠍᠂ ᠬᠠᠮᠤᠭ᠎ᠤᠨ ᠦᠨᠡᠨ ᠪᠣᠳᠠᠲᠠᠶ ᠪᠠᠢᠳᠠᠯ᠎ᠢ ᠡᠵᠡᠮᠱᠢᠵᠦ᠍᠂ ᠬᠠᠮᠤᠭ᠎ᠤᠨ ᠲᠤᠯᠭᠠᠮ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌᠂ ᠱᠢᠶ᠋ᠳᠪᠦᠷᠢᠲᠦ ᠪᠣᠳᠣᠯᠭ᠎ᠠ᠎ᠶ᠋ᠢ ᠨᠠᠩ ᠴᠢᠭ᠌ᠯᠡᠭᠦᠯᠦᠯᠲᠦ ᠴᠢᠨᠠᠷᠲᠠᠶ᠂ ᠨᠠᠩ ᠪᠣᠳᠠᠲᠠᠶ ᠬᠡᠷᠡᠭ᠌ᠵᠢᠭᠦᠯᠬᠦ᠌ ᠴᠢᠨᠠᠷᠲᠠᠶ ᠪᠣᠯᠭᠠᠬᠤ ᠬᠡᠷᠡᠭ᠌ᠲᠡᠶ᠃ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠣᠭ᠍ᠲᠠᠴᠠ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂《ᠠᠷᠪᠡᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠠᠵᠤ ᠦᠢᠯᠡᠰ᠎ᠦᠨ ᠪᠠᠢᠷᠢᠱᠢᠭᠤᠯᠤᠯ᠎ᠢ ᠱᠢᠯᠢᠳᠡᠭ᠌ᠵᠢᠭᠦᠯᠬᠦ᠌ ᠵᠡᠷᠭᠡ ᠠᠵᠢᠯ᠎ᠤᠨ ᠳᠤᠮᠳᠠ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠨᠡᠢᠴᠡᠭ᠌ᠰᠡᠨ 《 ᠬᠠᠮᠤᠭ᠎ᠤᠨ ᠱᠢᠯᠢᠳᠡᠭ ᠬᠠᠷᠢᠭᠤᠯᠲᠠ》 ᠶ᠋ᠢ ᠣᠯᠵᠤ᠂ 《ᠭᠡᠰᠡᠭ ᠲᠠᠯ᠎ᠠ ᠪᠡᠷ ᠪᠦᠬᠦ ᠲᠠᠯ᠎ᠠ ᠵᠢ ᠤᠷᠤᠯᠠᠭᠤᠯᠬᠤ》 ᠶ᠋ᠢ ᠡᠷᠡᠰ ᠰᠡᠷᠭᠡᠢᠯᠡᠨ᠂ ᠰᠣᠬᠣᠷ ᠪᠠᠯᠠᠶ᠎ᠪᠠᠷ ᠳᠠᠭᠠᠵᠤ ᠂ ᠠᠪᠤᠨ ᠳᠣᠣᠷ᠎ᠠ᠎ᠪᠠᠨ ᠠᠱᠢᠭ ᠣᠯᠬᠤ᠎ᠪᠠᠷ ᠶᠠᠭᠠᠷᠠᠬᠤ ᠦᠭᠡᠶ ᠪᠦᠭᠡᠳ ᠪᠠᠰᠠ ᠬᠠᠭᠤᠴᠢᠨ᠎ᠢᠶᠠᠨ ᠦᠬᠦᠨ ᠪᠠᠷᠢᠮᠲᠠᠯᠠᠵᠤ᠂ ᠬᠠᠭᠤᠴᠢᠨ᠎ᠢᠶᠠᠨ ᠪᠠᠷᠢᠮᠲᠠᠯᠠᠵᠤ ᠬᠡᠪᠱᠢᠷᠡᠨ ᠵᠣᠭ᠍ᠰᠣᠩᠭᠤᠢᠷᠠᠬᠤ ᠦᠭᠡᠢ ᠪᠠᠢᠵᠤ᠂ ᠱᠢᠶ᠋ᠳᠪᠦᠷᠢᠲᠦ ᠪᠣᠳᠣᠯᠭ᠎ᠠ ᠨᠢᠭᠡᠪᠦᠷᠢ᠎ᠶ᠋ᠢ ᠴᠥᠮ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠨᠡᠢᠴᠡᠭᠦᠯᠦᠨ ᠂ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠭᠦᠯᠬᠦ᠌ ᠬᠡᠷᠡᠭ᠌ᠲᠡᠶ᠃
ᠠᠵᠢᠯ᠎ᠤᠨ ᠪᠦᠳᠦᠮᠵᠢ ᠵᠢ ᠴᠥᠮ ᠬᠢᠵᠦ᠍ ᠪᠦᠲᠦᠭᠡᠭ᠌ᠰᠡᠨ ᠶᠤᠮ᠂ ᠦᠨᠡᠨ ᠬᠦ᠌ ᠠᠵᠢᠯᠯᠠᠪᠠᠯ ᠰᠠᠶᠢ ᠦᠨᠡᠨ ᠬᠦ᠌ ᠪᠦᠲᠦᠮᠵᠢ ᠭᠠᠷᠭᠠᠵᠤ ᠂ ᠵᠢᠨᠭᠭᠢᠨᠢ ᠪᠦᠲᠦᠮᠵᠢ ᠭᠠᠷᠭᠠᠵᠤ ᠴᠢᠳᠠᠨ᠎ᠠ᠃ ᠣᠳᠣᠬᠠᠨ᠎ᠳᠤ᠂ ᠣᠷᠣᠨ ᠳᠠᠶᠠᠭᠠᠷ ᠶᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ᠂ ᠭᠠᠭ᠍ᠴᠠ ᠬᠦ᠌ ᠦᠨᠡᠨ ᠬᠦ᠌ ᠠᠳᠭᠤᠨ ᠪᠣᠳᠠᠲᠠᠶ ᠠᠵᠢᠯᠯᠠᠪᠠᠯ ᠰᠠᠶᠢ ᠬᠥᠭ᠌ᠵᠢᠯᠲᠡ᠎ᠶ᠋ᠢᠨ ᠰᠡᠳᠦᠪ᠎ᠢ ᠱᠢᠶ᠋ᠳᠪᠦᠷᠢᠯᠡᠵᠦ᠍᠂ ᠴᠠᠭ ᠦᠶ᠎ᠡ᠎ᠶ᠋ᠢᠨ ᠱᠢᠯᠭᠠᠯᠲᠠ᠎ᠶ᠋ᠢᠨ ᠬᠠᠭᠤᠳᠠᠰᠤ᠎ᠶ᠋ᠢ ᠰᠠᠢᠲᠤᠷ ᠬᠠᠷᠢᠭᠤᠯᠵᠤ ᠴᠢᠳᠠᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠪᠡᠷ ᠵᠢᠯᠤᠭᠤᠳᠤᠯᠭ᠎ᠠ ᠪᠣᠯᠭᠠᠵᠤ ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠪᠣᠳᠠᠲᠠᠢ᠎ᠶ᠋ᠢ ᠡᠷᠬᠢᠮᠯᠡᠨ ᠪᠣᠳᠠᠲᠠᠢ ᠠᠷᠭ᠎ᠠ ᠭᠠᠷᠭᠠᠵᠤ ᠂ ᠪᠣᠳᠠᠲᠠᠢ ᠦᠷ᠎ᠡ ᠪᠦᠲᠦᠮᠵᠢ᠎ᠶ᠋ᠢ ᠡᠷᠬᠢᠮᠯᠡᠬᠦ᠌ ᠬᠡᠷᠡᠭ᠌ᠲᠡᠢ᠃《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠭᠡᠬᠦ᠌ ᠤᠶᠤᠨ ᠰᠠᠨᠠᠭᠠᠨ᠎ᠤ ᠲᠦᠪᠰᠢᠨ ᠪᠣᠯᠤᠨ 《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠲᠡᠦᠬᠡ᠎ᠶ᠋ᠢᠨ ᠡᠭᠦᠷᠭᠡᠯᠡᠯ᠎ᠲᠡᠶ ᠪᠠᠢᠬᠤ᠎ᠶ᠋ᠢ ᠪᠠᠲᠤᠯᠠᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠨᠢᠭᠡ ᠨᠢᠭᠡ ᠠᠯᠬᠤᠮ᠎ᠢᠶᠠᠷ ᠬᠢᠵᠦ᠍᠂ ᠦᠨᠡᠨ ᠪᠣᠳᠠᠲᠠᠢ ᠬᠥᠭ᠌ᠵᠢᠯᠲᠡ᠂ ᠬᠠᠭᠤᠷᠮᠠᠭ ᠵᠦᠢᠯ ᠦᠭᠡᠢ ᠬᠥᠭ᠌ᠵᠢᠯᠲᠡ ᠪᠡᠷ ᠤᠯᠠᠨ ᠲᠦᠮᠡᠨ᠎ᠳᠦ ᠦᠨᠡᠨ ᠪᠣᠳᠠᠲᠠᠢ ᠬᠤᠪᠢᠷᠠᠯᠲᠠ᠎ᠶ᠋ᠢ ᠮᠡᠳᠡᠷᠡᠭᠦᠯᠵᠦ᠍᠂ ᠦᠨᠡᠨ ᠪᠣᠳᠠᠲᠠᠢ ᠠᠱᠢᠭ ᠬᠦᠷᠲᠡᠭᠡᠬᠦ ᠭᠡᠷᠡᠭᠳᠠᠢ᠃
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠨᠢ ᠪᠢᠳᠡᠨ᠎ᠢ ᠠᠮᠵᠢᠯᠲᠠ ᠪᠦᠲᠦᠮᠵᠢ ᠭᠠᠷᠭᠠᠬᠤᠪᠦᠭᠡᠳ ᠪᠠᠰᠠ ᠢᠮᠠᠭ᠍ᠲᠠ ᠲᠥᠪ ᠭᠣᠣᠯᠴᠢ ᠠᠷᠢᠭᠤᠨ ᠴᠢᠬᠡᠴᠢ᠂ ᠠᠷᠢᠭᠤᠨ ᠴᠢᠬᠡᠴᠢ᠎ᠪᠡᠷ ᠬᠥᠮᠦᠨ ᠪᠣᠯᠬᠤ᠂ ᠠᠷᠢᠭᠤᠨ ᠴᠢᠬᠡᠴᠢ᠎ᠪᠡᠷ ᠠᠵᠢᠯ ᠬᠢᠬᠦ᠌᠎ᠶ᠋ᠢ ᠱᠠᠭᠠᠷᠳᠠᠵᠤ ᠪᠠᠢᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠴᠠᠭ ᠢᠮᠠᠭ᠍ᠲᠠ ᠥᠪᠡᠷ᠎ᠢ᠎ᠪᠡᠨ ᠲᠤᠩᠭᠠᠨ ᠥᠪᠡᠷ᠎ᠢ᠎ᠪᠡᠨ ᠬᠦᠨᠳᠦᠳᠭᠡᠵᠦ᠍᠂ ᠢᠯᠵᠢᠷᠠᠯ᠎ᠢ ᠡᠰᠡᠷᠭᠦᠴᠡᠵᠦ᠍ ᠴᠢᠨᠠᠷ ᠬᠤᠪᠢᠷᠠᠬᠤ᠎ᠶ᠋ᠢ ᠰᠡᠷᠭᠡᠢᠯᠡᠬᠦ᠌ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ ᠪᠠ ᠦᠢᠯᠡ ᠠᠵᠢᠯᠯᠠᠭ᠎ᠠ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠲᠦᠷᠢᠮ ᠪᠠ ᠵᠢᠷᠤᠮ᠎ᠢ ᠴᠢᠩᠭ᠎ᠠ ᠵᠢᠷᠤᠮᠯᠠᠨ ᠠᠵᠢᠯᠯᠠᠬᠤ ᠬᠡᠷᠡᠭ᠌ᠲᠡᠢ᠂ ᠶᠠᠭᠠᠬᠢᠭ᠍ᠰᠠᠨ ᠴᠤ᠌ ᠭᠠᠷ ᠲᠦᠷᠦᠵᠤ ᠬᠠᠷᠰᠢᠯᠡᠨ᠂ ᠡᠷᠬᠡ᠎ᠪᠡᠨ ᠠᠱᠢᠭ᠍ᠯᠠᠨ ᠠᠮᠢ᠎ᠪᠠᠨ ᠪᠣᠷᠳᠣᠬᠤ ᠦᠭᠡᠢ᠃ ᠡᠯ᠎ᠡ ᠱᠠᠲᠤ ᠡᠯ᠎ᠡ ᠭᠠᠵᠠᠷ᠎ᠤᠨ᠎ᠬᠢᠨ ᠪᠥᠬᠥ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠶ ᠪᠣᠯᠭᠠᠵᠤ᠂ ᠨᠠᠮ᠎ᠤᠨ ᠭᠡᠱᠢᠭᠦᠨ ᠺᠠᠳ᠋ᠷ᠎ᠢ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ᠂ ᠠᠷᠢᠭᠤᠨ ᠴᠢᠬᠡᠴᠢ ᠪᠠᠢᠬᠤ ᠤᠷᠢᠲᠠᠯ ᠳᠤᠤᠷ᠎ᠠ᠂ ᠵᠣᠷᠢᠭ᠍ᠲᠠᠶ᠎ᠪᠠᠷ ᠠᠵᠢᠯ ᠬᠢᠵᠦ᠍᠂ ᠨᠠᠮ ᠪᠣᠯᠤᠨ ᠠᠷᠠᠳ ᠲᠦᠮᠡᠨ᠎ᠳᠡᠭᠡᠨ ᠣᠰᠣᠯᠳᠠᠬᠤ ᠥᠬᠡᠶ ᠪᠠᠲᠤ ᠴᠢᠩᠭ᠎ᠠ ᠵᠠᠰᠠᠭ᠎ᠤᠨ ᠠᠵᠢᠯ᠎ᠤᠨ ᠪᠦᠳᠤᠮᠵᠢ ᠵᠢ ᠡᠭᠦᠳᠬᠦ᠌ ᠬᠡᠷᠡᠭ᠌ᠲᠡᠶ᠃
ᠪᠠᠲᠤ ᠴᠢᠩᠭ᠎ᠠ ᠨᠠᠮᠴᠢ ᠴᠢᠨᠠᠷ᠎ᠢᠶᠠᠷ ᠣᠷᠣᠱᠢᠨ ᠲᠣᠭ᠍ᠲᠠᠨᠢᠵᠤ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠨ ᠠᠵᠢᠯ ᠶᠠᠪᠤᠳᠠᠯ ᠰᠦᠪᠡᠭ᠌ᠴᠢᠯᠡᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠦᠶ᠋ᠯᠡᠰ ᠪᠤᠰᠭᠠᠵᠤ᠂ ᠠᠷᠢᠭᠤᠨ ᠴᠢᠬᠡᠴᠢ᠎ᠪᠡᠷ ᠰᠡᠳᠭᠢᠯ᠎ᠢᠶᠡᠨ ᠰᠠᠬᠢᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠠᠵᠢᠯ ᠨᠢᠭᠡᠪᠦᠷᠢ᠂ ᠭᠣᠭ᠍ᠴᠣᠭ᠎ᠠ ᠨᠢᠭᠡᠪᠦᠷᠢ᠎ᠳᠦ ᠠᠭᠤᠰᠤᠯᠴᠠᠭᠤᠯᠵᠤ᠂ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ᠎ᠪᠠᠷ᠎ᠢᠶᠠᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠱᠢᠨ᠎ᠡ ᠦᠷ᠎ᠡ ᠪᠦᠲᠦᠮᠵᠢ ᠣᠯᠪᠠᠯ ᠥᠪᠥᠷ ᠮᠣᠩᠭᠣᠯ᠎ᠤᠨ ᠮᠠᠷᠭᠠᠰᠢ ᠨᠠᠩ ᠰᠠᠢᠨ ᠰᠠᠢᠬᠠᠨ ᠪᠣᠯᠬᠤ ᠨᠢ ᠯᠠᠪᠳᠠᠢ᠃