3 ᠰᠠᠷ᠎ᠠ᠎ᠶ᠋ᠢᠨ 18᠎ᠤ᠋ ᠡᠳᠦᠷ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠰᠦ ᠵᠢᠨ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠬᠡᠯᠳᠡᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠪᠥᠬᠥ᠌ ᠰᠤᠷᠭᠠᠭᠤᠯᠢ᠎ᠶ᠋ᠢᠨ 200 ᠭᠠᠷᠤᠶ ᠪᠠᠭ᠍ᠰᠢ ᠰᠣᠷᠣᠭ᠍ᠴᠢ᠎ᠶ᠋ᠢᠨ ᠲᠥᠯᠥᠭᠡᠯᠡᠭ᠌ᠴᠢ᠎ᠳᠦ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠤᠬᠠᠭᠤᠯᠤᠨ ᠲᠠᠢᠯᠪᠤᠷᠢᠯᠠᠬᠤ ᠳᠤᠮᠳᠠ᠂ ᠰᠦᠨ ᡁᠢ ᠬᠣᠩ ᠬᠣᠶᠠᠷ ᠬᠤᠷᠠᠯ᠎ᠤᠨ ᠠᠭᠤᠯᠭ᠎ᠠ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ ᠵᠡᠷᠭᠡ᠎ᠶ᠋ᠢᠨ ᠲᠣᠭᠣᠷᠢᠨ᠎ᠳᠤ ᠤᠯᠠᠨ᠎ᠳᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠠ ᠭᠡᠵᠤ ᠲᠤᠷᠠᠳᠪᠠ᠃ ᠰᠦᠨ ᡁᠢ ᠬᠣᠩ᠎ᠤᠨ ᠦᠵᠡᠬᠦ᠌᠎ᠪᠡᠷ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠪᠣᠯ ᠳᠠᠷᠤᠢ ᠤᠤᠭᠠᠯ ᠱᠢᠨ᠎ᠡ ᠡᠭᠦᠳᠦᠯᠲᠡ ᠮᠥᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠠᠭᠤᠰᠤᠯᠴᠠᠯ᠎ᠢ ᠪᠡᠶᠡᠯᠡᠭᠦᠯᠵᠦ᠍᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠢ᠃ ᠲᠡᠷᠡ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠮᠠᠨ᠎ᠤ ᠤᠯᠤᠰ᠎ᠤᠨ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠮᠥᠨ᠂ ᠬᠣᠨᠢᠨ ᠮᠢᠬ᠎ᠠ᠂ ᠦᠬᠡᠷ᠎ᠦᠨ ᠮᠢᠬ᠎ᠠ᠂ ᠦᠨᠢᠶᠡᠨ ᠰᠦ ᠵᠢᠨ ᠭᠠᠷᠤᠯᠲᠠ ᠨᠢᠭᠡᠳᠦᠭᠡᠷ᠂ ᠠᠮᠤ ᠪᠤᠳᠠᠭᠠᠨ᠎ᠤ ᠭᠠᠷᠤᠯᠲᠠ ᠵᠢᠷᠭᠤᠳᠤᠭᠠᠷ᠎ᠲᠤ ᠵᠢᠭ᠍ᠰᠠᠭᠠᠭ᠍ᠳᠠᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠨᠢᠭᠡ ᠨᠢ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠡᠢᠮᠦ᠍᠎ᠡᠴᠡ ᠥᠪᠥᠷ ᠮᠣᠩᠭᠣᠯ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠭᠡᠪᠡᠴᠦ᠍ ᠣᠳᠣᠬᠠᠨ᠎ᠳᠤ ᠥᠪᠥᠷ ᠮᠣᠩᠭᠣᠯ᠎ᠳᠤ ᠬᠤᠤᠰ ᠲᠡᠷᠢᠭᠦᠨ ᠵᠡᠷᠭᠡ ᠵᠢᠨ ᠱᠢᠨᠵᠢᠯᠡᠭᠡᠨ᠎ᠦ ᠰᠠᠯᠠᠭ᠎ᠠ᠂ ᠢᠯᠠᠩᠭᠤᠶ᠎ᠠ ᠲᠠᠷᠢᠶᠠᠯᠠᠩ᠎ᠳᠤ ᠬᠣᠯᠪᠣᠭ᠍ᠳᠠᠬᠤ ᠶᠡᠬᠡ ᠳᠡᠭᠡᠳᠦ ᠰᠤᠷᠭᠠᠭᠤᠯᠢ᠎ᠶ᠋ᠢᠨ ᠲᠡᠷᠢᠭᠦᠨ ᠵᠡᠷᠭᠡ ᠵᠢᠨ ᠱᠢᠨᠵᠢᠯᠡᠭᠡᠨ᠎ᠦ ᠰᠠᠯᠠᠭ᠎ᠠ ᠭᠡᠵᠦ᠍ ᠪᠠᠢᠬᠤ ᠥᠬᠡᠶ᠃ ᠡᠭᠦᠨ᠎ᠦ ᠲᠤᠯᠠᠳᠠ᠂ ᠬᠣᠶᠠᠷ ᠬᠤᠷᠠᠯ ᠳᠡᠭᠡᠷ᠎ᠡ᠂ ᠪᠢ 〈ᠪᠠᠷᠠᠭᠤᠨ ᠣᠷᠣᠨ᠎ᠤ ᠬᠥᠳᠡᠭᠡ ᠠᠵᠤ ᠠᠬᠤᠶ᠎ᠳᠤ ᠬᠣᠯᠪᠣᠭ᠍ᠳᠠᠬᠤ ᠶᠡᠬᠡ ᠳᠡᠭᠡᠳᠦ ᠰᠤᠷᠭᠠᠭᠤᠯᠢ᠎ᠶ᠋ᠢᠨ ᠬᠤᠤᠰ ᠲᠡᠷᠢᠭᠦᠨ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠬᠦ᠌ ᠲᠤᠬᠠᠶ ᠰᠠᠨᠠᠯ ᠳᠤᠷᠠᠳᠤᠯᠭ᠎ᠠ〉 ᠶ᠋ᠢ ᠳᠤᠷᠠᠳᠴᠤ᠌᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠬᠤᠤᠰ ᠲᠡᠷᠢᠭᠦᠨ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠠᠢ》 ᠭᠡᠪᠡ᠃
ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠰᠦᠨ ᡁᠢ ᠬᠣᠩ᠂ ᠪᠠᠷᠠᠭᠤᠨ ᠣᠷᠣᠨ᠎ᠤ ᠲᠠᠷᠢᠶᠠᠯᠠᠩ᠎ᠳᠤ ᠬᠣᠯᠪᠣᠭ᠍ᠳᠠᠬᠤ ᠶᠡᠬᠡ ᠳᠡᠭᠡᠳᠦ ᠰᠤᠷᠭᠠᠭᠤᠯᠢ᠎ᠶ᠋ᠢᠨ ᠮᠠᠯ ᠠᠵᠤ ᠠᠬᠤᠶ᠂ ᠡᠪᠡᠰᠦᠨ᠎ᠦ ᠦᠶ᠋ᠯᠡᠰ᠂ ᠦᠷ᠎ᠡ᠎ᠶ᠋ᠢᠨ ᠦᠶ᠋ᠯᠡᠰ ᠪᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠯᠪᠠᠰᠤᠷᠠᠭᠤᠯᠬᠤ ᠵᠡᠷᠭᠡ ᠵᠢᠨ ᠲᠣᠭᠣᠷᠢᠨ᠎ᠳᠤ ᠲᠡᠷᠢᠭᠦᠨ᠎ᠦ ᠱᠢᠨᠵᠢᠯᠡᠭᠡᠨ᠎ᠦ ᠰᠠᠯᠠᠭ᠎ᠠ᠎ᠶ᠋ᠢᠨ ᠪᠦᠯᠦᠭᠵᠢᠯ ᠢ᠋ ᠪᠣᠶ ᠪᠣᠯᠭᠠᠬᠤ᠎ᠶ᠋ᠢ ᠳᠡᠮᠵᠢᠵᠦ᠍᠂ ᠥᠨᠳᠥᠷ ᠲᠦᠪᠱᠢᠨ ᠪᠥᠬᠥᠶ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠂ ᠴᠢᠳᠠᠪᠤᠷᠢᠲᠠᠨ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠪᠠᠢᠭᠤᠯᠤᠮᠵᠢ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠨ᠂ ᠱᠢᠨᠵᠢᠯᠡᠭᠡᠨ᠎ᠦ ᠰᠠᠯᠠᠭ᠎ᠠ ᠠᠯᠤᠰᠯᠠᠭ᠍ᠰᠠᠨ ᠰᠤᠳᠤᠯᠭᠠᠨ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠳᠡᠮᠵᠢᠵᠦ᠍᠂ ᠲᠠᠷᠢᠶᠠᠯᠠᠩ᠎ᠳᠤ ᠬᠣᠯᠪᠣᠭ᠍ᠳᠠᠬᠤ ᠬᠦᠷᠢᠶᠡᠨ᠎ᠳ᠋ᠡᠬᠢ ᠱᠢᠨᠵᠢᠯᠡᠭᠡᠨ᠎ᠦ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠨᠡᠮᠡᠭ᠌ᠳᠡᠭᠦᠯᠬᠦ᠌ ᠲᠤᠬᠠᠢ ᠰᠠᠨᠠᠭᠤᠯᠭ᠎ᠠ ᠲᠤᠷᠠᠳᠪᠠ᠃
《ᠰᠦᠨ ᡁᠢ ᠬᠣᠩ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠮᠠᠰᠢ ᠤᠷᠮᠠᠱᠢᠨ ᠵᠣᠷᠢᠭ᠍ᠵᠢᠪᠠ᠃ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠬᠣᠢᠱᠢᠳᠠ᠎ᠶ᠋ᠢᠨ ᠠᠵᠢᠯ᠎ᠳᠠᠭᠠᠨ ᠪᠢ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠪᠠᠷ ᠵᠢᠭᠠᠨ ᠲᠠᠭᠠᠭᠤᠯᠵᠤ᠂ ᠵᠢᠭᠠᠨ ᠰᠤᠷᠭᠠᠯᠲᠠ᠎ᠶ᠋ᠢᠨ ᠠᠵᠢᠯ᠎ᠤᠨ ᠳᠤᠮᠳᠠ᠎ᠪᠠᠨ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠡᠷᠳᠡᠮ ᠰᠢᠨᠵᠢᠯᠡᠭᠡᠨ᠎ᠤ ᠠᠵᠢᠯ ᠳᠤᠮᠳᠠ᠎ᠪᠠᠨ ᠡᠷᠳᠡᠮ ᠰᠢᠨᠵᠢᠯᠡᠭᠡᠨ᠎ᠤ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠦ ᠦᠷᠳᠡᠭ᠎ᠢ ᠨᠡᠮᠡᠭ᠌ᠳᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠷᠠᠳ ᠲᠦᠮᠡᠨ᠎ᠦ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌᠎ᠳᠦ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠢᠳᠡᠭᠡᠨ᠎ᠦ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠨ ᠱᠢᠨ ᠯᠸᠢ ᠬᠡᠯᠡᠪᠡ᠃
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠢᠳᠡᠭᠡᠨ᠎ᠦ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠵᠠᠯᠠᠭᠤ ᠪᠠᠭ᠍ᠰᠢ ᠰᠦᠨ ᠶᠠ ᠷᠦ᠋ ᠪᠠᠰᠠ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠡᠭᠦᠷᠭᠡ ᠬᠠᠷᠢᠭᠤᠴᠠᠯᠭ᠎ᠠ ᠬᠦᠨᠳᠤ ᠪᠠᠢᠬᠤ ᠪᠡᠨ ᠤᠢᠯᠠᠭᠠᠨ ᠮᠡᠳᠡᠷᠡᠵᠠᠢ᠃ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠪᠢ ᠶᠠᠷᠢᠶᠠᠨ᠎ᠤ ᠲᠠᠪᠴᠠᠩ᠎ᠳᠠᠭᠠᠨ ᠰᠠᠭᠤᠷᠢᠯᠠᠨ᠂ ᠲᠠᠷᠢᠶᠠᠯᠠᠩ᠎ᠢ ᠣᠢᠯᠠᠭᠠᠵᠤ ᠲᠠᠷᠢᠶᠠᠯᠠᠩ᠎ᠢ ᠬᠠᠢᠷᠠᠯᠠᠬᠤ ᠨᠠᠩ ᠣᠯᠠᠨ ᠱᠢᠨ᠎ᠡ ᠬᠡᠯᠪᠡᠷᠢ᠎ᠶ᠋ᠢᠨ ᠴᠢᠳᠠᠪᠤᠷᠢᠲᠠᠨ᠎ᠢ ᠴᠢᠷᠮᠠᠢᠨ ᠬᠥᠮᠦᠵᠢᠭᠦᠯᠵᠦ᠍᠂ ᠡᠷᠳᠡᠮ ᠰᠢᠨᠵᠢᠯᠡᠭᠡᠨ᠎ᠤ ᠪᠣᠭᠣᠮᠲᠠ ᠱᠢᠪᠲᠤᠯᠬᠤ ᠠᠵᠢᠯ᠎ᠢ ᠰᠠᠢᠲᠤᠷ ᠬᠢᠵᠦ᠍᠂ ᠥᠭᠦᠯᠡᠯ᠎ᠢᠶᠡᠨ ᠡᠬᠡ ᠭᠠᠵᠠᠷ ᠳᠡᠭᠡᠷ᠎ᠡ ᠪᠢᠴᠢᠵᠦ᠍᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠤ᠋ ᠬᠠᠮᠵᠢᠯᠴᠠᠨ ᠱᠢᠨ᠎ᠡ᠎ᠶ᠋ᠢ ᠡᠭᠦᠳᠬᠦ᠌᠎ᠪᠡᠷ ᠳᠡᠮᠵᠢᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ 〈ᠡᠴᠦᠰ᠎ᠦᠨ ᠨᠢᠭᠡ ᠺᠢᠯᠣᠮᠧᠲ᠋ᠷ〉 ᠢ᠋ ᠨᠡᠪᠲᠡᠷᠡᠭᠦᠯᠵᠦ᠍᠂ ᠥᠪᠥᠷ ᠮᠣᠩᠭᠣᠯ᠎ᠤᠨ ᠮᠠᠯ ᠠᠵᠤ ᠠᠬᠤᠶ᠎ᠲᠠᠷᠢᠶᠠᠯᠠᠩ᠎ᠤᠨ ᠣᠳᠣᠬᠢᠴᠢᠯᠠᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠦᠨ ᠲᠦᠷᠦᠭᠳᠡᠯ ᠲᠠᠢ ᠬᠡᠯᠡᠪᠡ᠃