ᠵᠠᠩ ᠶᠠᠨ ᠺᠦᠨ ᠬᠤᠷᠠᠯ᠎ᠢ ᠡᠷᠭᠢᠯᠡᠵᠠᠢ
3 ᠰᠠᠷ᠎ᠠ᠎ᠶ᠋ᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠢ᠎ᠠ 73 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠶᠠᠩ ᠵᠢᠶᠧ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 2026 ᠣᠨ᠎ᠤ ᠵᠥᠪᠯᠡᠬᠦ᠌ ᠰᠡᠳᠦᠪ᠎ᠢ ᠪᠠᠢᠴᠠᠭᠠᠨ ᠰᠤᠳᠤᠯᠬᠤ ᠲᠥᠯᠥᠪᠯᠡᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 2026 ᠣᠨ᠎ᠤ ᠭᠡᠱᠢᠭᠦᠳ᠎ᠦᠨ ᠱᠢᠨᠵᠢᠯᠡᠨ ᠪᠠᠢᠴᠠᠭᠠᠬᠤ ᠲᠥᠯᠥᠪᠯᠡᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 2026 ᠣᠨ᠎ᠤ ᠭᠡᠱᠢᠭᠦᠳ᠎ᠦᠨ ᠡᠲᠡᠭᠡᠳᠢᠯᠭᠠᠯᠤᠨ ᠠᠵᠢᠯᠯᠠᠭ᠎ᠠ᠎ᠶ᠋ᠢᠨ ᠲᠥᠯᠥᠪᠯᠡᠭᠡ》 ᠵᠢ ᠰᠤᠳᠤᠯᠤᠨ ᠬᠢᠨᠠᠨ ᠵᠥᠪᠯᠡᠪᠡ᠃
ᠬᠤᠷᠠᠯ᠎ᠡᠴᠡ᠂ ᠵᠥᠪᠯᠡᠯᠭᠡ ᠬᠢᠵᠦ᠍ ᠪᠠᠢᠴᠠᠭᠠᠨ ᠰᠤᠳᠤᠯᠬᠤ᠂ ᠠᠵᠢᠯ ᠪᠠᠢᠴᠠᠭᠠᠵᠤ ᠱᠢᠨᠵᠢᠯᠡᠨ ᠪᠠᠢᠴᠠᠭᠠᠬᠤ᠂ ᠡᠲᠡᠭᠡᠳ ᠢᠯᠭᠠᠯ᠎ᠤᠨ ᠠᠵᠢᠯᠯᠠᠭ᠎ᠠ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠬᠤᠯᠠ ᠡᠭᠦᠷᠭᠡ ᠮᠥᠨ᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠎ᠪᠡᠷ ᠣᠨ᠎ᠤ ᠡᠭᠦᠷᠭᠡ ᠬᠠᠷᠠᠯᠲᠠ᠎ᠲᠠᠶ ᠬᠠᠷᠭᠤᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠤᠴᠢᠷ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠮᠲᠤᠷᠠᠯ ᠬᠦᠴᠦᠨ᠎ᠢᠶᠡᠨ ᠴᠢᠩᠭᠠᠳᠭᠠᠵᠤ᠂ ᠨᠡᠩ ᠪᠣᠳᠠᠲᠠᠢ᠎ᠶ᠋ᠢ ᠡᠷᠬᠢᠮᠯᠡᠬᠰᠡᠨ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠴᠢᠨᠠᠷ ᠰᠠᠢᠲᠠᠢ ᠦᠷ᠎ᠡ ᠪᠦᠲᠦᠭᠡᠯ᠎ᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ ᠨᠠᠢᠳᠠᠪᠤᠷᠢᠵᠢᠭᠤᠯᠤᠯᠲᠠ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠳᠤᠷᠠᠳᠪᠠ᠃