3 ᠰᠠᠷᠠᠶᠢᠨ 20 ᠤ᠋ ᠡᠳᠦᠷ᠂ ᠦᠪᠡᠷᠳᠡᠬᠡᠨ ᠵᠠᠰᠠᠬᠤ ᠤᠷᠤᠨᠤ ᠠᠷᠠᠳᠤᠨ ᠵᠠᠰᠠᠭᠤᠨ ᠤᠷᠳᠤᠨᠤ ᠰᠤᠨᠢᠨ ᠮᠡᠳᠡᠬᠡᠨᠤ ᠠᠯᠪᠠᠨ ᠬᠡᠷ ᠡᠴᠡ《〈1571〉 ᠶ᠋ᠢᠨ ᠠᠵᠢᠯᠤᠨ ᠪᠠᠢᠷᠢᠯᠠᠭᠤᠯᠤᠯᠳᠡ ᠵᠢ ᠲᠤᠭᠤᠰᠢᠯᠠᠭᠤᠯᠵᠦ ᠦᠪᠦᠷ ᠮᠤᠡᠭᠭᠤᠯᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠰᠢᠷᠢᠰ ᠭᠤᠤᠯ ᠰᠡᠳᠤᠪᠳᠤ ᠰᠤᠨᠢᠨ ᠮᠡᠳᠡᠬᠡ ᠨᠡᠢᠳᠡᠯᠡᠬᠦ ᠬᠤᠷᠠᠯᠤᠨ ᠶᠢᠰᠦᠳᠦᠭᠡᠷ ᠲᠠᠯᠠᠪᠠᠢ ᠬᠤᠷᠠᠯᠢ ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨᠤ ᠡᠨ᠋ᠸᠷᠬᠢ ᠶ᠋ᠢᠨ ᠲᠤᠪᠴᠢᠶ᠎ᠡ ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ 2026 ᠤᠨᠳᠤ ᠦᠪᠤᠷ ᠮᠤᠡᠭᠭᠤᠯᠤᠨ ᠡᠨ᠋ᠸᠷᠬᠢᠵᠢᠨ ᠪᠦᠳᠤᠴᠠᠵᠢ ᠰᠢᠯᠢᠳᠡᠭᠵᠢᠬᠦᠯᠬᠦ᠂ ᠤᠳᠤ ᠦᠶᠠᠵᠢᠨ ᠡᠨ᠋ᠸᠷᠬᠢ ᠵᠢᠨ ᠠᠵᠤ ᠠᠬᠤᠢᠵᠢ ᠶᠡᠭᠡᠪᠡᠷ ᠬᠦᠭᠵᠢᠬᠦᠯᠬᠦ᠂ ᠤᠯᠤᠰᠤᠨ ᠴᠢᠬᠤᠯᠠ ᠡᠨ᠋ᠸᠷᠬᠢ ᠪᠠ ᠪᠠᠢᠯᠳᠤᠬᠤ ᠪᠤᠳᠤᠯᠭᠠᠵᠢᠨ ᠡᠬᠢ ᠪᠠᠶᠠᠯᠢᠭᠤᠨ ᠰᠠᠭᠤᠷᠢᠨᠢ ᠲᠦᠷᠭᠡᠳᠭᠡᠨ ᠪᠠᠢᠭᠤᠯᠬᠤ᠂ ᠡᠨ᠋ᠸᠷᠬᠢ ᠶ᠋ᠢᠨ ᠲᠤᠮᠤ ᠤᠷᠤᠨ ᠡᠴᠡ ᠡᠨ᠋ᠸᠷᠬᠢ ᠶ᠋ᠢᠨ ᠬᠦᠴᠦᠷᠬᠡᠭ ᠤᠷᠤᠨ ᠲᠡᠢᠰᠢ ᠰᠢᠯᠵᠢᠬᠦ ᠵᠢ ᠪᠦᠬᠦ ᠬᠦᠴᠦᠨ ᠢ᠋ᠶ᠋ᠡᠷ ᠢ᠋ᠶ᠋ᠡᠨ ᠠᠬᠢᠭᠤᠯᠬᠤ ᠵᠡᠷᠭᠡᠵᠢ ᠰᠠᠢᠳᠤᠷ ᠬᠢᠬᠦ ᠲᠠᠯᠠᠪᠡᠷ ᠲᠠᠨᠢᠯᠴᠠᠭᠤᠯᠵᠠᠢ᠃
ᠪᠠᠢᠯᠳᠤᠬᠤ ᠪᠣᠳᠣᠯᠭ᠎ᠠ ᠶ᠋ᠢᠨ ᠠᠵᠠ ᠲᠣᠬᠢᠶᠠᠯ ᠢ᠋ ᠠᠮᠵᠢᠵᠤ᠂ ᠤᠯᠤᠰ ᠤ᠋ᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠢ ᠠᠬᠢᠭᠤᠯᠤᠨ᠎ᠠ᠃ ᠤᠯᠠᠮᠵᠢᠯᠠᠯᠲᠤ ᠡᠨᠧᠷᠭᠢ ᠶ᠋ᠢᠨ ᠲᠠᠯ᠎ᠠ ᠪᠡᠷ᠂ ᠤᠯᠤᠰ ᠤ᠋ᠨ ᠨᠡᠭᠦᠷᠡᠰᠦᠨ ᠤ᠋ ᠬᠠᠩᠭᠠᠯᠭ᠎ᠠ ᠶ᠋ᠢᠨ ᠪᠠᠲᠤᠯᠠᠭ᠎ᠠ ᠶ᠋ᠢᠨ ᠰᠠᠭᠤᠷᠢᠨ ᠢ᠋ ᠪᠠᠢᠭᠤᠯᠤᠨ ᠬᠦᠴᠦᠷᠬᠡᠭ᠌ᠵᠢᠭᠦᠯᠵᠦ᠍᠂ ᠡᠨᠡ ᠵᠢᠯ 3 ᠨᠡᠭᠦᠷᠡᠰᠦᠨ ᠠᠭᠤᠷᠬᠠᠢ ᠵᠢ ᠱᠢᠨ᠎ᠡ ᠪᠡᠷ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠶᠡᠷᠦᠩᠬᠡᠢ ᠬᠡᠮᠵᠢᠶ᠎ᠡ ᠵᠢ 2300 ᠲᠦᠮᠡᠨ ᠲᠣᠨ ᠳ᠋ᠤ ᠬᠦᠷᠭᠡᠵᠦ᠍᠂ ᠱᠢᠨ᠎ᠡ ᠪᠡᠷ 2 ᠨᠡᠭᠦᠷᠡᠰᠦᠨ ᠠᠭᠤᠷᠬᠠᠢ ᠵᠢ ᠠᠱᠢᠭ᠍ᠯᠠᠯᠲᠠ ᠳ᠋ᠤ ᠣᠷᠣᠭᠤᠯᠤᠨ᠂ ᠶᠡᠷᠦᠩᠬᠡᠢ ᠬᠡᠮᠵᠢᠶ᠎ᠡ ᠵᠢ 920 ᠲᠦᠮᠡᠨ ᠲᠣᠨ ᠳ᠋ᠤ ᠬᠦᠷᠭᠡᠵᠦ᠍᠂ 5 ᠨᠡᠭᠦᠷᠡᠰᠦᠨ ᠠᠭᠤᠷᠬᠠᠢ ᠶ᠋ᠢᠨ ᠲᠦᠷᠦᠯ ᠵᠦᠢᠯ ᠢ᠋ ᠤᠯᠤᠰ ᠡᠴᠡ ᠬᠢᠨᠠᠨ ᠵᠦᠪᠰᠢᠶᠡᠷᠡᠭᠦᠯᠬᠦ ᠪᠡᠷ ᠴᠢᠷᠮᠠᠢᠵᠤ᠂ ᠶᠡᠷᠦᠩᠬᠡᠢ ᠬᠡᠮᠵᠢᠶ᠎ᠡ ᠵᠢ 4700 ᠲᠦᠮᠡᠨ ᠲᠣᠨ ᠳ᠋ᠤ ᠬᠦᠷᠭᠡᠬᠦ᠌ ᠪᠡᠷ ᠲᠥᠯᠥᠪᠯᠡᠵᠦ᠍ ᠪᠠᠢᠨ᠎ᠠ; ᠲᠡᠷᠢᠭᠦᠨ ᠤ᠋ ᠦᠢᠯᠡᠳᠪᠦᠷᠢᠯᠡᠯ ᠤ᠋ᠨ ᠴᠢᠳᠠᠪᠤᠷᠢ ᠶ᠋ᠢᠨ ᠬᠠᠷᠢᠴᠠᠯ ᠢ᠋ ᠦᠷᠭᠦᠯᠵᠢᠯᠡᠨ ᠥᠷᠭᠡᠳᠭᠡᠵᠦ᠍᠂ ᠨᠡᠭᠦᠷᠡᠰᠦᠨ ᠤ᠋ ᠭᠠᠷᠤᠯᠲᠠ ᠵᠢ 12.5 ᠳ᠋ᠦᠩᠱᠢᠭᠤᠷ ᠲᠣᠨ ᠳ᠋ᠤ ᠲᠣᠭ᠍ᠲᠠᠪᠤᠷᠢᠵᠢᠭᠤᠯᠤᠨᠠ; ᠵᠢᠯ ᠤ᠋ᠨ ᠳᠣᠲᠣᠷ᠎ᠠ 5 ᠨᠡᠭᠦᠷᠡᠰᠦ ᠴᠠᠬᠢᠯᠭᠠᠨ ᠤ᠋ ᠲᠥᠷᠥᠯ ᠵᠦᠢᠯ ᠢ᠋ ᠱᠢᠨ᠎ᠡ ᠪᠡᠷ ᠠᠱᠢᠭ᠍ᠯᠠᠯᠲᠠ ᠳ᠋ᠤ ᠣᠷᠣᠭᠤᠯᠬᠤ ᠪᠡᠷ ᠲᠥᠯᠥᠪᠯᠡᠵᠦ᠍᠂ 500 ᠲᠦᠮᠡᠨ ᠺᠢᠯᠦᠸᠠᠲ ᠡᠴᠡ ᠳᠡᠭᠡᠭ᠌ᠰᠢ ᠮᠠᠱᠢᠨ ᠴᠣᠭ᠍ᠴᠠᠯᠠᠪᠤᠷᠢ ᠵᠢ ᠱᠢᠨ᠎ᠡ ᠪᠡᠷ ᠨᠡᠮᠡᠭ᠌ᠳᠡᠭᠦᠯᠦᠨ᠂ ᠤᠯᠤᠰ ᠡᠴᠡ ᠮᠠᠨ ᠤ᠋ ᠣᠷᠣᠨ ᠳ᠋ᠤ ᠲᠤᠯᠭᠠᠭᠤᠷᠢᠯᠠᠬᠤ ᠴᠢᠨᠠᠷᠲᠠᠢ ᠲᠣᠬᠢᠷᠠᠭᠤᠯᠬᠤ ᠴᠢᠨᠠᠷᠲᠠᠢ ᠨᠡᠭᠦᠷᠡᠰᠦᠨ ᠴᠠᠬᠢᠯᠭᠠᠨ ᠤ᠋ ᠬᠡᠪᠴᠢᠶ᠎ᠡ ᠵᠢ ᠪᠠᠢᠷᠢᠯᠠᠭᠤᠯᠬᠤ ᠵᠢ ᠢᠳᠡᠪᠬᠢᠲᠡᠢ ᠴᠢᠷᠮᠠᠢᠨ ᠣᠯᠤᠨ᠎ᠠ; ᠪᠠᠶᠠᠨ ᠴᠢᠯᠠᠭᠤᠨ ᠲᠣᠰᠣᠨ ᠤ᠋ ᠠᠭᠤᠷᠬᠠᠶ ᠵᠡᠷᠭᠡ ᠱᠢᠨ᠎ᠡ ᠪᠡᠷ ᠨᠡᠮᠡᠭ᠌ᠳᠡᠭ᠌ᠰᠡᠨ ᠦᠶ᠋ᠯᠡᠳᠪᠦᠷᠢᠯᠡᠬᠦ᠌ ᠴᠢᠳᠠᠪᠤᠷᠢ ᠶ᠋ᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ᠎ᠡ᠃ ᠱᠢᠨ᠎ᠡ ᠡᠨᠧᠷᠭᠢ ᠶ᠋ᠢᠨ ᠲᠠᠯ᠎ᠠ ᠪᠡᠷ᠂ ᠱᠢᠨ᠎ᠡ ᠡᠨᠧᠷᠭᠢ ᠵᠢ ᠴᠢᠨᠠᠷ ᠰᠠᠢᠲᠠᠢ ᠨᠡᠭᠡᠭᠡᠨ ᠬᠥᠭ᠌ᠵᠢᠭᠦᠯᠬᠦ᠌ ᠪᠠ ᠥᠨᠳᠥᠷ ᠬᠠᠷᠢᠴᠠᠯ ᠢ᠋ᠶ᠋ᠡᠷ ᠱᠢᠩᠭᠡᠭᠡᠨ ᠠᠰᠢᠬᠯᠠᠬᠤ ᠵᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠦᠨ᠎ᠡ᠃ 2026 ᠣᠨ ᠳ᠋ᠤ᠂ ᠪᠥᠬᠥ᠌ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠡ ᠵᠢ 9100 ᠳ᠋ᠦᠩᠱᠢᠭᠤᠷ ᠭᠷᠠᠳᠦ᠋ᠰ ᠲᠦ᠍ ᠬᠦᠷᠭᠡᠵᠤ᠂ ᠡᠭᠦᠨ ᠳ᠋ᠤ ᠱᠢᠨ᠎ᠡ ᠡᠨᠧᠷᠭᠢ ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠵᠢ 3000 ᠳ᠋ᠦᠩᠱᠢᠭᠤᠷ ᠭᠷᠠᠳᠦ᠋ᠰ ᠡᠴᠡ ᠳᠠᠪᠠᠭᠤᠯᠵᠤ᠂ ᠡᠵᠡᠯᠡᠬᠦ᠌ ᠬᠠᠷᠢᠴᠠᠯ ᠢ᠋ 33% ᠳ᠋ᠤ ᠬᠦᠷᠭᠡᠨ᠎ᠠ; ᠭᠠᠳᠠᠭ᠍ᠰᠢ ᠬᠦᠷᠭᠡᠬᠦ᠌ ᠴᠠᠬᠢᠯᠭᠠᠨ ᠤ᠋ ᠬᠡᠮᠵᠢᠶ᠎ᠡ ᠵᠢ 3600 ᠳ᠋ᠦᠩᠱᠢᠭᠤᠷ ᠭᠷᠠᠳᠦ᠋ᠰ ᠡᠴᠡ ᠳᠠᠪᠠᠭᠤᠯᠵᠤ᠂ ᠡᠭᠦᠨ ᠳ᠋ᠤ ᠭᠠᠳᠠᠭ᠍ᠰᠢ ᠬᠦᠷᠭᠡᠬᠦ᠌ ᠪᠤᠬᠢᠷᠲᠤᠯ ᠦᠭᠡᠢ ᠴᠠᠬᠢᠯᠭᠠᠨ ᠢ᠋ 1000 ᠳ᠋ᠦᠩᠱᠢᠭᠤᠷ ᠭᠷᠠᠳᠦ᠋ᠰ ᠲᠦ᠍ ᠬᠦᠷᠭᠡᠨ᠎ᠠ᠃ ᠨᠢᠭᠡᠨᠲᠡ ᠲᠦᠯᠦᠪᠵᠢᠭᠦᠯᠭᠡ ᠳ᠋ᠤ ᠤᠷᠤᠭᠤᠯᠤᠬᠰᠠᠨ ᠡᠯᠡᠰᠦᠨ ᠴᠦᠯ ᠭᠤᠪᠢ ᠴᠦᠯᠯᠡᠷᠬᠡᠭ ᠭᠠᠵᠠᠷ ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦᠨᠦ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠢ᠋ ᠪᠦᠬᠦᠨ ᠢ᠋ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ ᠪᠡᠷ ᠪᠦᠬᠦ᠌ ᠬᠦᠴᠦᠨ ᠢ᠋ᠶ᠋ᠡᠷ ᠢ᠋ᠶ᠋ᠡᠨ ᠴᠢᠷᠮᠠᠢᠵᠤ᠂ ᠱᠢᠨ᠎ᠡ ᠨᠢᠭᠡ ᠪᠦᠯᠦᠭ ᠡᠯᠡᠰᠦᠨ ᠴᠦᠯ ᠭᠤᠪᠢ ᠴᠦᠯᠯᠡᠷᠬᠡᠭ ᠭᠠᠵᠠᠷ ᠤ᠋ᠨ ᠰᠠᠭᠤᠷᠢᠨ ᠢ᠋ ᠳᠠᠷᠤᠢᠬᠠᠨ ᠤᠯᠤᠰ ᠤ᠋ᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠳ᠋ᠤ ᠣᠷᠣᠭᠤᠯᠤᠨ᠎ᠠ᠃ ᠴᠠᠬᠢᠯᠭᠠᠨ ᠲᠤᠤᠷ ᠪᠠ ᠲᠣᠬᠢᠷᠠᠭᠤᠯᠬᠤ ᠴᠢᠳᠠᠪᠤᠷᠢ ᠶ᠋ᠢᠨ ᠪᠠᠢᠭᠤᠯᠤᠯᠲᠠ ᠵᠢ ᠬᠠᠮᠵᠢᠯᠴᠠᠨ ᠠᠬᠢᠭᠤᠯᠵᠤ᠂ ᠵᠢᠯ ᠤ᠋ᠨ ᠳᠣᠲᠣᠷ᠎ᠠ 500 ᠺᠢᠯᠦᠸᠤᠯᠲ ᠤ᠋ᠨ ᠴᠠᠬᠢᠯᠭᠠᠨ ᠬᠦᠷᠭᠡᠬᠦ᠌ ᠱᠤᠭᠤᠮ ᠤ᠋ᠨ ᠪᠦᠲᠦᠭᠡᠨ ᠪᠠᠢᠭᠤᠯᠤᠯᠲᠠ ᠪᠠ ᠬᠦᠴᠦᠳᠡᠯ ᠦᠭᠡᠷᠡᠴᠢᠯᠡᠭᠴᠢ ᠤᠬᠰᠠᠷᠠᠬᠤ ᠢᠨᠵᠧᠨᠧᠷᠢᠩ ᠢ᠋ 20 ᠡᠴᠡ ᠳᠡᠭᠡᠭ᠌ᠰᠢ ᠠᠱᠢᠭ᠍ᠯᠠᠯᠲᠠ ᠳ᠋ᠤ ᠣᠷᠣᠭᠤᠯᠵᠤ᠂ ᠱᠢᠨ᠎ᠡ ᠡᠨᠧᠷᠭᠢ ᠶ᠋ᠢᠨ ᠶᠡᠬᠡ ᠬᠡᠪᠴᠢᠶ᠎ᠡ ᠪᠡᠷ ᠱᠢᠯᠢᠳᠡᠭ᠌ᠵᠢᠭᠦᠯᠦᠨ ᠲᠣᠬᠢᠷᠠᠭᠤᠯᠬᠤ᠂ ᠥᠨᠳᠥᠷ ᠬᠠᠷᠢᠴᠠᠯ ᠢ᠋ᠶ᠋ᠡᠷ ᠵᠠᠯᠭᠠᠵᠤ ᠠᠰᠢᠬᠯᠠᠬᠤ ᠵᠢ ᠨᠡᠩ ᠰᠠᠢᠲᠤᠷ ᠲᠤᠯᠭᠠᠭᠤᠷᠢᠯᠠᠨ᠎ᠠ᠃
《ᠬᠤᠤᠰ ᠨᠡᠭᠦᠷᠡᠰᠦᠲᠥ᠋ᠷᠥᠭ᠌ᠴᠢ》ᠪᠡᠷ ᠬᠥᠲᠥᠯᠥᠨ ᠳᠠᠭᠠᠭᠤᠯᠬᠤ ᠵᠢ ᠪᠠᠷᠢᠮᠲᠠᠯᠠᠵᠤ᠂ ᠡᠨᠧᠷᠭᠢ ᠶ᠋ᠢᠨ ᠠᠰᠢᠬᠯᠠᠯᠲᠠ ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠲᠦᠷᠭᠡᠳᠭᠡᠨ ᠠᠬᠢᠭᠤᠯᠤᠨ᠎ᠠ᠃ ᠱᠢᠨ᠎ᠡ ᠡᠨᠧᠷᠭᠢ ᠪᠣᠯᠤᠨ ᠡᠨᠧᠷᠭᠢ ᠶ᠋ᠢᠨ ᠠᠰᠢᠬᠯᠠᠯᠲᠠ ᠪᠠᠷ ᠦᠨᠳᠦᠷ ᠲᠡᠷᠢᠭᠦᠨ ᠤ᠋ ᠪᠤᠬᠢᠷᠲᠤᠯ ᠦᠭᠡᠢ ᠠᠵᠤ ᠦᠢᠯᠡᠰ ᠢ᠋ ᠬᠠᠮᠵᠢᠯᠴᠠᠭᠤᠯᠤᠨ ᠲᠥᠯᠥᠪᠵᠢᠭᠦᠯᠵᠦ ᠪᠠᠢᠷᠢᠱᠢᠭᠤᠯᠬᠤ ᠵᠢ ᠴᠢᠩᠭᠠᠳᠭᠠᠵᠤ᠂ ᠭᠣᠣᠯᠳᠠᠯᠭ᠎ᠠ ᠲᠠᠢ ᠠᠵᠢᠯ ᠲᠦᠷᠦᠯ ᠤ᠋ᠨ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠪᠠ ᠱᠢᠨ᠎ᠡ ᠡᠨᠧᠷᠭᠢ ᠵᠢ ᠲᠤᠬᠠᠢ ᠶ᠋ᠢᠨ ᠭᠠᠵᠠᠷ ᠲᠤᠨᠢ ᠠᠱᠢᠭ᠍ᠯᠠᠬᠤ ᠵᠢ ᠠᠬᠢᠭᠤᠯᠵᠤ᠂ ᠱᠢᠨ᠎ᠡ ᠪᠡᠷ ᠨᠡᠮᠡᠭ᠌ᠳᠡᠭ᠌ᠰᠡᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠵᠢ ᠭᠣᠣᠯᠳᠠᠭᠤ ᠱᠢᠨ᠎ᠡ ᠡᠨᠧᠷᠭᠢ ᠶ᠋ᠢᠨ ᠴᠠᠬᠢᠯᠭᠠᠨ ᠭᠠᠷᠭᠠᠯᠲᠠ ᠪᠡᠷ ᠳᠠᠮᠵᠢᠭᠤᠯᠤᠨ ᠪᠠᠲᠤᠯᠠᠨ᠎ᠠ᠃ ᠱᠢᠨ᠎ᠡ ᠨᠢᠭᠡ ᠦᠶ᠎ᠡ ᠶ᠋ᠢᠨ ᠨᠡᠭᠦᠷᠡᠰᠦ ᠴᠠᠬᠢᠯᠭᠠᠨ ᠤ᠋ ᠲᠤᠷᠱᠢᠯᠲᠠ ᠶ᠋ᠢᠨ ᠴᠡᠭ ᠤ᠋ᠨ ᠵᠢᠱ᠌ᠢᠢᠡ ᠦᠵᠡᠭᠦᠯᠬᠦ᠌ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠤᠳᠤ ᠶ᠋ᠢᠨ ᠬᠡᠷᠡᠭ᠌ᠯᠡᠵᠦ ᠪᠠᠢᠭ᠎ᠠ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠶ᠋ᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠠᠰᠬᠠᠬᠤ ᠥᠭᠡᠷᠡᠴᠢᠯᠡᠯᠲᠡ ᠵᠢ ᠦᠷᠭᠦᠯᠵᠢᠯᠡᠨ ᠰᠠᠢᠲᠤᠷ ᠠᠳᠭᠤᠵᠤ᠂ ᠪᠤᠬᠢᠷᠲᠤᠯ ᠦᠭᠡᠢ ᠱᠢᠪᠲᠦᠷ ᠢ᠋ ᠬᠣᠯᠢᠵᠤ ᠱᠢᠲᠠᠭᠠᠬᠤ᠂ ᠨᠡᠭᠦᠷᠡᠰᠦᠲᠥ᠋ᠷᠥᠭ᠌ᠴᠢ ᠵᠢ ᠬᠤᠷᠢᠶᠠᠨ ᠴᠤᠭ᠍ᠯᠠᠭᠤᠯᠵᠤ ᠠᠱᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠡᠷᠭᠡ ᠨᠡᠭᠦᠷᠡᠰᠦ ᠴᠠᠬᠢᠯᠭᠠᠨ ᠤ᠋ ᠪᠠᠭ᠎ᠠ ᠨᠡᠭᠦᠷᠡᠰᠦᠲᠥ᠋ᠷᠥᠭ᠌ᠴᠢᠲᠦ ᠲᠡᠷᠢᠭᠦᠨ ᠤ᠋ ᠮᠡᠷᠭᠡᠵᠢᠯ ᠤ᠋ᠨ ᠱᠢᠨᠡᠴᠢᠯᠡᠯᠲᠡ ᠬᠡᠷᠡᠭ᠌ᠯᠡᠭᠡ ᠵᠢ ᠢᠳᠡᠪᠬᠢᠲᠡᠢ ᠰᠦᠪᠡᠭ᠌ᠴᠢᠯᠡᠵᠦ᠍᠂ ᠮᠠᠱᠢᠨ ᠴᠣᠭ᠍ᠴᠠᠯᠠᠪᠤᠷᠢ ᠶ᠋ᠢᠨ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ ᠮᠡᠷᠭᠡᠵᠢᠯ ᠤ᠋ᠨ ᠲᠦᠪᠱᠢᠨ ᠢ᠋ ᠳᠡᠭᠡᠭ᠌ᠰᠢᠯᠡᠭᠦᠯᠦᠨᠡ᠃ ᠴᠢᠯᠠᠭᠤᠨ ᠲᠤᠰᠤ ᠪᠠᠢᠭᠠᠯᠢ ᠶ᠋ᠢᠨ ᠱᠢᠲᠠᠮᠠᠬᠠᠢ ᠬᠡᠢ ᠶ᠋ᠢᠨ ᠠᠭᠤᠷᠬᠠᠢ ᠶ᠋ᠢᠨ ᠮᠧᠲ᠋ᠠᠨ ᠢ᠋ ᠴᠤᠬᠯᠠᠭᠤᠯᠵᠤ ᠠᠱᠢᠭ᠍ᠯᠠᠬᠤ ᠡᠷᠴᠢᠮ ᠢ᠋ ᠴᠢᠩᠭᠠᠷᠠᠭᠤᠯᠵᠤ᠂ ᠴᠢᠯᠠᠭᠤᠨ ᠲᠤᠰᠤ ᠪᠠᠢᠭᠠᠯᠢ ᠶ᠋ᠢᠨ ᠱᠢᠲᠠᠮᠠᠬᠠᠢ ᠬᠡᠢ ᠶ᠋ᠢᠨ ᠠᠵᠢᠯ ᠲᠦᠷᠦᠯ ᠤ᠋ᠨ ᠦᠷ᠎ᠡ ᠠᠱᠢᠭ ᠢ᠋ ᠳᠡᠭᠡᠭ᠌ᠰᠢᠯᠡᠭᠦᠯᠵᠦ᠍ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠤᠨ᠎ᠠ᠃
ᠪᠣᠬᠢᠷᠲᠤᠯ ᠥᠬᠡᠶ ᠡᠨᠧᠷᠭᠢ ᠶ᠋ᠢᠨ ᠳᠠᠪᠠᠭᠤᠯᠢᠭ ᠢ᠋ ᠪᠠᠳᠠᠷᠠᠭᠤᠯᠵᠤ᠂ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠪᠠ ᠢᠷᠡᠭᠡᠳᠦᠶ ᠶ᠋ᠢᠨ ᠠᠵᠤ ᠦᠶ᠋ᠯᠡᠰ ᠢ᠋ ᠪᠣᠢᠵᠢᠭᠤᠯᠤᠨ ᠬᠥᠭ᠌ᠵᠢᠭᠦᠯᠦᠨᠡ᠃ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠠᠵᠤ ᠦᠢᠯᠡᠰ ᠤ᠋ᠨ ᠤᠷᠢᠳᠠᠪᠠᠷ ᠬᠦᠭᠵᠢᠭᠦᠯᠬᠦ ᠬᠤᠰᠢᠭᠤᠴᠢ ᠤᠷᠤᠨ ᠢ᠋ ᠬᠦᠴᠦᠯᠡᠨ ᠪᠠᠢᠭᠤᠯᠵᠤ᠂ ᠪᠤᠬᠢᠷᠲᠤᠯ ᠦᠭᠡᠢ ᠴᠠᠬᠢᠯᠭᠠᠨ ᠢ᠋ᠶ᠋ᠡᠷ ᠤᠰᠤᠲᠥ᠋ᠷᠥᠭ᠌ᠴᠢ ᠦᠢᠯᠡᠳᠬᠦ᠌ ᠵᠢ ᠶᠡᠬᠡ ᠬᠡᠪᠴᠢᠶ᠎ᠡ ᠪᠡᠷ ᠲᠤᠷᠱᠢᠨ ᠥᠷᠨᠢᠭᠦᠯᠵᠦ᠍᠂ ᠪᠠᠢᠭᠠᠯᠢ ᠶ᠋ᠢᠨ ᠱᠢᠲᠠᠮᠠᠬᠠᠢ ᠬᠡᠢ ᠪᠠ ᠪᠤᠬᠢᠷᠲᠤᠯ ᠦᠭᠡᠢ ᠤᠰᠤᠲᠥ᠋ᠷᠥᠭ᠌ᠴᠢ ᠵᠢ ᠬᠣᠯᠢᠵᠤ ᠠᠰᠢᠬᠯᠠᠬᠤ᠂ ᠪᠤᠬᠢᠷᠲᠦᠯ ᠦᠭᠡᠢ ᠤᠰᠤᠲᠥ᠋ᠷᠥᠭ᠌ᠴᠢ ᠵᠢ ᠬᠢᠮᠢ ᠶ᠋ᠢᠨ ᠠᠵᠤ ᠦᠢᠯᠡᠳᠪᠦᠷᠢ ᠶ᠋ᠢᠨ ᠦᠢᠯᠡᠳᠪᠦᠷᠢᠯᠡᠯ ᠤ᠋ᠨ ᠶᠠᠪᠤᠴᠠ ᠳ᠋ᠤ ᠠᠭᠤᠰᠤᠯᠴᠠᠭᠤᠯᠬᠤ᠂ ᠲᠡᠮᠦᠷᠯᠢᠭ ᠪᠣᠯᠪᠠᠰᠤᠷᠠᠭᠤᠯᠬᠤ ᠵᠡᠷᠭᠡ ᠬᠡᠷᠡᠭ᠌ᠯᠡᠭᠡᠨ ᠤ᠋ ᠠᠬᠤᠢ ᠪᠠᠢᠳᠠᠯ ᠢ᠋ ᠥᠷᠭᠡᠳᠭᠡᠵᠦ᠍᠂ ᠤᠯᠠᠭᠠᠨᠴᠠᠪ ᠡᠴᠡ ᠪᠡᠭᠡᠵᠢᠩ ᠲᠢᠶᠠᠨᠵᠢᠨ ᠾᠧᠪᠧᠢ ᠬᠦᠷᠬᠦ ᠵᠡᠷᠭᠡ 3 ᠵᠤᠷᠪᠤᠰ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠬᠣᠭᠣᠯᠠᠢ ᠵᠢᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠡᠬᠢᠯᠡᠭᠦᠯᠵᠦ᠂ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠠᠵᠤ ᠦᠢᠯᠡᠰ ᠤ᠋ᠨ ᠲᠠᠯ᠎ᠠ ᠪᠡᠷ ᠦᠷᠭᠦᠯᠵᠢᠯᠡᠨ ᠪᠦᠬᠦ᠌ ᠤᠯᠤᠰ ᠲᠦ᠍ ᠲᠦᠷᠦᠭᠦᠯᠡᠬᠦ᠌ ᠪᠡᠷ ᠴᠢᠷᠮᠠᠢᠨ᠎ᠠ᠃ ᠪᠣᠳᠣᠯᠲᠠ ᠶ᠋ᠢᠨ ᠬᠦᠴᠦᠨ ᠪᠠ ᠴᠠᠬᠢᠯᠭᠠᠨ ᠬᠦᠴᠦᠨ ᠢ᠋ ᠬᠠᠮᠵᠢᠯᠴᠠᠭᠤᠯᠤᠨ ᠪᠠᠢᠷᠢᠯᠠᠭᠤᠯᠬᠤ ᠵᠢ ᠴᠢᠩᠭᠠᠳᠭᠠᠵᠤ᠂ ᠬᠣᠷᠢᠨᠭᠡᠷ ᠤ᠋ᠨ ᠨᠡᠭᠦᠷᠡᠰᠦᠳᠦ᠋ᠷᠦᠭᠴᠢ ᠦᠯᠦ ᠭᠠᠳᠠᠬᠰᠢᠯᠠᠭᠤᠯᠬᠤ ᠳ᠋ᠠᠢᠲ᠋ᠠ ᠶ᠋ᠢᠨ ᠬᠦᠷᠢᠶᠡᠯᠡᠩ ᠲᠣᠭᠣᠷᠢᠭ ᠤ᠋ᠨ ᠴᠠᠬᠢᠯᠭᠠᠨ ᠬᠦᠴᠦᠨ ᠤ᠋ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠵᠤ᠂ ᠬᠣᠷᠢᠨᠭᠡᠷ ᠪᠠ ᠡᠬᠢ ᠪᠠᠶᠠᠯᠢᠭ ᠲᠥᠪᠯᠡᠷᠡᠭ᠌ᠰᠡᠨ ᠠᠢᠮᠠᠭ ᠬᠣᠲᠠ ᠶ᠋ᠢᠨ ᠰᠠᠯᠬᠢᠨ ᠪᠠ ᠨᠠᠷᠠᠨ ᠤ᠋ ᠡᠨ᠋ᠸᠷᠬᠢ ᠶ᠋ᠢᠨ ᠡᠬᠢ ᠪᠠᠶᠠᠯᠢᠭᠤᠨ ᠲᠠᠯ᠎ᠠ ᠪᠠᠷ ᠬᠠᠷᠢᠯᠴᠠᠨ ᠲᠤᠰᠠᠯᠠᠯᠴᠠᠬᠤ ᠵᠢ ᠠᠬᠢᠭᠤᠯᠵᠤ᠂ ᠪᠣᠳᠣᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠬᠥᠭ᠌ᠵᠢᠯᠲᠡ ᠳ᠋ᠤ ᠭᠦᠢᠴᠡᠳ᠂ ᠲᠣᠭ᠍ᠲᠠᠭᠤᠨ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠴᠠᠬᠢᠯᠭᠠᠨ ᠬᠦᠴᠦᠨ ᠤ᠋ ᠪᠠᠲᠤᠯᠠᠭ᠎ᠠ ᠬᠠᠩᠭᠠᠬᠤ ᠪᠡᠷ ᠴᠢᠷᠮᠠᠢᠨ᠎ᠠ ᠃
ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠭᠦᠨᠵᠡᠭᠡᠢᠷᠡᠭᠦᠯᠵᠦ᠍᠂ ᠡᠨᠧᠷᠭᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠬᠥᠳᠡᠯᠭᠡᠬᠦ᠌ ᠬᠦᠴᠦᠨ ᠱᠢᠨ᠎ᠡ ᠳᠠᠪᠠᠭᠤᠯᠢᠭ ᠢ᠋ ᠪᠤᠢ ᠪᠣᠯᠭᠠᠨ᠎ᠠ᠃ ᠣᠯᠠᠨ ᠵᠢᠯ ᠤ᠋ᠨ ᠬᠤᠭᠤᠴᠠᠭ᠎ᠠ ᠲᠠᠢ ᠴᠠᠬᠢᠯᠭᠠᠨ ᠬᠤᠳᠠᠯᠳᠤᠨ ᠠᠪᠬᠤ ᠵᠥᠪᠯᠡᠯᠴᠡᠭᠡᠷ ᠲᠣᠭ᠍ᠲᠠᠬᠤ ᠵᠢ ᠠᠬᠢᠭᠤᠯᠵᠤ᠂ ᠥᠪᠥᠷ ᠮᠣᠩᠭᠣᠯ ᠤ᠋ᠨ ᠪᠠᠷᠠᠭᠤᠨ ᠬᠡᠰᠡᠭ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠪᠡᠯᠡᠨ ᠪᠠᠷᠠᠭ᠎ᠠ ᠶ᠋ᠢᠨ ᠵᠠᠬ᠎ᠠ ᠳᠡᠯᠭᠡᠭᠦᠷ ᠤ᠋ᠨ ᠳᠦᠷᠢᠮ ᠢ᠋ ᠱᠢᠯᠢᠳᠡᠭ᠌ᠵᠢᠭᠦᠯᠦᠨ᠂ ᠵᠠᠬ᠎ᠠ ᠳᠡᠯᠭᠡᠭᠦᠷᠴᠢᠯᠡᠬᠦ᠌ ᠠᠷᠭ᠎ᠠ ᠬᠡᠯᠪᠡᠷᠢ ᠪᠡᠷ ᠱᠢᠨ᠎ᠡ ᠡᠨᠧᠷᠭᠢ ᠵᠢ ᠱᠢᠩᠭᠡᠭᠡᠨ ᠠᠱᠢᠭ᠍ᠯᠠᠬᠤ ᠵᠢ ᠠᠬᠢᠭᠤᠯᠤᠨ᠎ᠠ᠃ ᠱᠢᠨ᠎ᠡ ᠬᠡᠯᠪᠡᠷᠢ ᠶ᠋ᠢᠨ ᠴᠠᠬᠢᠯᠭᠠᠨ ᠬᠦᠴᠦᠨ ᠤ᠋ ᠱᠢᠰᠲ᠋ᠧᠮ᠂ ᠱᠢᠨ᠎ᠡ ᠬᠡᠯᠪᠡᠷᠢ ᠶ᠋ᠢᠨ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ ᠵᠡᠷᠭᠡ ᠬᠦᠷᠢᠶᠡᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠣᠭᠣᠮᠲᠠ ᠱᠢᠪᠲᠤᠯᠬᠤ ᠵᠢ ᠥᠷᠨᠢᠭᠦᠯᠬᠦ᠌ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ 《ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ》 ᠵᠢ ᠤᠨᠤᠴᠠᠲᠠᠢ ᠵᠣᠯᠭᠠᠭᠤᠯᠬᠤ ᠵᠢ ᠴᠢᠩᠭᠠᠳᠭᠠᠵᠤ᠂ ᠡᠨᠧᠷᠭᠢ ᠶ᠋ᠢᠨ ᠬᠦᠷᠢᠶᠡᠨ ᠳ᠋ᠡᠬᠢ ᠠᠩᠬᠠᠳᠠᠭ᠍ᠴᠢ ᠢᠵᠢ ᠴᠢᠬᠤᠯᠠ ᠶᠡᠬᠡ ᠮᠡᠷᠭᠡᠵᠢᠯ ᠤ᠋ᠨ ᠲᠣᠨᠣᠭ᠍ᠯᠠᠯ ᠤ᠋ᠨ ᠱᠢᠯᠭᠠᠨ ᠪᠠᠲᠤᠯᠠᠬᠤ ᠪᠠ ᠬᠡᠷᠡᠭ᠌ᠯᠡᠭᠡᠨ ᠤ᠋ ᠵᠢᠱ᠌ᠢᠶ᠎ᠡ ᠦᠵᠡᠭᠦᠯᠬᠦ᠌ ᠵᠢ ᠥᠷᠨᠢᠭᠦᠯᠵᠦ᠍᠂ ᠰᠠᠯᠬᠢᠨᠤ ᠬᠦᠴᠦᠨ ᠭᠡᠷᠡᠯᠴᠢ ᠴᠠᠨᠡᠭ ᠤᠰᠤᠳᠦ᠋ᠷᠦᠭᠴᠢ ᠡᠨ᠋ᠸᠷᠭᠢ ᠨᠦᠬᠡᠴᠡ ᠡᠨ᠋ᠸᠷᠬᠢ ᠶ᠋ᠢᠨ ᠣᠯᠠᠨ ᠡᠬᠢᠲᠦ ᠬᠠᠮᠵᠢᠯᠴᠠᠨ ᠲᠤᠷᠱᠢᠯᠲᠠ ᠬᠢᠵᠦ᠍ ᠭᠡᠷᠡᠴᠢᠯᠡᠬᠦ᠌ ᠵᠡᠷᠭᠡ ᠡᠨᠧᠷᠭᠢ ᠶ᠋ᠢᠨ ᠠᠵᠤ ᠦᠢᠯᠡᠰᠵᠢᠯᠲᠡ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ 9 ᠲᠥᠷᠥᠯ ᠵᠦᠶ᠋ᠯ ᠤ᠋ᠨ ᠵᠢᠱ᠌ᠢᠶ᠎ᠡ ᠦᠵᠡᠭᠦᠯᠬᠦ᠌ ᠦᠷ᠎ᠡ ᠪᠦᠲᠦᠭᠡᠯ ᠢ᠋ ᠲᠦᠷᠭᠡᠬᠡᠨ ᠪᠣᠶ ᠪᠣᠯᠭᠠᠬᠤ ᠵᠢ ᠲᠦᠷᠭᠡᠳᠭᠡᠨ ᠠᠬᠢᠭᠤᠯᠤᠨ᠎ᠠ᠃ ᠡᠭᠦᠨᠡᠴᠡ ᠭᠠᠳᠠᠨ᠎ᠠ᠂ ᠵᠢᠯ ᠤ᠋ᠨ ᠳᠣᠲᠣᠷ᠎ᠠ ᠡᠨᠧᠷᠭᠢ ᠶ᠋ᠢᠨ ᠴᠢᠬᠤᠯᠠ ᠶᠡᠬᠡ ᠲᠥᠷᠥᠯ ᠵᠦᠢᠯ ᠢ᠋ 382 ᠬᠡᠷᠡᠭ᠌ᠵᠢᠭᠦᠯᠬᠦ᠌ ᠪᠡᠷ ᠲᠥᠯᠥᠪᠯᠡᠵᠦ᠍᠂ 3240 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠵᠦ᠍᠂ 8% ᠪᠡᠷ ᠨᠡᠮᠡᠭ᠌ᠳᠡᠭᠦᠯᠦᠨᠡ᠃