ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ 《ᠨᠠᠮ᠎ᠤᠨ ᠪᠠᠢᠭᠤᠯᠤᠯᠲᠠ ᠪᠡᠷ ᠡᠪᠯᠡᠯ᠎ᠦᠨ ᠪᠠᠢᠭᠤᠯᠤᠯᠲᠠ᠎ᠶ᠋ᠢ ᠲᠠᠢᠴᠢᠯᠠᠬᠤ ᠠᠵᠢᠯ᠎ᠢ ᠴᠢᠩᠭᠠᠳᠭᠠᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠪᠠ
2026-03-23 10:01:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ 《ᠨᠠᠮ᠎ᠤᠨ ᠪᠠᠢᠭᠤᠯᠤᠯᠲᠠ ᠪᠡᠷ ᠡᠪᠯᠡᠯ᠎ᠦᠨ ᠪᠠᠢᠭᠤᠯᠤᠯᠲᠠ᠎ᠶ᠋ᠢ ᠲᠠᠢᠴᠢᠯᠠᠬᠤ ᠠᠵᠢᠯ᠎ᠢ ᠴᠢᠩᠭᠠᠳᠭᠠᠬᠤ ᠲᠤᠬᠠᠶ ᠰᠠᠨᠠᠯ》  (ᠳᠣᠷᠣᠭ᠍ᠰᠢ 《ᠰᠠᠨᠠᠯ》 ᠭᠡᠵᠦ᠍ ᠲᠦᠬᠦᠮᠴᠢᠯᠡᠨ᠎ᠠ) ᠢ᠋ ᠳᠠᠷᠤᠮᠠᠯᠯᠠᠨ ᠲᠠᠷᠬᠠᠭᠠᠵᠤ᠂ ᠨᠠᠮ᠎ᠤᠨ ᠪᠠᠢᠭᠤᠯᠤᠯᠲᠠ ᠪᠡᠷ ᠡᠪᠯᠡᠯ᠎ᠦᠨ ᠪᠠᠢᠭᠤᠯᠤᠯᠲᠠ᠎ᠶ᠋ᠢ ᠲᠠᠢᠴᠢᠯᠠᠬᠤ ᠠᠵᠢᠯ᠎ᠢ ᠴᠢᠩᠭᠠᠳᠭᠠᠬᠤ ᠲᠤᠬᠠᠶ ᠪᠠᠢᠷᠢᠯᠠᠭᠤᠯᠪᠠ᠃

《ᠰᠠᠨᠠᠯ》 ᠳ᠋ᠤ᠂ ᠨᠠᠮ᠎ᠤᠨ ᠪᠠᠢᠭᠤᠯᠤᠯᠲᠠ᠎ᠪᠠᠷ ᠡᠪᠯᠡᠯ᠎ᠦᠨ ᠪᠠᠢᠭᠤᠯᠤᠯᠲᠠ᠎ᠶ᠋ᠢ ᠳᠠᠢᠴᠢᠯᠠᠬᠤ ᠠᠵᠢᠯ᠎ᠢ ᠴᠢᠩᠭᠠᠳᠬᠠᠬᠤ ᠳ᠋ᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠳᠡᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠵᠤ᠂ ᠨᠠᠮ᠎ᠡᠴᠡ ᠵᠠᠯᠠᠭᠤᠴᠤᠳ᠎ᠤᠨ ᠠᠵᠢᠯ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ ᠪᠡᠷ ᠡᠪᠯᠡᠯ᠎ᠦᠨ ᠪᠠᠢᠭᠤᠯᠤᠯᠲᠠ᠎ᠶ᠋ᠢ ᠳᠠᠢᠴᠢᠯᠠᠬᠤ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠂ ᠲᠤᠮᠳᠠᠳᠤ ᠤᠯᠤᠰ᠎ᠤᠨ ᠡᠪ ᠬᠠᠮᠳᠤ ᠨᠠᠮ᠂ ᠡᠪ ᠬᠠᠮᠳᠤ ᠵᠠᠯᠠᠭᠤᠴᠤᠳ᠎ᠤᠨ ᠡᠪᠯᠡᠯ᠂ ᠪᠠᠭᠠᠴᠤᠳ᠎ᠤᠨ ᠬᠤᠰᠢᠭᠤᠴᠢ ᠠᠨᠭᠭᠢ ᠵᠢᠨ ᠨᠢᠭᠡ ᠴᠣᠭ᠍ᠴᠠᠵᠢᠭᠤᠯᠤᠨ ᠬᠦᠮᠦᠨ ᠬᠥᠮᠦᠵᠢᠭᠦᠯᠬᠦ᠌ ᠬᠡᠯᠬᠢᠶ᠎ᠡ ᠵᠢ ᠨᠡᠪᠳᠡᠷᠡᠭᠦᠯᠵᠦ᠂ ᠡᠪ ᠬᠠᠮᠲᠤ ᠵᠠᠯᠠᠭᠤᠴᠤᠳ᠎ᠤᠨ ᠡᠪᠯᠡᠯ᠎ᠢ ᠳᠠᠢᠴᠢᠯᠠᠨ ᠤᠯᠤᠰ ᠲᠥᠷᠥᠴᠢ ᠴᠢᠨᠠᠷ᠂ ᠲᠡᠷᠢᠭᠦᠨ᠎ᠦ ᠴᠢᠨᠠᠷ᠂ ᠤᠯᠡᠠ ᠲᠦᠮᠡᠨᠴᠢ ᠴᠢᠨᠠᠷ᠎ᠢ ᠤᠯᠠᠮ ᠨᠢᠭᠡ ᠠᠯᠬᠤᠮ ᠴᠢᠩᠭᠠᠳᠬᠠᠵᠤ᠂ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠢᠭᠤᠯᠬᠤ ᠬᠦᠴᠦᠨ᠂ ᠦᠢᠯᠡᠴᠢᠯᠡᠬᠦ᠌ ᠬᠦᠴᠦᠨ᠎ᠢ ᠳᠡᠭᠡᠭ᠌ᠰᠢᠯᠡᠭᠦᠯᠵᠦ᠂ ᠪᠦᠬᠦ᠌ ᠲᠠᠯ᠎ᠠ᠎ᠪᠠᠷ ᠡᠪ ᠬᠠᠮᠳᠤ ᠵᠠᠯᠠᠭᠤᠴᠤᠳ᠎ᠤᠨ ᠡᠪᠯᠡᠯ᠎ᠢ  ᠴᠢᠩᠭ᠎ᠠ ᠬᠠᠮᠢᠶᠠᠷᠴᠤ ᠴᠢᠨᠭᠭ᠎ᠠ ᠵᠠᠰᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠮ᠎ᠡᠴᠡ ᠤᠯᠭᠤᠭᠰᠠᠨ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠂ ᠥᠷᠭᠡᠨ ᠣᠯᠠᠨ ᠵᠠᠯᠠᠭᠤᠴᠤᠳ᠎ᠤᠨ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠣᠨᠣᠰᠴᠤ ᠨᠠᠮ᠎ᠢᠶᠠᠨ ᠳᠠᠭᠠᠨ ᠤᠷᠤᠬᠰᠢᠯᠠᠬᠤ ᠶ᠋ᠢ ᠳᠠᠢᠴᠢᠯᠠᠨ ᠳᠠᠭᠠᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃

《ᠰᠠᠨᠠᠯ》 ᠳ᠋ᠤ᠂ ᠡᠪ ᠬᠠᠮᠲᠤ ᠵᠠᠯᠠᠭᠤᠴᠤᠳ᠎ᠤᠨ ᠡᠪᠯᠡᠯ ᠪᠣᠯᠤᠨ ᠵᠠᠯᠠᠭᠤᠴᠤᠳ᠎ᠤᠨ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ ᠠᠳᠠᠯᠢ ᠱᠠᠲᠤᠨ᠎ᠤ ᠨᠠᠮ᠎ᠤᠨ ᠬᠣᠷᠢᠢ᠎ᠠ ᠪᠣᠯᠤᠨ ᠳᠡᠭᠡᠳᠦ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠬᠤᠤᠰ ᠤᠳᠤᠷᠢᠳᠤᠯᠭ᠎ᠠ᠎ᠶ᠋ᠢ ᠬᠦᠯᠢᠶᠡᠬᠦ᠌᠂ ᠠᠳᠠᠯᠢ ᠱᠠᠲᠤᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ᠎ᠪᠠᠷ ᠭᠣᠣᠯ ᠪᠣᠯᠭᠠᠭ᠍ᠰᠠᠨ ᠵᠣᠬᠢᠶᠠᠨ ᠪᠠᠢᠭᠤᠯᠵᠤ ᠤᠳᠤᠷᠢᠳᠭᠤ ᠪᠠᠢᠭᠤᠯᠤᠮᠵᠢ᠎ᠶ᠋ᠢ ᠪᠠᠷᠢᠮᠲᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠬᠤ ᠬᠡᠷᠡᠭᠳᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠡᠪᠯᠡᠯ᠎ᠦᠨ ᠤᠳᠤᠷᠢᠳᠭᠤ ᠪᠠᠢᠭᠤᠯᠭ᠎ᠠ᠎ᠶ᠋ᠢ ᠵᠢᠯᠣᠭᠣᠳᠤᠨ《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ ; ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠨᠠᠮ᠎ᠳᠠᠭᠠᠨ ᠦᠨᠡᠨᠴᠢ ᠱᠢᠳᠤᠷᠭᠤ ᠪᠠᠢᠬᠤ ᠬᠥᠮᠦᠵᠢᠯ ᠪᠠ ᠬᠦᠰᠡᠯᠡᠩ ᠢᠲᠡᠭᠡᠯ ᠪᠢᠰᠢᠷᠡᠯ ᠤ᠋ᠨ ᠬᠥᠮᠦᠵᠢᠯ᠎ᠢ ᠯᠠᠪᠳᠠᠭᠤᠨ᠎ᠪᠠᠳᠤᠳᠠᠢ ᠠᠬᠢᠭᠤᠯᠵᠤ᠂ ᠡᠪ ᠬᠠᠮᠲᠤ ᠶᠣᠰᠣᠨ᠎ᠤ ᠠᠯᠤᠰ ᠬᠡᠳᠦ᠍᠎ᠶ᠋ᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠲᠤ᠎ᠶ᠋ᠢᠨ ᠬᠦᠰᠡᠯᠡᠩ᠎ᠢ ᠪᠠᠲᠤ ᠪᠡᠬᠢ ᠪᠤᠢ ᠪᠣᠯᠭᠠᠬᠤ ᠬᠡᠷᠡᠭᠳᠡᠢ; ᠡᠪᠯᠡᠯ᠎ᠦᠨ ᠤᠳᠤᠷᠢᠳᠭᠤ ᠪᠠᠢᠭᠤᠯᠭ᠎ᠠ᠎ᠶ᠋ᠢ ᠱᠠᠯᠠᠪᠳᠠᠭᠤᠯᠤᠨ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠬᠦ ᠬᠡᠷᠡᠭᠳᠡᠢ; ᠡᠪᠯᠡᠯ᠎ᠦᠨ ᠺᠠᠳ᠋ᠷ᠎ᠤᠨ ᠤᠯᠤᠰ ᠲᠥᠷᠥ᠎ᠶ᠋ᠢᠨ ᠴᠢᠳᠠᠪᠤᠷᠢ᠎ᠶ᠋ᠢᠨ ᠬᠥᠮᠦᠵᠢᠯ᠎ᠢ ᠴᠢᠩᠭᠠᠳᠭᠠᠬᠤ ᠬᠡᠷᠡᠭ᠌ᠲᠡᠶ ᠭᠡᠵᠦ ᠱᠠᠭᠠᠷᠳᠠᠪᠠ᠃

《ᠰᠠᠨᠠᠯ》 ᠳ᠋ᠦ᠍᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠰᠤᠷᠤᠯᠴᠠᠯᠭ᠎ᠠ᠎ᠪᠠᠷ ᠰᠦᠭ ᠰᠦᠨᠡᠰᠦ᠎ᠶ᠋ᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭᠠᠨ᠎ᠢ ᠨᠡᠮᠡᠭ᠌ᠳᠡᠭᠦᠯᠬᠦ᠌᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭᠠᠬᠤ᠂ ᠰᠤᠷᠤᠯᠴᠠᠯᠭ᠎ᠠ᠎ᠪᠠᠷ ᠠᠵᠢᠯ ᠢ᠋ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠦᠨ ᠨᠠᠢᠳᠠᠪᠤᠷᠢᠵᠢᠭᠤᠯᠬᠤ ᠬᠡᠷᠡᠭ᠌ᠲᠡᠢ; ᠥᠷᠭᠡᠨ ᠤᠯᠠᠨ ᠡᠪᠯᠡᠯ᠎ᠦᠨ ᠭᠡᠱᠢᠭᠦᠨ ᠪᠣᠯᠤᠨ ᠵᠠᠯᠠᠭᠤᠴᠤᠳ᠎ᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ  ᠰᠠᠨᠠᠭ᠎ᠠ ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠎ᠶ᠋ᠢ ᠬᠦᠳᠦᠯᠥᠨ ᠳᠠᠭᠠᠭᠤᠯᠵᠤ᠂ ᠬᠦᠰᠡᠯᠡᠩ᠎ᠲᠡᠶ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠬᠦᠴᠢᠷ᠎ᠡᠴᠡ ᠠᠶᠤᠬᠤ ᠦᠭᠡᠢ᠂ ᠵᠣᠷᠢᠭ᠍ᠲᠠᠢ᠎ᠪᠠᠷ ᠲᠡᠮᠡᠴᠡᠬᠦ᠌ ᠱᠢᠨ᠎ᠡ ᠴᠠᠭ ᠦᠶ᠎ᠡ᠎ᠶ᠋ᠢᠨ ᠰᠠᠢ᠌ᠨ ᠵᠠᠯᠠᠭᠤᠴᠤᠳ᠎ᠢ ᠶᠡᠬᠡ᠎ᠪᠡᠷ ᠬᠥᠮᠦᠵᠢᠭᠦᠯᠬᠦ᠌ ᠬᠡᠷᠡᠭ᠌ᠲᠡᠢ᠃ ᠡᠪᠯᠡᠯ᠎ᠦᠨ ᠺᠠᠳ᠋ᠷ ᠪᠠ ᠡᠪᠯᠡᠯ᠎ᠦᠨ ᠭᠡᠱᠢᠭᠦᠨ᠎ᠢ ᠬᠥᠮᠦᠵᠢᠭᠦᠯᠵᠦ᠍ ᠪᠣᠯᠪᠠᠰᠤᠷᠠᠭᠤᠯᠬᠤ ᠠᠵᠢᠯ᠎ᠤᠨ ᠱᠢᠰᠲ᠋ᠧᠮ᠎ᠢ ᠪᠦᠷᠢᠨᠱᠢᠭᠦᠯᠵᠦ᠍᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠪᠠᠢᠩᠭᠤ ᠥᠷᠨᠢᠭᠦᠯᠬᠦ᠌᠎ᠶ᠋ᠢ ᠳᠡᠮᠵᠢᠵᠦ᠍᠂ ᠡᠪᠯᠡᠯ᠎ᠦᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠢ ᠦᠨᠡᠨ ᠬᠦ᠌ ᠴᠢᠩᠭᠠᠳᠭᠠᠬᠤ ᠭᠡᠷᠡᠭᠳᠠᠢ ᠭᠡᠵᠤ ᠱᠠᠭᠠᠷᠳᠠᠪᠠ᠃

《ᠰᠠᠨᠠᠯ》ᠳ᠋ᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)ᠡᠪᠯᠡᠯ᠎ᠦᠨ ᠤᠳᠤᠷᠢᠳᠭᠤ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠵᠢᠯᠣᠭᠣᠳᠭᠤ᠎ᠪᠠᠨ ᠴᠢᠩᠭᠠᠳᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢᠨ ᠠᠯᠬᠤᠮ᠎ᠢ ᠴᠢᠩᠭ᠎ᠠ ᠲᠠᠭᠠᠵᠤ᠂ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠪᠦᠲᠦᠮᠵᠢᠲᠡᠢ ᠪᠦᠷᠬᠦᠴᠡ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ᠃ ᠬᠡᠪ ᠴᠢᠨᠠᠷ᠎ᠢᠶᠠᠷ ᠴᠠᠭᠠᠷᠠᠭ᠍ᠰᠠᠨ ᠡᠪᠯᠡᠯ᠎ᠦᠨ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠣᠨᠴᠠᠯᠢᠭ᠎ᠲᠤ ᠨᠡᠢᠴᠡᠭ᠌ᠰᠡᠨ ᠺᠠᠳ᠋ᠷ᠎ᠤᠨ ᠬᠠᠮᠢᠶᠠᠷᠤᠯᠲᠠ᠎ᠶ᠋ᠢᠨ ᠠᠷᠭ᠎ᠠ ᠮᠠᠶᠢᠭ ᠪᠠ ᠲᠤᠰᠭᠠᠢ ᠲᠤᠱᠢᠶᠠᠯᠳᠤ᠂  ᠲᠦᠷ ᠴᠠᠭ ᠲᠤᠱᠢᠶᠠᠯ ᠡᠭᠦᠷᠭᠡᠯᠡᠬᠦ᠌᠂ ᠲᠤᠱᠢᠶᠠᠯ ᠬᠠᠪᠰᠤᠷᠭᠠᠬᠤ᠎ᠶ᠋ᠢ ᠤᠶᠠᠯᠳᠤᠭᠤᠯᠤᠭ᠍ᠰᠠᠨ ᠡᠪᠯᠡᠯ᠎ᠦᠨ ᠺᠠᠳ᠋ᠷ᠎ᠤᠨ ᠡᠩᠨᠡᠭᠡᠨ᠎ᠦ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠬᠦ ᠭᠡᠷᠡᠭᠳᠠᠢ᠃ ᠵᠠᠯᠠᠭᠤ ᠨᠠᠮ᠎ᠤᠨ ᠭᠡᠱᠢᠭᠦᠨ᠎ᠦ ᠡᠪᠯᠡᠯ᠎ᠦᠨ ᠠᠵᠢᠯ ᠪᠠ ᠪᠠᠢᠭᠤᠯᠤᠯᠲᠠ᠎ᠶ᠋ᠢᠨ ᠳᠤᠮᠳᠠᠬᠢ ᠭᠣᠣᠯᠯᠠᠭ᠍ᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠭᠡᠷᠡᠭᠳᠠᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠱᠢᠯᠢᠳᠡᠭ ᠡᠪᠯᠡᠯ᠎ᠦᠨ ᠭᠡᠱᠢᠭᠦᠨ᠎ᠦ ᠳᠣᠲᠣᠷ᠎ᠠ᠎ᠡᠴᠡ ᠨᠠᠮ᠎ᠤᠨ ᠭᠡᠱᠢᠭᠦᠨ᠎ᠢ ᠬᠥᠮᠦᠵᠢᠭᠦᠯᠵᠦ᠍ ᠬᠥᠭ᠌ᠵᠢᠭᠦᠯᠬᠦ᠌᠎ᠶ᠋ᠢ ᠴᠢᠬᠤᠯᠠᠴᠢᠯᠠᠬᠤ ᠬᠡᠷᠡᠭ᠌ᠲᠡᠢ; ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠲᠤᠬᠠᠢ ᠤᠳᠤᠷᠢᠳᠤᠯᠭ᠎ᠠ᠎ᠪᠠᠨ ᠴᠢᠩᠭᠠᠳᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠪᠦᠬᠦ᠌ ᠡᠪᠯᠡᠯ ᠤ᠋ᠨ ᠬᠤᠰᠢᠭᠤᠴᠢ ᠠᠨᠭᠭᠢ ᠵᠢ ᠳᠠᠭᠠᠭᠤᠯᠬᠤ ᠬᠠᠷᠢᠭᠤᠴᠠᠯᠭ᠎ᠠ᠎ᠶ᠋ᠢ ᠰᠠᠢᠲᠤᠷ ᠭᠦᠢᠴᠡᠳᠭᠡᠭᠦ ᠭᠡᠷᠡᠭᠳᠠᠢ᠃ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠠᠯᠠᠭᠤᠴᠤᠳ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠬᠦᠴᠦᠨ ᠪᠠ ᠭᠠᠪᠱᠢᠭᠠᠢ ᠠᠩᠬᠢ᠎ᠶ᠋ᠢᠨ ᠦᠢᠯᠡᠳᠦᠯ᠎ᠢ ᠪᠠᠳᠠᠷᠠᠭᠤᠯᠬᠤ᠎ᠶ᠋ᠢ ᠲᠡᠮᠵᠢᠵᠤ ᠵᠢᠯᠣᠭᠣᠳᠬᠤ ᠭᠡᠷᠡᠭᠳᠠᠢ᠃ ᠵᠠᠯᠠᠭᠤᠴᠤᠳ᠎ᠤᠨ 《5·4》 ᠤ᠋ ᠱᠠᠩᠨᠠᠯ᠎ᠤᠨ ᠲᠡᠮᠳᠡᠭ ᠵᠢᠴᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠵᠢᠨ ᠱᠠᠩᠨᠠᠯ᠎ᠢ ᠱᠢᠯᠭᠠᠷᠠᠭᠤᠯᠬᠤ ᠵᠡᠷᠭᠡ ᠠᠵᠢᠯ᠎ᠢ ᠵᠢᠷᠤᠮᠵᠢᠭᠤᠯᠤᠨ ᠥᠷᠨᠢᠭᠦᠯᠬᠦ ᠭᠡᠷᠡᠭᠳᠠᠢ ᠬᠡᠵᠤ ᠱᠠᠭᠠᠷᠳᠠᠪᠠ᠃

《ᠰᠠᠨᠠᠯ》 ᠳ᠋ᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠪᠯᠡᠯ᠎ᠦᠨ ᠺᠠᠳ᠋ᠷ᠎ᠤᠨ ᠵᠥᠪ ᠠᠵᠢᠯ ᠦᠶ᠋ᠯᠡᠰ᠎ᠦᠨ ᠦᠵᠡᠯᠲᠡ᠂ ᠦᠰᠦᠨ ᠪᠣᠢᠵᠢᠯᠲᠠ᠎ᠶ᠋ᠢᠨ ᠦᠵᠡᠯᠲᠡ᠎ᠶ᠋ᠢᠨ ᠬᠥᠮᠦᠵᠢᠯ᠎ᠢ ᠴᠢᠩᠭᠠᠳᠭᠠᠵᠤ᠂ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢ ᠵᠢᠯᠣᠭᠣᠳᠤᠨ ᠡᠪᠯᠡᠯ᠎ᠦᠨ ᠺᠠᠳ᠋ᠷ᠎ᠤᠨ ᠵᠠᠯᠠᠭᠤᠴᠤᠳ᠎ᠲᠤ ᠪᠣᠳᠠᠲᠤ ᠶᠠᠪᠤᠳᠠᠯ ᠬᠢᠵᠦ᠍ ᠥᠭ᠌ᠬᠦ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂  ᠥᠷᠭᠡᠨ ᠣᠯᠠᠨ ᠡᠪᠯᠡᠯ᠎ᠦᠨ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ ᠬᠣᠭᠣᠰᠣᠨ ᠦᠭᠡ ᠶᠠᠷᠢᠬᠤ ᠥᠬᠡᠶ᠂ ᠪᠤᠳᠠᠳᠤ ᠠᠵᠢᠯ᠎ᠢ ᠢᠯᠡᠭᠦᠭᠡᠨ ᠬᠢᠵᠦ᠂ ᠵᠠᠯᠠᠭᠤᠴᠤᠳ᠎ᠤᠨ ᠲᠥᠯᠥᠭᠡ ᠢᠯᠡᠭᠦᠬᠡᠨ ᠪᠣᠳᠣᠯᠬᠢᠯᠠᠵᠤ᠂ ᠥᠪᠡᠷ᠎ᠤ᠋ᠨ ᠵᠢᠡᠨ ᠲᠦᠯᠦᠭᠡ ᠲᠤᠳᠠᠭᠤ ᠪᠤᠳᠤᠯᠬᠢᠯᠠᠬᠤ ᠪᠣᠯᠭᠠᠬᠤ ᠬᠡᠷᠡᠭ᠌ᠲᠡᠶ; ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠲᠥᠪ ᠤ᠋ᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠢᠳᠡᠪᠬᠢᠲᠡᠢ ᠡᠷᠡᠭᠦᠯ ᠥᠭᠡᠳᠡᠷᠬᠡᠭ ᠦᠵᠡᠯ ᠰᠠᠨᠠᠭᠠᠨ᠎ᠤ ᠰᠤᠷᠲᠠᠯ᠂ ᠠᠵᠢᠯ᠎ᠤᠨ ᠰᠤᠷᠲᠠᠯ᠂ ᠠᠮᠢᠳᠤᠷᠠᠯ᠎ᠤᠨ ᠰᠤᠷᠲᠠᠯ᠎ᠢ ᠬᠠᠳᠠᠭᠠᠯᠠᠬᠤ ᠬᠡᠷᠡᠭ᠌ᠲᠡᠢ; ᠵᠠᠯᠠᠭᠤᠴᠤᠳ᠎ᠲᠠᠶ ᠨᠢᠭ᠍ᠲᠠ ᠬᠠᠷᠢᠯᠴᠠᠬᠤ ᠠᠵᠢᠯ᠎ᠤᠨ ᠲᠣᠭ᠍ᠲᠠᠴᠠ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠨᠠᠮ᠎ᠤᠨ ᠵᠠᠯᠠᠭᠤᠴᠤᠳ᠎ᠲᠠᠶ ᠬᠠᠷᠢᠯᠴᠠᠬᠤ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠬᠤ ᠭᠡᠷᠡᠭᠳᠠᠢ᠃ ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠨᠠᠮ᠎ᠤᠨ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠡᠪ ᠬᠠᠮᠲᠤ ᠵᠠᠯᠠᠭᠤᠴᠤᠳ᠎ᠤᠨ ᠡᠪᠯᠡᠯ᠎ᠢ ᠵᠢᠯᠣᠭᠣᠳᠤᠨ ᠪᠦᠬᠦ ᠲᠠᠯ᠎ᠠ ᠪᠡᠷ ᠡᠪᠯᠡᠯ ᠢ᠋ ᠴᠢᠨᠭᠭ᠎ᠠ ᠬᠠᠮᠢᠶᠠᠷᠴᠤ ᠴᠢᠨᠭᠭ᠎ᠠ ᠵᠠᠰᠠᠬᠤ ᠵᠢ ᠠᠬᠢᠭᠤᠯᠵᠤ᠂ ᠤᠯᠤᠰ ᠲᠥᠷᠥ᠎ᠶ᠋ᠢᠨ ᠱᠠᠭᠠᠷᠳᠠᠯᠭ᠎ᠠ᠎ᠶ᠋ᠢ ᠳᠣᠪᠣᠢᠯᠭᠠᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠵᠦ᠍᠂ ᠰᠠᠢᠨ ᠰᠠᠢᠬᠠᠨ ᠳᠦᠷᠢ ᠲᠥᠷᠬᠦ᠌᠎ᠶ᠋ᠢ ᠪᠠᠲᠤᠯᠠᠬᠤ ᠭᠡᠷᠡᠭᠳᠠᠢ; ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢ ᠵᠢᠯᠣᠭᠣᠳᠤᠨ ᠡᠪᠯᠡᠯ᠎ᠦᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶ᠋ᠢ ᠴᠢᠩᠭᠠᠳᠬᠠᠵᠤ᠂ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠩᠳᠠᠯᠠᠵᠤ᠂ ᠰᠠᠬᠢᠯᠭ᠎ᠠ ᠪᠠᠲᠤ᠎ᠵᠢᠨ ᠭᠡᠷᠡᠭᠵᠢᠬᠦᠯᠦᠯᠳᠠ ᠵᠢ ᠴᠢᠨᠭᠭᠠᠳᠬᠠᠬᠤ ᠭᠡᠷᠡᠭᠳᠠᠢ ᠬᠡᠵᠤ ᠱᠠᠭᠠᠷᠳᠠᠪᠠ᠃

《ᠰᠠᠨᠠᠯ》 ᠳ᠋ᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠪᠠᠢᠭᠤᠯᠤᠯᠲᠠ᠎ᠪᠠᠷ ᠡᠪᠯᠡᠯ᠎ᠦᠨ ᠪᠠᠢᠭᠤᠯᠤᠯᠲᠠ᠎ᠶ᠋ᠢ ᠳᠠᠢᠴᠢᠯᠠᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠨᠠᠮ᠎ᠤᠨ ᠪᠠᠢᠭᠤᠯᠤᠯᠲᠠ᠎ᠪᠠᠷ ᠡᠪᠯᠡᠯ᠎ᠦᠨ ᠪᠠᠢᠭᠤᠯᠤᠯᠲᠠ᠎ᠶ᠋ᠢ ᠲᠠᠢᠴᠢᠯᠠᠬᠤ ᠵᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠦᠨ ᠴᠢᠬᠤᠯᠠ ᠠᠭᠤᠯᠭ᠎ᠠ ᠪᠣᠯᠭᠠᠵᠤ᠂ ᠡᠪᠯᠡᠯ᠎ᠦᠨ ᠪᠠᠢᠭᠤᠯᠤᠯᠲᠠ᠎ᠶ᠋ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠥᠯᠥᠪᠵᠢᠭᠦᠯᠭᠡ ᠪᠠ ᠬᠢᠨᠠᠨ ᠱᠢᠯᠭᠠᠵᠤ ᠦᠨᠡᠯᠡᠬᠦ᠌ ᠠᠭᠤᠯᠭ᠎ᠠ᠎ᠳᠤ ᠣᠷᠣᠭᠤᠯᠬᠤ ᠬᠡᠷᠡᠭ᠌ᠲᠡᠶ᠃ ᠡᠪ ᠬᠠᠮᠲᠤ ᠵᠠᠯᠠᠭᠤᠴᠤᠳ᠎ᠤᠨ ᠡᠪᠯᠡᠯ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠡᠴᠡ᠎ᠪᠠᠨ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠪᠠᠷ ᠡᠪᠯᠡᠯ᠎ᠦᠨ ᠪᠠᠢᠭᠤᠯᠤᠯᠲᠠ᠎ᠶ᠋ᠢ ᠳᠠᠢᠴᠢᠯᠠᠬᠤ ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠡᠪᠯᠡᠯ᠎ᠦᠨ ᠠᠵᠢᠯ ᠪᠠ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 20 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号