ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ ᠵᠠᠯᠠᠭᠤᠴᠤᠳ᠎ᠤᠨ ᠠᠵᠢᠯ ᠣᠯᠭᠣᠯᠲᠠ᠎ᠶᠢᠨ ᠵᠠᠮ᠎ᠢ ᠬᠡᠷᠡᠯᠳᠦᠬᠦᠯᠦᠨ᠎ᠡ
2026-03-23 10:53:17
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠮᠢᠨᠤ ᠲᠤᠬᠠᠢᠯᠠᠭᠰᠠᠨ ᠠᠵᠢᠯ᠎ᠤᠨ ᠬᠠᠷᠠᠯᠲᠠ ᠪᠣᠯ ᠨᠢᠭᠡᠨ ᠰᠢᠯᠢᠳᠡᠭ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠠᠵᠢᠯᠯᠠᠭ᠍ᠴᠢ ᠪᠣᠯᠤᠨ᠎ᠠ》᠂ 《ᠪᠢ ᠨᠢᠭᠡᠨ ᠬᠢᠷᠢ ᠲᠡᠩᠴᠡᠭᠰᠡᠨ ᠮᠣᠩᠭᠣᠯ ᠠᠨᠠᠭᠠᠬᠤ ᠤᠬᠠᠭᠠᠨ᠎ᠤ ᠰᠤᠪᠢᠯᠠᠭ᠍ᠴᠢ ᠪᠣᠯᠬᠤ ᠬᠦᠰᠡᠯᠡᠩ ᠲᠠᠢ》 ᠁ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠰᠢᠢᠳᠪᠦᠷᠢᠲᠦ ᠤᠷᠤᠯᠳᠤᠭᠠᠨ ᠵᠢᠴᠢ ᠪᠦᠬᠦ ᠣᠷᠣᠨ᠎ᠤ ᠲᠠᠪᠤᠳᠤᠭᠠᠷ ᠬᠤᠭᠤᠴᠠᠭᠠᠨ᠎ᠤ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠤᠢᠷ᠎ᠠ ᠳ᠋ᠤ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠳᠤ ᠠᠮᠵᠢᠯᠲᠠ᠎ᠲᠠᠢ ᠶᠠᠪᠤᠭᠳᠠᠵᠤ᠂ ᠤᠷᠤᠯᠳᠤᠭᠠᠨ᠎ᠳᠤ ᠣᠷᠣᠯᠴᠠᠭᠰᠠᠨ ᠣᠶᠤᠲᠠᠳ ᠠᠵᠢᠯ ᠮᠡᠷᠭᠡᠵᠢᠯ᠎ᠦᠨ ᠬᠠᠷᠠᠯᠲᠠ᠎ᠪᠠᠨ ᠳᠡᠯᠬᠡᠵᠦ᠂ ᠵᠠᠯᠠᠭᠤ ᠨᠠᠰᠤᠨ᠎ᠤ ᠴᠤᠭ ᠵᠢᠪᠬᠤᠭ᠎ᠠ ᠪᠣᠯᠣᠨ ᠡᠬᠦᠷᠬᠡ ᠬᠠᠷᠢᠭᠤᠴᠠᠯᠭ᠎ᠠ ᠪᠠᠨ ᠢᠯᠡᠷᠡᠭᠦᠯᠵᠡᠢ᠃


QQ截图20260317110943.png


ᠪᠤᠭᠤᠲᠤ ᠵᠢᠨ ᠪᠠᠭᠰᠢ ᠵᠢᠨ ᠳᠡᠭᠡᠳᠦ ᠰᠤᠷᠭᠠᠭᠤᠯᠢ ᠵᠢᠨ ᠠᠰᠫᠢᠷᠠᠨᠲ ᠪᠠᠢ ᠶᠠᠨ ᠶᠠᠨ ᠤᠷᠤᠯᠳᠤᠭᠠᠨ᠎ᠳᠤ ᠤᠷᠤᠯᠴᠠᠨ᠎ᠠ


30  ᠲᠦᠮᠡ ᠰᠢᠬᠠᠮ ᠣᠶᠤᠲᠠᠨ ᠤᠷᠤᠯᠳᠤᠭᠠᠨ᠎ᠳᠤ ᠨᠡᠷ᠎ᠡ ᠮᠡᠳᠡᠭᠦᠯᠪᠡ

ᠲᠣᠰ ᠬᠤᠭᠤᠴᠠᠭᠠᠨ᠎ᠤ ᠤᠷᠤᠯᠳᠤᠭᠠᠨ ᠨᠢ 《ᠬᠣᠣᠰ ᠵᠠᠮᠲᠤ ᠲᠠᠪᠤᠨ ᠳᠤᠭᠤᠢᠯᠠᠩ》 ᠤ᠋ᠨ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ ᠦᠰᠦᠨ ᠪᠣᠢᠵᠢᠯᠳᠠ ᠵᠢᠨ ᠤᠷᠤᠯᠳᠤᠭᠠᠨ᠎ᠳᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠳᠤᠭᠤᠢᠯᠠᠩ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠤᠭᠤᠢᠯᠠᠩ ᠭᠡᠵᠦ ᠬᠤᠪᠢᠶᠠᠵᠤ᠂ ᠠᠵᠢᠯ ᠮᠡᠷᠭᠡᠵᠢᠯ᠎ᠦᠨ ᠲᠠᠨᠢᠯᠲᠠ᠎ᠶᠢ ᠭᠦᠨᠵᠡᠭᠡᠢᠷᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠦᠰᠦᠨ ᠪᠣᠢᠵᠢᠯᠳᠠ ᠵᠢᠨ ᠵᠠᠮ᠎ᠢ ᠲᠣᠳᠣᠷᠬᠠᠢ ᠪᠣᠯᠭᠠᠪᠠ; ᠠᠵᠢᠯ ᠣᠯᠭᠣᠯᠲᠠ᠎ᠶᠢᠨ ᠤᠷᠤᠯᠳᠤᠭᠠᠨ᠎ᠢ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠵᠢᠩᠬᠢᠨᠢ ᠠᠩᠭᠢ᠎ᠶᠢᠨ ᠰᠣᠷᠣᠭ᠍ᠴᠢ᠎ᠶᠢᠨ ᠳᠤᠭᠤᠢᠯᠠᠩ᠂ ᠠᠰᠫᠢᠷᠠᠨᠲ᠎ᠤᠨ ᠳᠤᠭᠤᠢᠯᠠᠩ ᠵᠢᠴᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠤᠭᠤᠢᠯᠠᠩ ᠭᠡᠵᠦ ᠨᠠᠷᠢᠨ ᠬᠤᠪᠢᠶᠠᠵᠤ᠂ ᠠᠵᠢᠯ ᠡᠷᠢᠬᠦ ᠪᠣᠳᠠᠲᠤ  ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠵᠤ᠂ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢᠨ ᠬᠡᠮᠵᠢᠶ᠎ᠡ᠎ᠶᠢ ᠳᠡᠭᠡᠭᠰᠢᠯᠡᠭᠦᠯᠪᠡ᠃ ᠪᠥᠬᠥ ᠣᠷᠣᠨ᠎ᠤ ᠰᠤᠷᠭᠠᠭᠤᠯᠢ᠎ᠳᠤ ᠪᠠᠢᠭ᠎ᠠ 30 ᠲᠦᠮᠡ ᠰᠢᠬᠠᠮ ᠣᠶᠤᠲᠠᠨ ᠢᠳᠡᠪᠬᠢᠲᠡᠢ᠎ᠪᠡᠷ ᠨᠡᠷ᠎ᠡ ᠮᠡᠳᠡᠭᠦᠯᠵᠦ᠂ ᠰᠤᠷᠭᠠᠭᠤᠯᠢ᠎ᠶᠢᠨ ᠠᠩᠬᠠᠨ᠎ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠳᠠᠭᠢ ᠤᠷᠤᠯᠳᠤᠭᠠᠨ᠎ᠤ ᠰᠢᠯᠭᠠᠷᠠᠭᠤᠯᠤᠯᠲᠠ᠎ᠪᠠᠷ ᠳᠡᠮᠵᠢᠨ᠂ ᠡᠴᠦᠰ᠎ᠲᠤ᠌ 180 ᠤᠷᠤᠯᠴᠠᠭᠴᠢ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠤᠷᠤᠯᠳᠤᠭᠠᠨ᠎ᠳᠤ ᠳᠡᠪᠰᠢᠪᠡ᠃ ᠤᠷᠤᠯᠳᠤᠭᠠᠨ᠎ᠤ ᠳᠤᠬᠠᠢ ᠵᠢᠨ ᠳᠠᠯᠠᠪᠠᠢ ᠳ᠋ᠤ ᠦᠰᠦᠨ ᠪᠤᠢᠵᠢᠯᠳᠠ ᠵᠢᠨ ᠤᠷᠤᠯᠳᠤᠭᠠᠨ ᠳ᠋ᠤ ᠤᠷᠤᠯᠴᠠᠭᠴᠢ ᠲᠤᠰᠬᠠᠢ ᠮᠡᠷᠭᠡᠵᠢᠯ᠎ᠦᠨ ᠰᠤᠷᠤᠯᠴᠠᠯᠭ᠎ᠠ ᠪᠠ ᠠᠵᠢᠯ ᠮᠡᠷᠭᠡᠵᠢᠯ᠎ᠦᠨ ᠬᠠᠢᠨ ᠰᠦᠪᠡᠭᠴᠢᠯᠡᠯᠲᠡ᠎ᠶᠢᠨ ᠬᠤᠪᠢᠷᠠᠯᠲᠠ᠎ᠶᠢᠨ ᠶᠠᠪᠤᠴᠠ᠎ᠶᠢ ᠠᠮᠢᠳᠤᠯᠢᠭ᠋᠎ᠢᠶᠠᠷ ᠶᠠᠷᠢᠵᠤ᠂ ᠠᠵᠢᠯ᠎ᠤᠨ ᠪᠠᠢᠷᠢ᠎ᠶᠢᠨ ᠬᠡᠷᠡᠭᠴᠡᠭᠡ᠎ᠵᠢ ᠴᠢᠩᠭ᠎ᠠ ᠡᠵᠡᠮᠳᠡᠵᠦ᠂ ᠶᠡᠷᠦᠩᠬᠡᠢᠯᠡᠭᠰᠡᠨ ᠬᠡᠪ ᠴᠢᠨᠠᠷ ᠪᠠ ᠠᠵᠢᠯ ᠮᠡᠷᠭᠡᠵᠢᠯ᠎ᠦᠨ ᠴᠢᠳᠠᠪᠤᠷᠢ ᠪᠠᠨ ᠣᠨᠣᠪᠴᠢᠲᠠᠢ ᠢᠯᠡᠷᠡᠭᠦᠯᠪᠡ᠃ ᠰᠤᠷᠤᠭ᠍ᠴᠢᠳ ᠯᠠᠪᠳᠠᠭᠤᠨ ᠪᠠᠲᠤᠲᠠᠢ ᠡᠷᠳᠡᠮ ᠮᠡᠳᠡᠯᠭᠡ᠂ ᠴᠠᠭᠠᠷᠠᠭᠰᠠᠨ ᠤᠷ᠎ᠠ ᠮᠡᠷᠭᠡᠰᠢᠯ᠂ ᠪᠠᠶᠠᠯᠢᠭ᠋ ᠦᠢᠯᠡᠳᠦᠯᠭᠡ ᠪᠣᠯᠣᠨ ᠲᠣᠳᠣᠷᠬᠠᠢ ᠲᠥᠯᠦᠪᠵᠢᠭᠦᠯᠭᠡ᠎ᠪᠡᠷ᠎ᠢᠶᠡᠨ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤᠴᠤᠳ᠎ᠤᠨ ᠬᠤᠪᠢ ᠬᠥᠮᠥᠨ᠎ᠦ ᠬᠥᠭᠵᠢᠯᠲᠡ᠎ᠪᠡᠨ ᠤᠯᠤᠰ᠎ᠤᠨ ᠪᠠᠢᠯᠳᠤᠬᠤ ᠪᠣᠳᠣᠯᠭ᠎ᠠ᠎ᠳᠤ ᠠᠭᠤᠰᠤᠯᠴᠠᠭᠤᠯᠤᠨ᠂ ᠥᠪᠥᠷ ᠮᠣᠩᠭᠣᠯ᠎ᠳᠤ ᠦᠨᠳᠦᠰᠦᠯᠡᠨ᠂ ᠦᠢᠯᠡᠰ ᠪᠤᠰᠬᠠᠨ ᠬᠤᠪᠢ ᠨᠡᠮᠡᠷᠢ ᠦᠵᠡᠬᠦᠯᠬᠦ ᠬᠠᠷᠢᠭᠤᠴᠠᠯᠭ᠎ᠠ ᠡᠭᠦᠷᠭᠡᠯᠡᠯ᠎ᠢᠶᠡᠨ ᠬᠠᠷᠠᠭᠤᠯᠵᠠᠢ᠃

ᠲᠣᠰ ᠬᠤᠭᠤᠴᠠᠭᠠᠨ᠎ᠤ ᠤᠷᠤᠯᠳᠤᠭᠠᠨ᠎ᠳᠤ ᠤᠷᠤᠯᠴᠠᠭᠰᠠᠳ᠎ᠤᠨ ᠳᠤᠭ᠎ᠠ ᠪᠠ ᠬᠡᠪᠴᠢᠶ᠎ᠡ ᠨᠢ ᠴᠥᠮ ᠰᠢᠨ᠎ᠡ ᠲᠡᠮᠳᠡᠭᠯᠡᠯ᠎ᠢ ᠡᠭᠦᠳᠴᠦ᠂ ᠰᠤᠷᠤᠭ᠍ᠴᠢᠳ᠎ᠤᠨ ᠤᠷᠤᠯᠳᠤᠭᠠᠨ᠎ᠳᠤ ᠣᠷᠣᠯᠴᠠᠬᠤ ᠢᠳᠡᠪᠬᠢᠵᠢᠯ ᠮᠠᠰᠢ ᠦᠨᠳᠦᠷ ᠪᠤᠯᠪᠠ᠃ 《ᠡᠨᠡ ᠵᠢᠯ ᠰᠤᠷᠭᠠᠭᠤᠯᠢ ᠶ᠋ᠢᠨ ᠳᠣᠲᠣᠷᠠᠬᠢ ᠨᠡᠷ᠎ᠡ ᠮᠡᠳᠡᠭᠦᠯᠦᠭᠰᠡᠳ 2 ᠲᠦᠮᠡ ᠰᠢᠬᠠᠮ ᠪᠠᠢᠵᠤ᠂ ᠰᠤᠷᠭᠠᠭᠤᠯᠢ᠎ᠳᠤ ᠪᠠᠢᠭ᠎ᠠ ᠰᠤᠷᠤᠭ᠍ᠴᠢ ᠶ᠋ᠢᠨ 70% ᠠ᠋ᠴᠠ ᠳᠡᠭᠡᠭᠰᠢᠬᠢ ᠶ᠋ᠢ ᠡᠵᠡᠯᠡᠵᠡᠢ᠂ ᠡᠯ᠎ᠡ ᠶᠡᠬᠡ ᠳᠡᠭᠡᠳᠦ ᠰᠤᠷᠭᠠᠭᠤᠯᠢ ᠵᠢᠨ ᠬᠢᠨ ᠤᠷᠤᠯᠳᠤᠭᠠᠨ ᠵᠢᠡᠨ ᠦᠨᠳᠦᠷ ᠪᠠᠷᠢᠮᠵᠢᠶ᠎ᠠ ᠪᠡᠷ ᠶᠠᠪᠤᠭᠳᠠᠭᠤᠯᠵᠠᠢ᠃ ᠡᠨᠡ ᠤᠳᠠᠭ᠎ᠠ ᠠᠰᠫᠢᠷᠠᠨᠲ ᠪᠠ ᠳ᠋ᠤᠺᠲ᠋ᠤᠷᠠᠨᠲ᠎ᠤᠨ ᠤᠷᠤᠯᠴᠠᠭᠰᠠᠨ ᠳᠤᠭ᠎ᠠ ᠴᠸ᠋ ᠶᠡᠬᠡ ᠪᠡᠷ ᠨᠡᠮᠡᠭᠳᠡᠵᠡᠢ》 ᠬᠡᠵᠦ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠰᠣᠷᠣᠭ᠍ᠴᠢ ᠡᠯᠰᠡᠬᠦ ᠪᠠ ᠠᠵᠢᠯ ᠣᠯᠭᠣᠬᠤ ᠭᠠᠵᠠᠷ᠎ᠤᠨ ᠳᠠᠷᠤᠭ᠎ᠠ ᠢᠦᠢ ᠯᠢ ᠴᠢᠶᠤᠢ᠍ᠨ ᠳᠠᠨᠢᠯᠴᠠᠭᠤᠯᠤᠯ᠎ᠠ᠃ 《ᠣᠢᠷ᠎ᠠ᠎ᠶᠢᠨ ᠵᠢᠯ᠎ᠳ᠋ᠤ ᠮᠠᠨ᠎ᠤ ᠰᠤᠷᠭᠠᠭᠤᠯᠢ᠎ᠶᠢᠨ ᠤᠷᠤᠯᠳᠤᠭᠠᠨ᠎ᠳᠤ ᠣᠷᠣᠯᠴᠠᠬᠤ ᠰᠤᠷᠤᠭ᠍ᠴᠢ᠎ᠶᠢᠨ ᠲᠣᠭ᠎ᠠ ᠵᠢᠯ ᠳᠠᠷᠠᠭᠠᠯᠠᠨ ᠨᠡᠮᠡᠭᠳᠡᠵᠦ᠂ ᠡᠨᠡ ᠵᠢᠯ᠎ᠦᠨ ᠣᠷᠣᠯᠴᠠᠬᠰᠠᠨ ᠨᠤᠷᠮ᠎ᠠ 80% ᠰᠢᠬᠠᠮ᠎ᠳᠤ ᠬᠦᠷᠴᠦ᠂ ᠤᠷᠤᠯᠳᠤᠭᠠᠨ᠎ᠳᠤ ᠣᠷᠣᠯᠴᠠᠬᠰᠠᠨ ᠰᠤᠷᠤᠭ᠍ᠴᠢᠳ ᠪᠠᠢᠯᠳᠤᠬᠤ ᠪᠣᠳᠣᠯᠭ᠎ᠠ᠎ᠶᠢᠨ ᠰᠢᠨ᠎ᠡ᠎ᠪᠡᠷ ᠮᠠᠨᠳᠤᠭᠰᠠᠨ ᠠᠵᠢᠯ ᠲᠦᠷᠦᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠤᠷᠤᠯᠳᠤᠭᠠᠨ᠎ᠤ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠤᠨᠤᠴᠠᠳᠠᠢ ᠵᠣᠯᠭᠠᠭᠤᠯᠬᠤ᠎ᠶᠢ ᠠᠬᠢᠭᠤᠯᠬᠤ ᠭᠣᠣᠯ ᠬᠠᠷᠠᠯᠲᠠ᠎ᠶᠢ ᠭᠦᠢᠴᠡᠳ ᠢᠯᠡᠷᠡᠬᠦᠯᠵᠡᠢ᠃ ᠡᠨᠡ ᠨᠢ ᠮᠦᠨ ᠴᠤ᠌ ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ ᠬᠥᠮᠥᠵᠢᠭᠦᠯᠬᠦ ᠴᠢᠨᠠᠷ᠎ᠴᠢᠨᠰᠠᠭ᠎ᠠ ᠵᠢᠨ ᠰᠢᠭᠤᠳ ᠦᠵᠡᠭᠦᠯᠭᠡ ᠪᠣᠯᠵᠤ᠂ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ ᠪᠠ ᠬᠠᠷᠢᠯᠴᠠᠨ ᠳᠤᠯᠢ ᠪᠤᠯᠭᠠᠬᠤ ᠳᠠᠪᠴᠠᠩ᠎ᠢ ᠪᠤᠢ ᠪᠤᠯᠭᠠᠨ ᠦᠭᠴᠡᠢ》 ᠬᠡᠵᠦ ᠪᠤᠭᠤᠲᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠤᠭ᠍ᠴᠢ ᠡᠯᠰᠡᠬᠦ ᠪᠠ ᠠᠵᠢᠯ ᠣᠯᠭᠣᠬᠤ ᠭᠠᠵᠠᠷ᠎ᠤᠨ ᠳᠠᠷᠤᠭ᠎ᠠ ᠰᠦᠨ ᠶᠠᠨ ᠬᠣᠩ  ᠬᠡᠯᠡᠯ᠎ᠡ᠃


downLoad-20260323114626.jpg


ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠤᠬ᠍ᠴᠢ ᠯᠦ᠍ ᠸᠧᠨ ᠰᠢᠨ ᠤᠷᠤᠯᠳᠤᠭᠠᠨ᠎ᠳᠤ ᠤᠷᠤᠯᠴᠠᠨ᠎ᠠ


ᠬᠤᠪᠢ ᠬᠥᠮᠥᠨ᠎ᠦ ᠥᠰᠦᠯᠲᠡ ᠪᠣᠶ᠋ᠢᠵᠢᠯᠲᠠ ᠪᠠᠨ ᠤᠯᠤᠰ᠎ᠤᠨ ᠬᠡᠷᠡᠭᠴᠡᠭᠡ᠎ᠲᠠᠢ ᠨᠢᠭ᠍ᠲᠠ ᠬᠤᠯᠪᠤᠯ᠎ᠠ

ᠰᠤᠷᠤᠭᠴᠢᠳ ᠤᠷᠤᠯᠳᠤᠭᠠᠨ᠎ᠤ ᠳᠤᠮᠳᠠ ᠳᠠᠪᠳᠠᠨ ᠪᠤᠯᠪᠠᠰᠤᠷᠠᠨ᠎ᠠ᠃ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠲᠤᠰᠬᠠᠢ ᠮᠡᠷᠭᠡᠵᠢᠯ᠎ᠦᠨ ᠭᠤᠷᠪᠠᠳᠤᠭᠠᠷ ᠣᠨ᠎ᠤ ᠣᠶᠤᠲᠠᠨ ᠸᠠᠩ ᠶᠠᠩ ᠬᠣᠶᠠᠷ ᠵᠢᠯ ᠳᠠᠷᠠᠭᠠᠯᠠᠨ ᠤᠷᠤᠯᠳᠤᠭᠠᠨ᠎ᠳᠤ ᠣᠷᠣᠯᠴᠠᠵᠤ᠂ ᠦᠰᠦᠨ ᠪᠤᠢᠵᠢᠯᠳᠡ ᠵᠢᠨ ᠤᠷᠤᠯᠳᠤᠭᠠᠨ ᠡᠴᠡ ᠠᠵᠢᠯ ᠣᠯᠭᠣᠯᠲᠠ᠎ᠵᠢᠨ ᠤᠷᠤᠯᠳᠤᠭᠠᠨ ᠳ᠋ᠤ ᠰᠢᠯᠵᠢᠪᠡ᠃ 《ᠨᠢᠳᠤᠨᠤᠨ᠎ᠤ ᠤᠷᠤᠯᠳᠤᠭᠠᠨ ᠳ᠋ᠤ ᠲᠤᠰᠬᠠᠢ ᠮᠡᠷᠭᠡᠵᠢᠯ᠎ᠢᠶᠡᠨ ᠬᠡᠷᠬᠢᠨ ᠴᠢᠷᠮᠠᠢᠨ ᠰᠤᠷᠤᠯᠴᠠᠬᠤ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠶᠤᠮ᠂ ᠡᠨᠡ ᠵᠢᠯ ᠤᠷᠤᠯᠳᠤᠭᠠᠨ᠎ᠳᠤ ᠣᠷᠣᠯᠴᠠᠬᠤ ᠦᠶ᠎ᠡ᠎ᠳᠦ ᠪᠢ ᠨᠢᠭᠡᠨᠲᠡ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠠᠬᠤᠢᠯᠠᠯ᠎ᠳᠤ ᠳᠠᠳᠤᠯᠭ᠎ᠠ ᠬᠢᠵᠦ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠠᠵᠢᠯᠯᠠᠭ᠍ᠴᠢ ᠪᠣᠯᠪᠠ᠂ ᠣᠳᠣᠬᠠᠨ᠎ᠳᠤ ᠮᠢᠨᠤ ᠲᠤᠬᠠᠢᠯᠠᠭᠰᠠᠨ ᠠᠵᠢᠯ᠎ᠤᠨ ᠬᠠᠷᠠᠯᠲᠠ ᠪᠣᠯ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠢᠨᠵᠧᠨᠧᠷ ᠪᠣᠯᠣᠨ᠎ᠠ》 ᠬᠡᠵᠦ ᠸᠠᠩ ᠶᠠᠩ ᠶᠠᠷᠢᠨ᠎ᠠ᠃ ᠤᠷᠤᠯᠳᠤᠭᠠᠨ᠎ᠳᠤ ᠣᠷᠣᠯᠴᠠᠬᠤ᠎ᠪᠠᠷ ᠳᠡᠮᠵᠢᠨ ᠸᠠᠩ ᠶᠠᠩ᠎ᠤᠨ ᠡᠯ᠎ᠡ ᠱᠠᠲᠤᠨ᠎ᠤ ᠰᠤᠷᠤᠯᠴᠠᠯᠭ᠎ᠠ᠎ᠶᠢᠨ ᠭᠣᠣᠯᠳᠠᠯᠭ᠎ᠠ ᠪᠠ ᠬᠠᠷᠠᠯᠲᠠ ᠴᠢᠭᠯᠡᠯ ᠤᠯᠠᠮ ᠳᠤᠳᠤᠷᠬᠠᠢ ᠪᠤᠯᠤᠭᠰᠠᠨ ᠪᠠᠢᠨ᠎ᠠ᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ 2023 ᠤᠨ᠎ᠤ ᠡᠯᠧᠺᠲᠷᠣᠨ ᠮᠡᠳᠡᠭᠡ ᠵᠠᠩᠭᠢ᠎ᠶᠢᠨ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠵᠢᠩᠬᠢᠨᠢ ᠠᠩᠭᠢ᠎ᠶᠢᠨ ᠰᠣᠷᠣᠭ᠍ᠴᠢ ᠭᠣᠸ᠋ ᠪᠢᠩ ᠬᠤᠤ ᠲᠡᠮᠦᠷ ᠵᠠᠮ᠎ᠤᠨ ᠬᠦᠷᠦᠯᠴᠡᠬᠦ ᠲᠣᠣᠷ᠎ᠢ ᠠᠵᠢᠯᠯᠠᠭᠤᠯᠵᠤ ᠬᠠᠮᠠᠭᠠᠯᠬᠠᠤ ᠤᠶᠤᠨᠴᠢ ᠪᠤᠳᠤᠯᠳᠠ ᠵᠢᠨ ᠢᠨᠵᠧᠨᠧᠷ ᠪᠣᠯᠬᠤ ᠢᠲᠡᠭᠡᠯ ᠬᠦᠰᠡᠯ ᠳᠠᠢ ᠪᠠᠢᠯ᠎ᠠ᠃ ᠶᠡᠬᠡ ᠰᠤᠷᠭᠠᠭᠤᠯᠢ᠎ᠳ᠋ᠠᠭᠠᠨ ᠲᠡᠭᠦᠨ᠎ᠦ ᠮᠡᠳᠡᠭᠦᠯᠦᠭᠰᠡᠨ ᠠᠩᠬᠠᠨ᠎ᠤ ᠲᠥᠷᠥᠯ ᠵᠦᠢᠯ ᠨᠢ ᠲᠡᠮᠦᠷ ᠵᠠᠮ᠎ᠲᠠᠢ ᠬᠣᠯᠪᠣᠭ᠎ᠠ᠎ᠲᠠᠢ ᠶᠤᠮ᠂ ᠪᠠᠭ᠍ᠰᠢ᠎ᠪᠠᠨ ᠳᠠᠭᠠᠵᠤ ᠲᠡᠮᠦᠷ ᠵᠠᠮ᠎ᠤᠨ ᠨᠢᠭᠡᠳᠦᠭᠡᠷ ᠹᠷᠣᠨᠲ᠎ᠲᠤ ᠬᠦᠷᠴᠦ ᠪᠠᠢᠴᠠᠭᠠᠨ ᠰᠤᠳᠤᠯᠤᠯᠲᠠ ᠬᠢᠬᠦ᠎ᠳᠡᠭᠡᠨ ᠲᠡᠷᠡ ᠬᠦᠷᠦᠯᠴᠡᠬᠦ ᠲᠣᠣᠷ᠎ᠢ ᠬᠥᠮᠥᠨ᠎ᠦ ᠬᠦᠴᠦ᠎ᠪᠡᠷ ᠲᠣᠭᠣᠷᠢᠨ ᠪᠠᠢᠴᠠᠭᠠᠵᠤ ᠠᠵᠢᠯᠯᠠᠭᠤᠯᠬᠤ ᠵᠢ ᠪᠠᠲᠤᠯᠠᠬᠤ ᠵᠠᠭᠪᠤᠷ᠎ᠤ᠋ᠨ ᠠᠵᠢᠯ᠎ᠤᠨ ᠦᠷ᠎ᠡ ᠪᠦᠲᠦᠮᠵᠢ ᠳᠣᠣᠷ᠎ᠠ᠂ ᠥᠪᠡᠷ᠎ᠦᠨ ᠥᠷᠲᠡᠭ᠎ᠢᠶᠡᠷ ᠥᠨᠳᠥᠷ ᠵᠡᠷᠭᠡ ᠬᠦᠴᠢᠷ ᠠᠰᠠᠭᠤᠳᠠᠯ ᠣᠷᠣᠰᠢᠵᠤ ᠪᠠᠢᠬᠤ᠎ᠶᠢ ᠣᠯᠵᠤ ᠮᠡᠳᠡᠭᠡᠳ᠂ ᠲᠡᠮᠦᠷ ᠵᠠᠮ᠎ᠤᠨ ᠬᠦᠷᠦᠯᠴᠡᠬᠦ ᠲᠣᠣᠷ᠎ᠤᠨ ᠠᠵᠢᠯᠯᠠᠭᠤᠯᠬᠤ ᠵᠢ ᠪᠠᠲᠤᠯᠠᠬᠤ ᠤᠶᠤᠨᠴᠢ ᠪᠤᠳᠤᠯᠳᠠ ᠵᠢᠨ ᠢᠨᠵᠧᠨᠧᠷ ᠪᠣᠯᠬᠤ᠎ᠪᠠᠷ ᠵᠣᠷᠢᠭ᠋ ᠰᠢᠭᠤᠳᠴᠠᠢ᠃ 《ᠮᠢᠨᠤ ᠰᠣᠩᠭᠣᠯᠲᠠ ᠴᠠᠭ ᠦᠶ᠎ᠡ᠎ᠶᠢᠨ ᠬᠦᠭᠵᠢᠯᠳᠡ ᠳᠠᠢ ᠶᠠᠪ ᠴᠠᠪ ᠨᠡᠢᠴᠡᠵᠦ ᠪᠠᠢᠨ᠎ᠠ᠃ ᠣᠳᠣᠬᠠᠨ᠎ᠳᠤ᠂ ᠤᠯᠤᠰ᠎ᠠᠴᠠ ᠣᠶᠤᠨᠲᠤ ᠴᠣᠭᠴᠠ᠎ᠶᠢᠨ ᠮᠡᠷᠭᠡᠵᠢᠯ᠎ᠦᠨ ᠰᠢᠰᠲ᠋ᠧᠮ᠎ᠢ ᠪᠦᠬᠦ ᠲᠠᠯ᠎ᠠ᠎ᠪᠠᠷ ᠲᠦᠷᠭᠡᠳᠬᠡᠨ ᠪᠠᠢᠭᠤᠯᠵᠤ ᠪᠤᠢ᠂ ᠥᠪᠥᠷ ᠮᠣᠩᠭᠣᠯ ᠶᠠᠭ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠂ ᠮᠡᠳᠡᠭᠡ ᠵᠠᠩᠭᠢ ᠳᠠᠮᠵᠢᠭᠤᠯᠬᠤ ᠰᠦᠯᠵᠢᠶ᠎ᠡ ᠵᠡᠷᠭᠡ ᠰᠢᠨ᠎ᠡ ᠰᠠᠭᠤᠷᠢ ᠪᠠᠢᠭᠤᠯᠤᠯᠳᠠ ᠵᠢ ᠤᠷᠢᠳᠴᠢᠯᠠᠨ ᠪᠠᠢᠷᠢᠯᠠᠭᠤᠯᠵᠤ ᠪᠤᠢ᠂ ᠪᠢ ᠦᠪᠡᠷ᠎ᠤᠨ ᠴᠢᠷᠮᠠᠢᠯᠭ᠎ᠠ ᠪᠡᠷ ᠵᠢᠡᠨ ᠳᠤᠮᠳᠠᠳᠤ ᠤᠯᠤᠰ᠎ᠤᠨ ᠬᠤᠷᠳᠤᠴᠠ᠎ᠶᠢ ᠰᠠᠬᠢᠨ ᠬᠠᠮᠠᠭᠠᠯᠠᠨ᠎ᠠ》 ᠭᠡᠵᠦ ᠭᠤᠤ ᠪᠢᠩ ᠬᠤᠤ ᠶᠠᠷᠢᠨ᠎ᠠ᠃

ᠤᠷᠤᠯᠳᠤᠭᠠᠨ᠎ᠳᠤ ᠤᠷᠤᠯᠴᠠᠭᠰᠠᠨ ᠤᠶᠤᠳᠠᠳ ᠮᠠᠨᠢ ᠬᠤᠪᠢ ᠬᠥᠮᠥᠨ᠎ᠦ ᠬᠦᠰᠡᠯᠡᠩ᠎ᠢᠶᠡᠨ ᠤᠯᠤᠰ᠎ᠬᠡᠷ᠎ᠤᠨ ᠬᠥᠭᠵᠢᠯᠲᠡ ᠯᠤᠭᠡ ᠨᠢᠭᠳᠠ ᠠᠭᠤᠰᠤᠯᠴᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠬᠦᠷᠢᠶᠡᠨ᠎ᠳᠦ ᠬᠤᠪᠢ ᠨᠡᠮᠡᠷᠢ ᠦᠵᠡᠬᠦᠯᠬᠦ ᠬᠦᠰᠡᠯ ᠪᠤᠳᠤᠯ ᠵᠢᠡᠨ ᠢᠯᠡᠳᠬᠡᠵᠦ ᠪᠠᠢᠯ᠎ᠠ᠃ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 2024 ᠣᠨ᠎ᠤ ᠮᠠᠯ ᠠᠵᠤ ᠠᠬᠤᠢ ᠮᠠᠯ ᠡᠮᠨᠡᠯᠭᠡ᠎ᠶᠢᠨ ᠲᠤᠰᠬᠠᠢ ᠮᠡᠷᠭᠡᠵᠢᠯ᠎ᠦᠨ ᠰᠤᠷᠤᠬ᠍ᠴᠢ ᠯᠦ᠍ ᠸᠧᠨ ᠰᠢᠨ ᠮᠢᠬᠠᠨ᠎ᠤ ᠦᠬᠡᠷ ᠦᠷᠡᠵᠢᠭᠦᠯᠦᠨ ᠪᠣᠢᠵᠢᠭᠤᠯᠬᠤ ᠮᠡᠷᠭᠡᠵᠢᠯᠲᠡᠨ ᠪᠣᠯᠬᠤ ᠬᠦᠰᠡᠯ ᠳᠠᠢ ᠪᠠᠢᠯ᠎ᠠ᠃ ᠲᠡᠷᠡ ᠬᠣᠷᠴᠢᠨ᠎ᠤ ᠲᠠᠯ᠎ᠠ ᠨᠤᠲᠤᠭ᠎ᠲᠤ ᠦᠰᠦᠨ ᠪᠣᠢᠵᠢᠵᠤ᠂ ᠲᠤᠬᠠᠢ᠎ᠶᠢᠨ ᠭᠠᠵᠠᠷ᠎ᠤᠨ ᠮᠢᠬᠠᠨ᠎ᠤ ᠦᠬᠡᠷ᠎ᠦᠨ ᠠᠵᠤ ᠦᠢᠯᠡᠰ ᠥᠷᠨᠢᠩᠭᠦᠢ ᠬᠦᠭᠵᠢᠯᠳᠡ ᠳᠠᠢ ᠪᠣᠯᠪᠠᠴᠤ ᠪᠥᠬᠥ ᠠᠵᠤ ᠦᠢᠯᠡᠰ᠎ᠦᠨ ᠬᠡᠯᠬᠢᠶ᠎ᠡ᠎ᠳ᠋ᠤ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ ᠵᠢᠴᠢ ᠲᠡᠭᠦᠨ᠎ᠡᠴᠡ ᠳᠡᠭᠡᠭᠰᠢᠬᠢ ᠰᠤᠷᠤᠯᠭ᠎ᠠ᠎ᠶᠢᠨ ᠨᠠᠮᠲᠠᠷ᠎ᠲᠠᠢ ᠴᠢᠳᠠᠪᠤᠷᠢᠲᠠᠨ ᠵᠥᠪᠬᠡᠨ 18% ᠶ᠋ᠢ ᠡᠵᠡᠯᠡᠵᠦ᠂ ᠦᠷᠡᠵᠢᠭᠦᠯᠦᠨ ᠪᠣᠢᠵᠢᠭᠤᠯᠬᠤ ᠮᠡᠷᠭᠡᠵᠢᠯᠲᠡᠨ ᠮᠡᠲᠦ᠎ᠶᠢᠨ ᠭᠣᠣᠯᠯᠠᠬᠤ ᠠᠵᠢᠯ᠎ᠤᠨ ᠪᠠᠢᠷᠢ᠎ᠳᠤ ᠴᠢᠳᠠᠪᠤᠷᠢᠳᠠᠨ ᠳᠤᠳᠠᠭᠳᠠᠵᠤ ᠪᠠᠢᠭ᠎ᠠ ᠵᠢ ᠤᠢᠯᠠᠭᠠᠭᠰᠠᠨ ᠵᠢᠡᠷ ᠡᠨᠡ ᠳᠠᠯ᠎ᠠ ᠵᠢᠨ ᠮᠡᠷᠬᠡᠵᠢᠯᠳᠡᠨ ᠪᠤᠯᠬᠤ ᠬᠦᠰᠡᠯ ᠴᠤᠬᠤᠢᠵᠠᠢ᠃ ᠯᠦ᠍ ᠸᠸᠨ ᠰᠢᠨ ᠤ᠋ 《ᠬᠣᠷᠴᠢᠨ᠎ᠤ ᠲᠠᠯ᠎ᠠ ᠨᠤᠲᠤᠭ᠎ᠲᠤ ᠦᠨᠳᠦᠰᠦᠯᠡᠵᠦ ᠣᠲᠣ᠌ ᠦᠶ᠎ᠡ᠎ᠶᠢᠨ ᠮᠢᠬᠠᠨ᠎ᠤ ᠦᠬᠡᠷ᠎ᠦᠨ ᠠᠵᠤ ᠦᠢᠯᠡᠰ᠎ᠦᠨ ᠦᠷᠡᠵᠢᠭᠦᠯᠦᠨ ᠪᠣᠢᠵᠢᠭᠤᠯᠬᠤ ᠬᠣᠰᠢᠭᠤᠴᠢ ᠪᠣᠯᠤᠨ᠎ᠠ》 ᠭᠡᠰᠡᠨ ᠶᠠᠷᠢᠶ᠎ᠠ ᠨᠢ ᠦᠰᠦᠨ ᠪᠣᠢᠵᠢᠯᠳᠠ ᠵᠢᠨ ᠤᠷᠤᠯᠳᠤᠭᠠᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠤᠭᠤᠢᠯᠠᠩ᠎ᠤᠨ ᠠᠯᠲᠠᠨ ᠮᠧᠳᠠᠯ᠎ᠢ ᠬᠦᠷᠳᠡᠪᠡ᠃


QQ截图20260312093543.png


ᠠᠵᠤ ᠠᠬᠤᠢᠯᠠᠯ ᠤᠷᠤᠯᠳᠤᠭᠠᠨ᠎ᠤ ᠳᠠᠯᠠᠪᠠᠢ ᠡᠴᠡ ᠴᠢᠳᠠᠪᠤᠷᠢᠳᠠᠨ ᠰᠤᠩᠭᠤᠯ᠎ᠠ


ᠠᠵᠤ ᠠᠬᠤᠢᠯᠠᠯ ᠤᠷᠤᠯᠳᠤᠭᠠᠨ᠎ᠤ ᠳᠠᠯᠠᠪᠠᠢ ᠡᠴᠡ ᠴᠢᠳᠠᠪᠤᠷᠢᠳᠠᠨ ᠰᠤᠩᠭᠤᠯ᠎ᠠ

ᠡᠨᠡ ᠤᠳᠠᠭ᠎ᠠ ᠵᠢᠨ ᠤᠷᠤᠯᠳᠤᠭᠠᠨ ᠨᠢ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠲᠡᠭᠦᠰᠬᠦ ᠰᠤᠷᠤᠭ᠍ᠴᠢᠳ᠎ᠤᠨ ᠠᠵᠢᠯ ᠣᠯᠭᠣᠯᠲᠠ᠎ᠳᠤ ᠦᠢᠯᠡᠴᠢᠯᠡᠪᠡ᠃ ᠰᠢᠢᠳᠪᠦᠷᠢᠲᠦ ᠤᠷᠤᠯᠳᠤᠭᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠪᠠᠰᠠ ᠥᠪᠥᠷ ᠮᠣᠩᠭᠣᠯ᠎ᠤᠨ ᠵᠧᠩ ᠳᠡ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠧᠩ ᠨᠢᠦ ᠰᠦ ᠵᠢᠨ ᠦᠢᠯᠡᠰ (ᠪᠦᠯᠦᠭᠯᠡᠯ) ᠤ᠋ᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 50 ᠠᠵᠤ ᠠᠬᠤᠢᠯᠠᠯ᠎ᠤᠨ ᠲᠥᠯᠥᠭᠡᠯᠡᠭᠴᠢ᠎ᠶᠢ ᠤᠷᠢᠵᠤ 《ᠠᠵᠤ ᠠᠬᠤᠢᠯᠠᠯ᠎ᠤᠨ ᠰᠣᠩᠭᠣᠯᠲᠠ᠎ᠶᠢᠨ ᠪᠦᠯᠬᠦᠮ》 ᠢ᠋ ᠪᠦᠷᠢᠯᠳᠦᠭᠦᠯᠵᠦ᠂ ᠠᠵᠤ ᠠᠬᠤᠢᠯᠠᠯ᠎ᠤᠨ ᠬᠥᠭᠵᠢᠯᠲᠡ᠎ᠳᠦ ᠪᠡᠯᠡᠳᠬᠡᠯ ᠴᠢᠳᠠᠪᠤᠷᠢᠲᠠᠨ᠎ᠢ ᠨᠥᠭᠡᠴᠡᠯᠡᠬᠦ᠂ ᠣᠶᠤᠲᠠᠳ᠎ᠲᠤ ᠨᠠᠩ ᠦᠷᠬᠡᠨ ᠠᠵᠢᠯ ᠣᠯᠬᠤ ᠰᠣᠩᠭᠣᠯᠲᠠ ᠬᠠᠩᠭᠠᠭᠰᠠᠨ ᠪᠠᠢᠨ᠎ᠠ᠃

ᠥᠪᠥᠷ ᠮᠣᠩᠭᠣᠯ᠎ᠤᠨ ᠵᠧᠩ ᠳᠡ ᠬᠢᠵᠠᠭᠠᠷᠲᠤ ᠺᠣᠮᠫᠠᠨᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠳᠠᠭᠠᠭᠠᠮᠠᠯ ᠢᠦᠢ ᠪᠥᠸᠧ ᠴᠧᠩ ᠡᠨᠡ ᠤᠳᠠᠭ᠎ᠠ ᠵᠢᠨ ᠤᠷᠤᠯᠳᠤᠭᠠᠨ ᠳ᠋ᠤ ᠰᠡᠳᠬᠢᠯ ᠳ᠋ᠤ ᠨᠡᠢᠴᠡᠭᠰᠡᠨ ᠴᠢᠳᠠᠪᠤᠷᠢᠳᠠᠨ᠎ᠢ ᠡᠯᠰᠡᠬᠦ ᠪᠡᠷ 4 ᠬᠤᠪᠢ ᠳᠠᠳᠤᠯᠭ᠎ᠠ ᠬᠢᠵᠦ ᠡᠯᠰᠡᠬᠦ ᠠᠵᠢᠯ᠎ᠤᠨ ᠤᠷᠢᠯᠭ᠎ᠠ ᠦᠭᠴᠡᠢ᠃ 《ᠤᠷᠤᠯᠳᠤᠭᠠᠨ ᠨᠢ ᠬᠥᠮᠥᠨ ᠬᠡᠷᠡᠭᠯᠡᠬᠦ ᠨᠢᠭᠡᠴᠢ ᠪᠣᠯᠣᠨ ᠰᠣᠷᠣᠭ᠍ᠴᠢ᠎ᠶᠢᠨ ᠬᠣᠭᠣᠷᠣᠨᠳᠣ ᠨᠡᠪᠲᠡᠷᠡᠯᠴᠡᠬᠦ ᠬᠥᠭᠥᠷᠭᠡ ᠴᠣᠭᠴᠠᠯᠠᠭᠰᠠᠨ ᠨᠢ ᠮᠠᠰᠢ ᠤᠳᠬ᠎ᠠ ᠠᠭᠤᠯᠭ᠎ᠠ᠎ᠲᠠᠢ᠃ ᠤᠷᠤᠯᠳᠤᠭᠠᠨ᠎ᠤ ᠳᠤᠮᠳᠠ ᠪᠢ ᠮᠠᠰᠢ ᠤᠯᠠᠨ ᠰᠢᠯᠢᠳᠡᠭ ᠰᠤᠷᠤᠭ᠍ᠴᠢᠳ᠎ᠲᠠᠢ ᠲᠠᠨᠢᠯᠴᠠᠵᠠᠢ᠂ ᠳᠡᠳᠡᠨ᠎ᠦ ᠰᠡᠳᠬᠢᠬᠦ ᠴᠢᠳᠠᠪᠤᠷᠢ᠂ ᠠᠷᠭᠠᠴᠠᠭᠠᠬᠤ ᠴᠢᠳᠠᠪᠤᠷᠢ᠂ ᠨᠡᠪᠲᠡᠷᠡᠯᠴᠡᠬᠦ ᠴᠢᠳᠠᠪᠤᠷᠢ ᠨᠢ ᠪᠦᠷ ᠮᠠᠰᠢ ᠰᠠᠢᠨ ᠪᠥᠭᠡᠳ ᠠᠵᠤ ᠠᠬᠤᠢᠯᠠᠯ᠎ᠤᠨ ᠴᠢᠳᠠᠪᠤᠷᠢᠲᠠᠨ᠎ᠢ ᠰᠢᠯᠢᠨ ᠰᠣᠩᠭᠣᠬᠤ ᠭᠣᠣᠯ ᠪᠠᠷᠢᠮᠵᠢᠶ᠎ᠠ᠎ᠳᠤ ᠴᠤ᠌ ᠨᠡᠢᠴᠡᠵᠦ ᠪᠠᠢᠨ᠎ᠠ᠃ ᠲᠡᠳᠡᠨ᠎ᠦ ᠠᠵᠤ ᠠᠬᠤᠢᠯᠠᠯ᠎ᠳᠤ ᠤᠷᠤᠯᠴᠠᠵᠤ᠂ ᠠᠵᠤ ᠠᠬᠤᠢᠯᠠᠯ᠎ᠤᠨ ᠪᠦᠲᠦᠭᠡᠨ ᠪᠠᠢᠭᠤᠯᠤᠯᠲᠠ᠎ᠳᠤ ᠬᠤᠪᠢ ᠨᠡᠮᠡᠷᠢ᠎ᠪᠡᠨ ᠦᠵᠡᠭᠦᠯᠬᠦ ᠶ᠋ᠢ ᠬᠦᠰᠡᠵᠦ ᠪᠠᠢᠨ᠎ᠠ》 ᠬᠡᠵᠦ ᠢᠤᠢ ᠪᠦᠧᠧ ᠴᠧᠩ ᠶᠠᠷᠢᠯ᠎ᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠡᠨᠡ ᠵᠢᠯ  ᠰᠤᠷᠭᠠᠨ ᠬᠥᠮᠦᠵᠢᠯ᠎ᠦᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠠᠵᠢᠯ᠎ᠢ ᠦᠷᠭᠦᠯᠵᠢᠯᠡᠨ ᠰᠡᠳᠬᠢᠯ ᠳᠠᠯᠪᠢᠨ ᠰᠠᠢᠳᠤᠷ ᠬᠢᠵᠦ᠂ ᠦᠵᠦ ᠲᠥᠯᠥᠪᠯᠡᠭᠡ᠎ᠶᠢ ᠴᠢᠩᠭᠠᠳᠬᠠᠵᠤ᠂ ᠠᠮᠢᠳᠤᠷᠠᠯ᠎ᠤᠨ ᠰᠤᠷᠭᠠᠨ ᠬᠥᠮᠦᠵᠢᠯ᠎ᠢ ᠴᠢᠳᠠᠪᠤᠷᠢᠲᠠᠨ᠎ᠢ ᠬᠥᠮᠥᠵᠢᠭᠦᠯᠬᠦ ᠪᠦᠬᠦ ᠶᠠᠪᠤᠴᠠ᠎ᠳᠤ ᠠᠭᠤᠰᠤᠯᠴᠠᠭᠤᠯᠵᠤ᠂ ᠪᠦᠬᠦ ᠠᠵᠢᠯᠲᠠᠨ᠎ᠢ ᠬᠠᠮᠤᠷᠤᠭᠰᠠᠨ ᠬᠢᠴᠢᠶᠡᠯ᠎ᠦᠨ ᠰᠢᠰᠲᠧᠮ᠎ᠢ ᠲᠦᠷᠭᠡᠳᠬᠡᠨ ᠲᠡᠭᠦᠯᠳᠡᠷᠵᠢᠭᠦᠯᠵᠦ᠂ ᠪᠠᠭ᠍ᠰᠢ᠎ᠶᠢᠨ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ᠂ ᠠᠮᠢᠳᠤᠷᠠᠯ᠎ᠤᠨ ᠬᠥᠭᠵᠢᠯᠲᠡ᠎ᠶᠢᠨ ᠰᠠᠭᠤᠷᠢ᠎ᠶᠢ ᠪᠠᠳᠤᠳᠬᠠᠬᠤ ᠪᠤᠯᠤᠨ᠎ᠠ᠃ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ 《ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ》 ᠭᠣᠣᠯ ᠰᠡᠳᠦᠪᠲᠦ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠤᠬᠠᠭᠤᠯᠵᠤ᠂ ᠰᠤᠷᠤᠭ᠍ᠴᠢᠳ᠎ᠤᠨ ᠥᠪᠥᠷ ᠮᠣᠩᠭᠣᠯ᠎ᠳᠤ ᠦᠨᠳᠦᠰᠦᠯᠡᠵᠦ᠂ ᠬᠥᠭᠵᠢᠯᠲᠡ᠎ᠶᠢᠨ ᠶᠡᠬᠡ ᠲᠠᠯ᠎ᠠ᠎ᠳᠤ ᠣᠷᠣᠯᠴᠠᠬᠤ᠎ᠶᠢ ᠬᠥᠲᠥᠯᠥᠨ ᠵᠢᠯᠣᠭᠣᠳᠤᠨ᠎ᠠ᠃ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ ᠴᠢᠩᠭᠠᠳᠬᠠᠵᠤ᠂ 10 ᠶᠡᠬᠡ ᠠᠵᠤ ᠦᠢᠯᠡᠰ᠎ᠦᠨ ᠪᠦᠯᠦᠭᠯᠡᠯ ᠪᠣᠯᠣᠨ 21 ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠨᠡᠢᠭᠡᠮ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠬᠢᠷᠠᠭᠤᠯᠤᠯᠲᠠ᠎ᠶᠢᠨ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ ᠤᠨᠤᠴᠠᠳᠠᠢ ᠦᠢᠯᠡᠴᠢᠯᠡᠬᠡ᠎ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠲᠡᠭᠦᠰᠬᠦ ᠰᠤᠷᠤᠭ᠍ᠴᠢᠳ᠎ᠢ ᠭᠣᠣᠯᠳᠠᠯᠭ᠎ᠠ᠎ᠲᠠᠢ ᠠᠩᠬᠠᠷᠴᠤ᠂ ᠲᠡᠭᠦᠰᠬᠦ ᠰᠤᠷᠤᠭ᠍ᠴᠢ ᠨᠢᠭᠡᠪᠦᠷᠢ᠎ᠶᠢ ᠬᠠᠪᠰᠤᠷᠤᠨ ᠴᠢᠨᠠᠷ ᠰᠠᠢᠲᠠᠢ ᠠᠵᠢᠯ ᠤᠯᠭᠤᠬᠤ ᠵᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号