3 ᠰᠠᠷ᠎ᠠ᠎ᠶᠢᠨ 14᠎ᠤ᠋ ᠡᠳᠦᠷ ᠪᠣᠯ ᠲᠣᠭᠣᠷᠢᠭ᠋᠎ᠤᠨ ᠢᠯᠡᠳᠬᠡᠮᠵᠢ 《π》 ᠵᠢᠨ ᠳᠤᠷᠠᠰᠬᠠᠯ᠎ᠤᠨ ᠡᠳᠦᠷ ᠪᠣᠯᠬᠤ ᠪᠥᠭᠡᠳ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠡᠴᠡ 2019 ᠣᠨ᠎ᠳᠤ ᠤᠯᠠᠨ ᠤᠯᠤᠰ᠎ᠤᠨ ᠲᠣᠭᠠᠨ᠎ᠤ ᠤᠬᠠᠭᠠᠨ᠎ᠤ ᠡᠳᠦᠷ ᠵᠢᠡᠷ ᠵᠢᠩᠬᠢᠨᠢ ᠪᠡᠷ ᠳᠤᠭᠳᠠᠭᠠᠵᠠᠢ᠃ ᠣᠢᠷ᠎ᠠ᠎ᠶᠢᠨ ᠡᠳᠦᠷ᠂ ᠥᠪᠥᠷ ᠮᠣᠩᠭᠣᠯ 《ᠡᠷᠲᠡ ᠡᠳᠦᠭᠡ᠎ᠶᠢᠨ ᠳᠤᠭᠠᠨ᠎ᠤ ᠤᠬᠠᠭᠠᠨ᠎ᠤ ᠪᠢᠴᠢᠭ᠎ᠢ ᠤᠢᠯᠠᠭᠠᠵᠤ ᠨᠤᠮ ᠪᠢᠴᠢᠭ ᠵᠢᠡᠷ ᠬᠦᠰᠡᠯ ᠡᠷᠡᠮᠡᠯᠵᠡᠯ᠎ᠢᠶᠡᠨ ᠬᠥᠮᠥᠵᠢᠭᠦᠯᠦᠶ᠎ᠡ》 ᠭᠡᠬᠦ ᠭᠣᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠵᠦ᠂ ᠲᠣᠭᠠᠨ᠎ᠤ ᠤᠬᠠᠭᠠᠨ᠎ᠤ ᠰᠣᠶᠣᠯ᠎ᠢ ᠪᠠᠳᠠᠷᠠᠭᠤᠯᠤᠨ᠂ ᠰᠢᠨᠵᠢᠯᠡᠭᠡᠨ᠎ᠦ ᠰᠠᠯᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠳ᠋ᠤ ᠬᠦᠴᠦᠨ ᠨᠡᠮᠡᠷᠢᠯᠡᠪᠡ᠃

ᠲᠤᠰ ᠠᠵᠢᠯᠯᠠᠭ᠎ᠠ᠎ᠶᠢ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠨᠡᠢᠭᠡᠮᠯᠢᠭ᠎ᠦᠨ ᠲᠣᠭᠠᠨ᠎ᠤ ᠤᠬᠠᠭᠠᠨ᠎ᠤ ᠲᠡᠦᠬᠡ᠎ᠶᠢᠨ ᠬᠤᠪᠢᠶᠠᠷᠢ ᠨᠡᠢᠭᠡᠮᠯᠢᠭ᠂ ᠲᠣᠭᠠᠨ᠎ᠤ ᠤᠬᠠᠭᠠᠨ᠎ᠤ ᠰᠤᠷᠭᠠᠨ ᠬᠥᠮᠦᠵᠢᠯ᠎ᠦᠨ ᠬᠤᠪᠢᠶᠠᠷᠢ ᠨᠡᠢᠭᠡᠮᠯᠢᠭ᠂ ᠳᠤᠭᠠᠨ᠎ᠤ ᠤᠬᠠᠭᠠᠨ᠎ᠤ ᠰᠤᠷᠭᠠᠨ ᠬᠦᠮᠦᠵᠢᠯ᠎ᠤᠨ ᠠᠵᠢᠯ᠎ᠤᠨ ᠨᠡᠢᠬᠡᠮᠯᠢᠭ ᠡᠴᠡ ᠭᠤᠤᠯᠯᠠᠨ ᠡᠷᠬᠢᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠠᠵᠢᠯᠯᠠᠭ᠎ᠠ ᠳ᠋ᠤ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠬᠢᠴᠢᠶᠡᠯ᠎ᠦᠨ ᠪᠢᠴᠢᠭ᠎ᠦᠨ ᠣᠨᠴᠠᠭᠠᠶ ᠦᠵᠡᠭᠦᠯᠭᠡ ᠵᠢᠴᠢ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠠᠵᠢᠯᠯᠠᠭ᠎ᠠ᠎ᠶᠢ ᠳᠠᠭᠠᠭᠠᠴᠢᠯᠠᠨ ᠡᠷᠭᠢᠯᠡᠵᠦ᠂ ᠲᠣᠭᠠᠨ᠎ᠤ ᠤᠬᠠᠭᠠᠨ᠎ᠤ ᠬᠢᠴᠢᠶᠡᠯ᠎ᠦᠨ ᠪᠢᠴᠢᠭ ᠲᠤ᠌ ᠰᠠᠭᠤᠷᠢᠯᠠᠨ᠂ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠰᠤᠷᠭᠠᠨ ᠬᠥᠮᠦᠵᠢᠯ᠎ᠦᠨ ᠠᠶᠠᠨ ᠵᠠᠮ᠎ᠢ ᠡᠷᠭᠢᠴᠡᠭᠦᠯᠵᠦ᠂ ᠲᠣᠭᠠᠨ᠎ᠤ ᠤᠬᠠᠭᠠᠨ᠎ᠤ ᠰᠠᠭᠤᠷᠢ ᠰᠤᠷᠭᠠᠨ ᠬᠥᠮᠦᠵᠢᠯ᠂ ᠴᠢᠳᠠᠪᠤᠷᠢᠲᠠᠨ᠎ᠢ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠳᠤᠮᠳᠠᠬᠢ ᠵᠠᠩᠭᠢᠯᠠᠭ᠎ᠠ᠎ᠶᠢᠨ ᠬᠦᠴᠦᠨ᠎ᠢ ᠠᠮᠢᠳᠤᠯᠢᠭ᠋᠎ᠢᠶᠠᠷ ᠲᠠᠢᠯᠪᠤᠷᠢᠯᠠᠭᠰᠠᠨ ᠪᠠᠢᠨ᠎ᠠ᠃ ᠦᠵᠡᠬᠦᠯᠬᠡ ᠳ᠋ᠤ ᠦᠶᠡᠦᠶᠠ ᠵᠢᠨ ᠤᠯᠠᠮᠵᠢᠯᠠᠯ᠂ ᠠᠭᠤᠰᠤᠯᠴᠠᠭᠤᠯᠤᠨ ᠰᠢᠨ᠎ᠡ᠎ᠶᠢ ᠡᠭᠦᠳᠬᠦ ᠪᠠ ᠣᠴᠢ᠎ᠶᠢᠨ ᠭᠠᠯ ᠦᠰᠦᠷᠦᠨ ᠠᠭᠤᠯᠠ ᠰᠢᠲᠠᠭᠠᠬᠤ ᠵᠡᠷᠭᠡ 4 ᠬᠡᠰᠡᠭ ᠲᠣᠬᠢᠷᠠᠭᠤᠯᠵᠤ᠂ ᠬᠠᠭᠤᠴᠢᠷᠠᠵᠤ ᠰᠢᠷᠠᠯᠠᠭᠰᠠᠨ ᠨᠣᠮ ᠪᠢᠴᠢᠭ ᠨᠢ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠰᠤᠷᠭᠠᠨ ᠬᠥᠮᠦᠵᠢᠯ᠎ᠦᠨ ᠮᠢᠩᠭᠠᠨ ᠣᠨ᠎ᠤ ᠵᠢᠷᠤᠭ ᠳᠦᠷᠰᠦ᠎ᠶᠢ ᠠᠮᠢᠳᠤᠯᠢᠭ᠋᠎ᠢᠶᠠᠷ ᠳᠡᠯᠭᠡᠨ ᠦᠵᠡᠭᠦᠯᠵᠦ᠂ ᠲᠣᠭᠠᠨ᠎ᠤ ᠤᠬᠠᠭᠠᠨ᠎ᠤ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠳᠠᠬᠢ ᠰᠠᠭᠤᠷᠢ ᠦᠢᠯᠡᠳᠦᠯ᠎ᠢ ᠳᠡᠯᠭᠡᠨ ᠦᠵᠡᠭᠦᠯᠵᠦ᠂ ᠲᠤᠬᠠᠢ᠎ᠶᠢᠨ ᠲᠠᠯᠠᠪᠤᠷ᠎ᠤᠨ ᠦᠵᠡᠭᠴᠢᠳ ᠲᠤ᠌ ᠬᠦᠨ ᠲᠦᠷᠦᠭᠳᠡᠯ ᠤᠯᠭᠤᠵᠠᠢ᠃
ᠡᠷᠳᠡᠮ ᠰᠢᠨᠵᠢᠯᠡᠭᠡᠨ᠎ᠦ ᠮᠡᠳᠡᠭᠦᠯᠦᠯᠲᠡ᠎ᠶᠢᠨ ᠭᠣᠭᠴᠣᠭ᠎ᠠ᠎ᠳᠤ᠂ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠨᠡᠢᠭᠡᠮᠯᠢᠭ᠎ᠦᠨ ᠳᠡᠳ᠋ ᠨᠠᠷᠢᠨ ᠪᠢᠴᠢᠭ᠎ᠦᠨ ᠳᠠᠷᠤᠭ᠎ᠠ ᠬᠤᠸᠠᠩ ᠯᠧᠢ 《ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠨᠡᠢᠭᠡᠮᠯᠢᠭ᠎ᠦᠨ ᠶᠡᠷᠡᠨ ᠵᠢᠯ᠎ᠦᠨ ᠤᠢ᠎ᠶᠢᠨ ᠵᠢᠷᠤᠭᠲᠤ ᠳᠡᠪᠲᠡᠷ᠎ᠢ ᠨᠠᠢᠷᠠᠭᠤᠯᠤᠨ ᠪᠢᠴᠢᠭᠰᠡᠨ ᠮᠡᠳᠡᠭᠦᠯᠦᠯᠲᠡ》 ᠭᠡᠬᠦ ᠰᠡᠳᠦᠪ᠎ᠢᠶᠡᠷ ᠳᠤᠮᠳᠠᠳᠤ ᠤᠯᠤᠰ᠎ᠤᠨ ᠲᠣᠭᠠᠨ᠎ᠤ ᠤᠬᠠᠭᠠᠨ᠎ᠤ ᠨᠡᠢᠭᠡᠮᠯᠢᠭ᠎ᠦᠨ ᠶᠡᠷᠡᠨ ᠵᠢᠯ᠎ᠦᠨ ᠲᠤᠷᠰᠢᠬᠢ ᠲᠣᠭᠠᠨ᠎ᠤ ᠤᠬᠠᠭᠠᠨ᠎ᠤ ᠠᠵᠢᠯᠲᠠᠳ᠎ᠲᠠᠢ ᠪᠦᠯᠬᠦᠮᠳᠡᠵᠦ᠂ ᠰᠢᠨᠵᠢᠯᠡᠭᠡᠨ᠎ᠦ ᠰᠠᠯᠠᠭ᠎ᠠ᠎ᠶᠢᠨ ᠬᠥᠭᠵᠢᠯᠲᠡ᠎ᠶᠢ ᠠᠬᠢᠭᠤᠯᠤᠭᠰᠠᠨ ᠭᠡᠷᠡᠯ ᠰᠠᠴᠤᠷᠠᠩᠭᠤᠢ ᠲᠡᠦᠬᠡ ᠵᠢ ᠲᠠᠢᠯᠪᠤᠷᠢᠯᠠᠵᠠᠢ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠡᠦᠬᠡ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠹᠧᠩ ᠯᠢ ᠱᠧᠩ 《ᠲᠣᠭᠠᠨ᠎ᠤ ᠤᠬᠠᠭᠠᠨ᠎ᠤ ᠲᠡᠦᠬᠡ᠎ᠶᠢᠨ ᠰᠤᠷᠪᠤᠯᠵᠢ ᠪᠢᠴᠢᠭ᠎ᠦᠨ ᠪᠠᠢᠭᠤᠯᠤᠯᠲᠠ᠎ᠶᠢᠨ ᠵᠠᠮ — ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠪᠠᠷ ᠡᠰᠢᠯᠡᠬᠦ ᠨᠢ》 ᠭᠡᠬᠦ ᠰᠡᠳᠦᠪ᠎ᠢᠶᠡᠷ ᠮᠡᠳᠡᠭᠦᠯᠦᠯᠲᠡ ᠬᠢᠵᠦ᠂ ᠲᠣᠰ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠲᠡᠦᠬᠡ᠎ᠶᠢᠨ ᠰᠤᠷᠪᠤᠯᠵᠢ ᠪᠢᠴᠢᠭ᠎ᠢ ᠬᠠᠳᠠᠭᠠᠯᠠᠬᠤ᠂ ᠡᠮᠬᠢᠳᠬᠡᠬᠦ ᠪᠠ ᠰᠤᠳᠤᠯᠬᠤ ᠲᠠᠯ᠎ᠠ᠎ᠪᠠᠷ ᠬᠢ ᠣᠷᠳᠣ᠌ ᠬᠤᠭᠤᠴᠠᠭᠠᠨ᠎ᠤ ᠴᠢᠷᠮᠠᠢᠯᠭ᠎ᠠ ᠪᠠ ᠣᠨᠴᠠᠯᠢᠭ᠍ᠲᠤ ᠦᠷ᠎ᠡ ᠪᠦᠲᠦᠭᠡᠯ᠎ᠢ ᠨᠠᠷᠢᠨ ᠨᠢᠮᠪᠠᠢ ᠲᠠᠢᠯᠪᠤᠷᠢᠯᠠᠪᠠ᠃ ᠠᠷᠠᠳ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠶᠢᠨ ᠪᠠᠭ᠎ᠠ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠨᠠᠢᠷᠠᠭᠤᠯᠬᠤ ᠲᠠᠰᠤᠭ᠎ᠤᠨ ᠡᠷᠬᠢᠯᠡᠭᠴᠢ ᠦ᠋ ᠯᠢ ᠪᠦᠦ 《ᠰᠢᠨ᠎ᠡ ᠵᠠᠭᠤᠨ᠎ᠠᠴᠠ ᠨᠠᠭᠠᠰᠢᠬᠢ ᠮᠠᠨ᠎ᠤ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠵᠢᠭᠠᠬᠤ ᠮᠠᠲᠧᠷᠢᠶᠠᠯ᠎ᠤᠨ ᠰᠤᠳᠤᠯᠭᠠᠨ᠎ᠤ ᠬᠠᠯᠠᠮᠰᠢᠯ ᠴᠡᠭ᠂ ᠬᠤᠪᠢᠰᠤᠯᠲᠠ ᠪᠠ ᠪᠠᠷᠠᠯᠠᠯ》 ᠭᠡᠬᠦ ᠰᠡᠳᠦᠪ᠎ᠢᠶᠡᠷ ᠡᠷᠳᠡᠮ ᠰᠢᠨᠵᠢᠯᠡᠭᠡᠨ᠎ᠦ ᠮᠡᠳᠡᠭᠦᠯᠦᠯᠲᠡ ᠬᠢᠵᠦ᠂ ᠣᠢᠷ᠎ᠠ᠎ᠶᠢᠨ ᠵᠢᠯ᠎ᠦᠨ ᠲᠤᠷᠰᠢᠬᠢ ᠳᠤᠮᠳᠠᠳᠤ ᠪᠠᠭ᠎ᠠ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠵᠢᠭᠠᠬᠤ ᠮᠠᠲᠧᠷᠢᠶᠠᠯ᠎ᠤᠨ ᠰᠤᠳᠤᠯᠭᠠᠨ᠎ᠤ ᠶᠡᠷᠦᠩᠬᠡᠢ ᠬᠠᠨᠳᠤᠰᠢ᠂ ᠭᠣᠣᠯ ᠬᠠᠯᠠᠮᠰᠢᠯ ᠴᠡᠭ ᠪᠣᠯᠣᠨ ᠬᠣᠰᠢᠭᠤᠷᠠᠯ ᠪᠠᠢᠳᠠᠯ᠎ᠢ ᠰᠢᠰᠲᠧᠮ᠎ᠲᠠᠢ ᠡᠮᠬᠢᠯᠡᠵᠦ᠂ ᠢᠷᠡᠭᠡᠳᠦᠢ᠎ᠶᠢᠨ ᠰᠤᠳᠤᠯᠭᠠᠨ᠎ᠤ ᠴᠢᠭᠯᠡᠯ᠎ᠳᠦ ᠪᠠᠷᠠᠯᠬᠢᠯᠠᠯ᠎ᠤᠨ ᠴᠢᠨᠠᠷᠲᠠᠢ ᠰᠠᠨᠠᠭᠤᠯᠭ᠎ᠠ ᠳᠤᠷᠠᠳᠴᠠᠢ᠃
ᠲᠣᠰ ᠤᠳᠠᠭᠠᠨ᠎ᠤ ᠠᠵᠢᠯᠯᠠᠭ᠎ᠠ ᠨᠢ ᠬᠣᠪᠣᠷ ᠨᠠᠨᠳᠢᠨ ᠬᠢᠴᠢᠶᠡᠯ᠎ᠦᠨ ᠪᠢᠴᠢᠭ᠎ᠦᠨ ᠦᠵᠡᠭᠦᠯᠭᠡ ᠪᠠ ᠥᠨᠳᠥᠷ ᠬᠢᠷᠢ ᠲᠦᠪᠰᠢᠨ ᠪᠦᠬᠦᠢ ᠡᠷᠳᠡᠮ ᠰᠢᠨᠵᠢᠯᠡᠭᠡᠨ᠎ᠦ ᠰᠣᠯᠢᠯᠴᠠᠭ᠎ᠠ᠎ᠪᠠᠷ ᠳᠠᠮᠵᠢᠭᠤᠯᠤᠨ᠂ 《ᠡᠷᠲᠡ ᠡᠳᠦᠭᠡ᠎ᠶᠢᠨ ᠳᠤᠭᠠᠨ᠎ᠤ ᠤᠬᠠᠭᠠᠨ᠎ᠤ ᠪᠢᠴᠢᠭ᠎ᠢ ᠤᠢᠯᠠᠭᠠᠵᠤ ᠨᠤᠮ ᠪᠢᠴᠢᠭ ᠵᠢᠡᠷ ᠬᠦᠰᠡᠯ ᠡᠷᠡᠮᠡᠯᠵᠡᠯ᠎ᠢᠶᠡᠨ ᠬᠥᠮᠥᠵᠢᠭᠦᠯᠦᠶ᠎ᠡ》 ᠭᠡᠬᠦ ᠭᠦᠨᠵᠡᠭᠡᠢ ᠭᠣᠣᠯ ᠰᠡᠳᠦᠪ᠎ᠢ ᠠᠮᠢᠳᠤᠯᠢᠭ᠋᠎ᠢᠶᠠᠷ ᠲᠠᠢᠯᠪᠤᠷᠢᠯᠠᠭᠰᠠᠨ᠎ᠢᠶᠠᠷ ᠪᠠᠷᠠᠬᠤ ᠦᠭᠡᠢ᠂ ᠲᠣᠭᠠᠨ᠎ᠤ ᠤᠬᠠᠭᠠᠨ᠎ᠤ ᠲᠡᠦᠬᠡ ᠪᠠ ᠲᠣᠭᠠᠨ᠎ᠤ ᠤᠬᠠᠭᠠᠨ᠎ᠤ ᠰᠤᠷᠭᠠᠨ ᠬᠥᠮᠦᠵᠢᠯ ᠭᠡᠬᠦ ᠬᠣᠶᠠᠷ ᠰᠢᠨᠵᠢᠯᠡᠭᠡᠨ᠎ᠦ ᠰᠠᠯᠠᠭ᠎ᠠ᠎ᠶᠢᠨ ᠶᠠᠷᠢᠯᠴᠠᠭ᠎ᠠ ᠪᠠ ᠠᠭᠤᠰᠤᠯᠴᠠᠯ᠎ᠢ ᠨᠠᠩ ᠬᠦᠴᠦᠲᠡᠢ ᠠᠬᠢᠭᠤᠯᠵᠤ᠂ ᠣᠯᠠᠨ ᠨᠡᠶ᠋ᠢᠲᠡ᠎ᠶᠢᠨ ᠲᠣᠭᠠᠨ᠎ᠤ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠲᠣᠭᠠᠨ᠎ᠤ ᠤᠬᠠᠭᠠᠨ᠎ᠤ ᠰᠣᠶᠣᠯ᠎ᠤᠨ ᠤᠯᠠᠮᠵᠢᠯᠠᠯ ᠪᠠ ᠰᠢᠨ᠎ᠡ ᠡᠭᠦᠳᠦᠯᠲᠡ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃