《83 ᠵᠢᠯ᠎ᠦᠨ ᠡᠮᠦᠨᠡᠬᠢ ᠡᠨᠡ ᠡᠳᠦᠷ 82 ᠪᠠᠢᠯᠳᠤᠭ᠍ᠴᠢ ᠴᠥᠮ ᠪᠠᠭᠠᠲᠤᠷᠯᠢᠭ᠋᠎ᠢᠶᠠᠷ ᠪᠡᠶ᠎ᠡ ᠦᠷᠡᠭᠳᠡᠵᠡᠢ᠃ ᠲᠡᠳᠡᠨ᠎ᠦ ᠠᠷᠢᠭᠤᠨ ᠴᠢᠰᠤ ᠯᠢᠦ ᠯᠣᠣ ᠵᠤᠸᠠᠩ ᠳᠤᠰᠬᠤᠨ᠎ᠤ ᠬᠦᠷᠦᠰᠦ ᠰᠢᠷᠣᠢ᠎ᠶᠢ ᠪᠤᠳᠤᠬᠯᠠᠪᠠ ᠁》 3 ᠰᠠᠷ᠎ᠠ᠎ᠶᠢᠨ 18᠎ᠤ᠋ ᠦᠳᠡ᠎ᠶᠢᠨ ᠬᠣᠢᠨ᠎ᠠ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶᠢᠨ 《ᠴᠠᠭ ᠦᠶ᠎ᠡ᠎ᠶᠢᠨ ᠥᠯᠢᠭᠡᠷ ᠵᠢᠱ᠌ᠢᠶᠡᠴᠢ ᠵᠢᠨ ᠣᠷᠳᠣ᠌ ᠬᠣᠩᠭᠢᠯ》 ᠳ᠋ᠡᠬᠢ ᠨᠢᠬᠡᠨ ᠪᠠᠭᠰᠢ ᠵᠢᠨ ᠰᠡᠳᠬᠢᠯ ᠳᠤᠭᠳᠤᠯᠤᠭᠤᠯᠤᠮ᠎ᠠ ᠶᠠᠷᠢᠶ᠎ᠠ ᠨᠢ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠂ ᠬᠥᠬᠡᠬᠣᠲᠠ᠎ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠬᠦᠬᠡᠬᠤᠳᠠ᠎ᠶᠢᠨ ᠪᠧᠢ ᠶᠤᠸᠠᠨ ᠪᠠᠭ᠎ᠠ ᠰᠤᠷᠭᠠᠭᠤᠯᠢ᠎ᠶᠢᠨ ᠭᠦᠩᠵᠦ᠎ᠶᠢᠨ ᠣᠷᠳᠣᠨ᠎ᠤ ᠰᠤᠷᠭᠠᠭᠤᠯᠢ᠎ᠶᠢᠨ ᠲᠣᠭᠣᠷᠢᠭ᠋᠎ᠤᠨ ᠵᠠᠭᠤ ᠰᠢᠬᠠᠮ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠲᠥᠯᠥᠭᠡᠯᠡᠭᠴᠢ᠎ᠶᠢ ᠳᠡᠷᠡ ᠬᠦ᠌ ᠲᠡᠶ᠋ᠢᠨ᠎ᠦ ᠭᠠᠯ ᠳᠦᠷᠡᠯᠵᠡᠭᠰᠡᠨ ᠴᠠᠭ ᠦᠶ᠎ᠡ᠎ᠳᠦ ᠠᠪᠠᠴᠢᠭᠰᠠᠨ ᠰᠢᠭ᠋ ᠪᠠᠢᠯ᠎ᠠ᠃
ᠯᠢᠦ ᠯᠣᠣ ᠵᠤᠸᠠᠩ ᠳᠤᠰᠬᠤᠨ᠎ᠤ 82 ᠦᠷᠡᠭᠳᠡᠭᠰᠡᠨ ᠪᠠᠭᠠᠲᠤᠷᠴᠤᠳ᠎ᠤᠨ ᠦᠵᠡᠭᠦᠯᠭᠡ᠎ᠶᠢᠨ ᠰᠠᠮᠪᠠᠷ᠎ᠠ᠎ᠶᠢᠨ ᠡᠮᠦᠨ᠎ᠡ᠂ 《ᠲᠠᠳᠠ ᠠᠮᠢ ᠨᠠᠰᠤ᠎ᠪᠠᠷ᠎ᠢᠶᠠᠨ ᠵᠢᠭ᠍ᠰᠠᠭᠠᠯ᠎ᠤᠨ ᠭᠠᠵᠠᠷ᠎ᠢᠶᠠᠨ ᠰᠠᠬᠢᠵᠤ᠂ ᠠᠷᠤ ᠲᠠᠯ᠎ᠠ᠎ᠳᠠᠬᠢ ᠨᠤᠲᠤᠭ᠎ᠤᠨ ᠠᠬ᠎ᠠ ᠳᠡᠭᠦᠦ ᠨᠠᠷ᠎ᠢᠶᠡᠨ ᠰᠠᠬᠢᠨ ᠬᠠᠮᠠᠭᠠᠯᠠᠭᠰᠠᠨ》 ᠬᠡᠵᠦ ᠪᠠᠭᠰᠢ ᠵᠢᠨ ᠬᠦᠨᠳᠦᠳᠬᠡᠨ ᠶᠠᠷᠢᠬᠤ ᠵᠢ ᠰᠤᠨᠤᠰᠤᠭᠰᠠᠨ ᠰᠤᠷᠤᠭᠴᠢᠳ ᠨᠠᠮ ᠵᠢᠮᠬᠡᠨ ᠪᠤᠯᠵᠤ᠂ ᠵᠠᠷᠢᠮ᠎ᠤᠨ ᠬᠢᠨᠢ ᠨᠢᠳᠤᠨ ᠵᠠᠢᠷᠳᠤᠨ᠎ᠠ᠃

ᠦᠨᠭᠭᠡᠷᠡᠭᠰᠡᠨ ᠲᠡᠦᠬᠡ ᠵᠢ ᠡᠷᠭᠢᠴᠡᠭᠦᠯᠦᠨ᠎ᠡ
ᠡᠨᠡ ᠡᠳᠦᠷ ᠪᠤᠯ ᠶᠡᠷᠦᠩᠬᠡᠢ ᠱᠦᠵᠢ ᠰᠢ᠎ᠶᠢᠨ ᠫᠢᠩ᠎ᠤᠨ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠣᠨᠣᠯ᠎ᠤᠨ ᠬᠢᠴᠢᠶᠡᠯ᠎ᠦᠨ ᠪᠠᠭ᠍ᠰᠢ ᠨᠠᠷ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠭ᠍ᠰᠠᠨ ᠳᠤᠯᠤ᠎ᠳᠡᠬᠢ ᠵᠢᠯ᠎ᠦᠨ ᠣᠨᠴᠠᠭᠠᠶ ᠡᠳᠦᠷ ᠪᠤᠯᠤᠨ᠎ᠠ᠃ ᠡᠢᠨᠬᠦ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠣᠭᠴᠠᠯᠠᠬᠤᠬᠦᠮᠦᠵᠢᠯᠢ ᠴᠢᠩᠭᠠᠳᠬᠠᠬᠤ ᠵᠢ ᠵᠤᠷᠢᠭᠰᠠᠨ 《ᠲᠤᠬᠠᠢ᠎ᠶᠢᠨ ᠳᠠᠯᠠᠪᠠᠢ ᠳ᠋ᠤ ᠰᠤᠳᠤᠯᠤᠨ ᠰᠤᠷᠤᠯᠴᠠᠬᠤ + ᠬᠢᠴᠢᠶᠡᠯ᠎ᠦᠨ ᠲᠠᠩᠬᠢᠮ᠎ᠤᠨ ᠦᠵᠡᠭᠦᠯᠭᠡ》 ᠵᠢᠨ ᠠᠵᠢᠯᠯᠠᠭ᠎ᠠ ᠡᠨᠳᠡ ᠶᠠᠪᠤᠭᠳᠠᠭᠰᠠᠨ ᠶᠤᠮ᠃ ᠪᠠᠭ᠎ᠠ ᠰᠤᠷᠭᠠᠭᠤᠯᠢ᠎ᠶᠢᠨ ᠬᠢᠴᠢᠶᠡᠯ᠎ᠦᠨ ᠲᠠᠩᠬᠢᠮ᠎ᠠᠴᠠ ᠶᠡᠬᠡ ᠰᠤᠷᠭᠠᠭᠤᠯᠢ᠎ᠶᠢᠨ ᠬᠦᠷᠢᠶ᠎ᠡ ᠬᠦᠷᠲᠡᠯ᠎ᠡ ᠪᠠᠭ᠍ᠰᠢ ᠰᠤᠷᠤᠭ᠍ᠴᠢᠳ ᠠᠶᠠᠯᠠᠨ ᠰᠤᠷᠤᠯᠴᠠᠬᠤ ᠳᠤᠮᠳᠠ ᠪᠠᠨ ᠦᠯᠢᠭᠡᠷ ᠵᠢᠱ᠌ᠢᠶᠡᠴᠢ ᠵᠢᠨ ᠦᠯᠢᠭᠡᠷ᠎ᠢ ᠰᠣᠨᠣᠰᠴᠤ᠂ ᠢᠳᠡᠬᠡᠯ ᠪᠢᠰᠢᠷᠡᠯ ᠵᠢᠡᠨ ᠪᠠᠳᠤᠳᠬᠠᠯᠠ᠃

ᠪᠠᠭᠠᠲᠤᠷᠴᠤᠳ᠎ᠤᠨ ᠦᠯᠢᠭᠡᠷ᠎ᠢ ᠶᠠᠷᠢᠨ᠎ᠡ
ᠳᠤᠬᠠᠢ ᠵᠢᠨ ᠳᠠᠯᠠᠪᠠᠢ ᠵᠢᠨ ᠰᠤᠳᠤᠯᠤᠨ ᠰᠤᠷᠤᠯᠴᠠᠬᠤ ᠬᠢᠴᠢᠶᠡᠯ ᠳᠠᠭᠤᠰᠤᠭᠰᠠᠨ᠎ᠤ ᠳᠠᠷᠠᠭ᠎ᠠ᠂ ᠠᠵᠢᠯᠯᠠᠭ᠎ᠠ ᠨᠢ ᠬᠡᠷ ᠳᠣᠲᠣᠷᠠᠬᠢ ᠬᠢᠴᠢᠶᠡᠯ᠎ᠦᠨ ᠲᠠᠩᠬᠢᠮ᠎ᠳᠤ ᠰᠢᠯᠵᠢᠪᠠ᠃ ᠡᠨᠳᠡ 《ᠦᠯᠢᠭᠡᠷ ᠳᠠᠭᠤᠷᠢᠶᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠶᠠ》 ᠭᠣᠣᠯ ᠰᠡᠳᠦᠪᠳᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠵᠢᠭᠠᠨ ᠰᠤᠷᠭᠠᠯᠲᠠ᠎ᠶᠢᠨ ᠦᠵᠡᠭᠦᠯᠭᠡ ᠵᠢᠨ ᠬᠢᠴᠢᠶᠡᠯ ᠪᠤᠯᠤᠯ᠎ᠠ᠃ ᠪᠠᠭ᠎ᠠ ᠰᠤᠷᠭᠠᠭᠤᠯᠢ ᠵᠢᠨ ᠪᠠᠭᠰᠢ ᠡᠴᠡ ᠠᠬᠤᠢ ᠪᠠᠢᠳᠠᠯ ᠳᠠᠢ ᠤᠶᠠᠯᠳᠤᠭᠤᠯᠵᠤ ᠪᠠᠭᠠᠳᠤᠷᠴᠤᠳ᠎ᠤᠨ ᠦᠯᠢᠬᠡᠷ᠎ᠢ ᠠᠮᠢᠳᠤᠯᠢᠭ ᠰᠠᠢᠬᠠᠨ ᠶᠠᠷᠢᠭᠰᠠᠨ ᠪᠤᠯ ᠳᠤᠮᠳᠠᠳᠤ ᠰᠤᠷᠭᠠᠭᠤᠯᠢ ᠵᠢᠨ ᠪᠠᠭᠰᠢ ᠡᠴᠡ ᠦᠯᠢᠬᠡᠷ ᠵᠢᠱ᠌ᠢᠶᠡᠴᠢ ᠵᠢᠨ ᠦᠢᠯᠡ ᠠᠵᠢᠯᠯᠠᠭ᠎ᠠ ᠳᠠᠢ ᠤᠶᠠᠯᠳᠤᠭᠤᠯᠵᠤ ᠰᠢᠨ᠎ᠡ ᠴᠠᠭ ᠦᠶ᠎ᠠ ᠳ᠋ᠤ ᠤᠭ ᠰᠠᠨᠠᠭ᠎ᠠ ᠪᠠᠨ ᠬᠡᠷᠬᠢᠨ ᠦᠢᠯᠡᠳᠦᠯᠬᠡᠵᠢᠬᠦᠯᠬᠦ ᠳᠤᠬᠠᠢ ᠰᠤᠷᠤᠭᠴᠢᠳ᠎ᠢ ᠰᠡᠳᠬᠢᠬᠦᠯᠵᠦ᠂ ᠶᠡᠬᠡ ᠰᠤᠷᠭᠠᠭᠤᠯᠢ᠎ᠶᠢᠨ ᠪᠠᠭ᠍ᠰᠢ ᠡᠴᠡ ᠵᠠᠭᠤᠨ ᠵᠢᠯ᠎ᠦᠨ ᠨᠠᠮ᠎ᠤᠨ ᠲᠡᠦᠬᠡ᠎ᠲᠠᠢ ᠤᠶᠠᠯᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠡᠦᠬᠡ᠎ᠶᠢᠨ ᠯᠣᠭᠢᠭ᠋᠎ᠢ ᠭᠦᠨᠵᠡᠭᠡᠢ ᠲᠠᠢᠯᠪᠤᠷᠢᠯᠠᠪᠠ᠃ ᠭᠤᠷᠪᠠᠨ ᠬᠢᠴᠢᠶᠡᠯ ᠱᠠᠲᠤ ᠱᠠᠲᠤ᠎ᠪᠠᠷ ᠬᠦᠨᠵᠡᠬᠡᠢᠷᠡᠨ᠂ ᠰᠤᠷᠤᠭᠴᠢᠳ᠎ᠤᠨ ᠳᠤᠷ᠎ᠠ ᠰᠤᠨᠢᠷᠬᠠᠯ᠎ᠢ ᠳᠠᠳᠠᠵᠤ᠂ ᠶᠤᠰᠤ ᠰᠤᠷᠳᠠᠬᠤᠨ᠎ᠤ ᠰᠡᠩᠬᠡᠷᠡᠬᠦᠯᠬᠦ ᠬᠦᠮᠦᠵᠢᠯ ᠪᠠ ᠴᠠᠭ ᠦᠶ᠎ᠠ ᠵᠢᠨ ᠡᠬᠦᠷᠬᠡ ᠬᠠᠷᠢᠭᠤᠴᠠᠯᠭ᠎ᠠ ᠵᠢᠨ ᠬᠦᠮᠦᠵᠢᠯ᠎ᠢ ᠤᠷᠭᠠᠨᠢᠭ ᠰᠠᠢᠬᠠᠨ ᠤᠶᠠᠯᠳᠤᠭᠤᠯᠵᠠᠢ᠃

ᠥᠯᠢᠭᠡᠷ ᠵᠢᠱ᠌ᠢᠶᠡᠴᠢ ᠵᠢᠨ ᠦᠯᠢᠭᠡᠷ᠎ᠢ ᠰᠤᠨᠤᠰᠤᠨ᠎ᠠ
ᠲᠣᠰ ᠤᠳᠠᠭᠠᠨ᠎ᠤ ᠠᠵᠢᠯᠯᠠᠭ᠎ᠠ᠎ᠶᠢᠨ 《ᠲᠤᠬᠠᠢ᠎ᠶᠢᠨ ᠲᠠᠯᠠᠪᠤᠷ᠎ᠲᠤ ᠰᠤᠳᠤᠯᠤᠨ ᠰᠤᠷᠤᠯᠴᠠᠬᠤ + ᠬᠢᠴᠢᠶᠡᠯ᠎ᠦᠨ ᠲᠠᠩᠬᠢᠮ᠎ᠤᠨ ᠦᠵᠡᠭᠦᠯᠭᠡ》 ᠵᠢ ᠤᠶᠠᠯᠳᠤᠭᠤᠯᠬᠤ ᠬᠡᠯᠪᠡᠷᠢ᠎ᠨᠢ ᠰᠤᠷᠤᠯᠭ᠎ᠠ᠎ᠶᠢᠨ ᠱᠠᠳᠤᠨ᠎ᠤ ᠪᠡᠬᠢᠯᠡᠯᠲᠡ᠎ᠶᠢ ᠡᠪᠳᠡᠵᠦ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠲᠠᠩᠬᠢᠮ᠎ᠢ ᠰᠤᠷᠭᠠᠨ ᠬᠥᠮᠦᠵᠢᠯ᠎ᠦᠨ ᠰᠠᠭᠤᠷᠢᠨ ᠳ᠋ᠤ ᠨᠡᠬᠦᠯᠬᠡᠭᠰᠡᠨ ᠪᠠᠢᠨ᠎ᠠ᠃ 《ᠡᠨᠡ ᠬᠦ᠌ 〈3·18〉᠎ᠤ᠋ ᠴᠢᠬᠤᠯᠠ ᠶᠠᠷᠢᠶ᠎ᠠ ᠳᠠᠯᠪᠢᠭᠰᠠᠨ ᠳᠤᠯᠤᠭᠠᠨ ᠵᠢᠯ᠎ᠤᠨ ᠣᠶ ᠶ᠋ᠢ ᠳᠤᠷᠠᠰᠬᠠᠬᠤ ᠠᠵᠢᠯᠯᠠᠭ᠎ᠠ ᠪᠤᠯ ᠨᠢᠬᠡᠨ ᠤᠳᠠᠭ᠎ᠠ ᠵᠢᠨ ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ ᠵᠢᠨ ᠬᠠᠮ ᠬᠢᠴᠢᠶᠡᠯ ᠮᠦᠨ》 ᠬᠡᠵᠦ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠵᠣᠣ ᠮᠧᠶ ᠯᠠᠨ ᠶᠠᠷᠢᠨ᠎ᠠ᠃
ᠡᠨᠡ ᠤᠳᠠᠭ᠎ᠠ ᠵᠢᠨ ᠬᠢᠴᠢᠶᠡᠯ ᠨᠢ ᠵᠠᠯᠠᠭᠤᠴᠤᠳ ᠪᠠᠭᠠᠴᠤᠳ ᠲᠸ᠋ ᠠᠶᠠᠯᠠᠨ ᠰᠤᠷᠤᠯᠴᠠᠬᠤ ᠳᠤᠮᠳᠠ ᠲᠡᠦᠬᠡ᠎ᠶᠢ ᠣᠢᠯᠠᠭᠠᠭᠤᠯᠵᠤ᠂ ᠠᠰᠠᠭᠤᠨ ᠮᠠᠷᠭᠤᠯᠳᠤᠬᠤ ᠳᠤᠮᠳᠠ ᠢᠷᠡᠬᠡᠳᠦᠢ ᠵᠢᠨ ᠳᠤᠬᠠᠢ ᠰᠡᠳᠬᠢᠬᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠢ ᠰᠤᠷᠤᠭᠴᠢᠳ᠎ᠤᠨ ᠰᠡᠳᠬᠢᠯᠳ᠋ᠡᠭᠡᠨ ᠬᠠᠳᠠᠩᠰᠢᠭᠤᠯᠤᠨ ᠦᠢᠯᠡ ᠠᠵᠢᠯᠯᠠᠭ᠎ᠠ ᠳ᠋ᠠᠭᠠᠨ ᠦᠢᠯᠡᠳᠦᠯᠬᠡᠵᠢᠬᠦᠯᠬᠦ ᠵᠢ ᠬᠦᠳᠦᠯᠦᠨ ᠵᠢᠯᠤᠭᠤᠳᠤᠭᠰᠠᠨ ᠪᠠᠢᠨ᠎ᠠ᠃ ᠪᠠᠰᠠ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭ᠍ᠰᠢ ᠨᠠᠷ᠎ᠲᠤ ᠰᠣᠯᠢᠯᠴᠠᠨ ᠬᠠᠮᠵᠢᠯᠴᠠᠬᠤ ᠲᠠᠪᠴᠠᠩ ᠪᠠᠢᠭᠤᠯᠤᠨ ᠥᠭᠴᠦ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠡᠬᠢ ᠪᠠᠶᠠᠯᠢᠭ᠋᠎ᠢ ᠨᠡᠢᠳᠬᠡᠬᠦ ᠪᠠ ᠬᠠᠮᠲᠤ᠎ᠪᠠᠷ ᠡᠳ᠋ᠯᠡᠬᠦ᠎ᠶᠢ ᠪᠦᠲᠦᠮᠵᠢᠲᠡᠶ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠬᠥᠮᠥᠨ ᠬᠥᠮᠥᠵᠢᠭᠦᠯᠬᠦ ᠪᠣᠳᠠᠲᠤ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠦᠯᠡ᠃