ᠪᠡᠭᠡᠵᠢᠩ ᠥᠪᠥᠷ ᠮᠣᠩᠭᠣᠯ ᠭᠠᠷ ᠬᠣᠯᠪᠣᠨ 《ᠠᠨᠠᠷ᠎ᠤᠨ ᠦᠷ᠎ᠡ》 ᠵᠢᠨ ᠵᠣᠯ ᠵᠢᠷᠭᠠᠯᠲᠤ ᠬᠡᠷ ᠣᠷᠣᠨ᠎ᠢ ᠬᠠᠮᠲᠤ᠎ᠪᠠᠷ ᠪᠥᠲᠥᠭᠡᠨ ᠪᠠᠢᠭᠤᠯᠤᠨ᠎ᠠ
2026-03-23 09:46:28
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

— ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠢᠩᠭᠠᠨ ᠪᠡᠭᠡᠵᠢᠩ᠎ᠨᠡᠢᠭᠡᠮ ᠲᠣᠭᠣᠷᠢᠭ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠥᠷᠨᠢᠭᠦᠯᠵᠦ ᠪᠠᠢᠭ᠎ᠠ ᠲᠤᠬᠠᠢ ᠲᠡᠮᠳᠡᠭᠯᠡᠪᠡ

  

《ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠦᠯᠵᠡᠢᠲᠤ ᠪᠠᠶᠠᠷ ᠪᠣᠯᠬᠤ ᠪᠦᠷᠢ ᠬᠦᠷᠰᠢ ᠵᠡᠷᠭᠡᠯᠡᠳᠡᠭᠡ ᠠᠢᠯ ᠰᠠᠭᠠᠬᠠᠯᠲᠠ ᠪᠡᠷ ᠵᠢᠡᠨ ᠨᠢᠭᠡ ᠲᠠᠩᠬᠢᠮ᠎ᠳᠤ ᠴᠤᠭ᠍ᠯᠠᠷᠠᠠ᠂ ᠬᠠᠮᠳᠤ ᠪᠡᠷ ᠥᠯᠵᠡᠢᠲᠦ ᠪᠣᠭᠣᠷᠰᠣᠭ ᠢᠳᠡᠵᠦ᠍᠂ ᠴᠡᠴᠡᠭᠲᠤ ᠳ᠋ᠧᠩ ᠦᠢᠯᠡᠳᠦᠨ᠂ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠬᠤ ᠨᠢ ᠤᠨᠴᠠ ᠵᠢᠨ ᠤᠳᠭ᠎ᠠ ᠠᠭᠤᠯᠭ᠎ᠠ᠎ᠲᠠᠶ》᠃ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠥᠯᠵᠡᠢᠲᠦ ᠡᠳᠦᠷ ᠲᠸ᠋  ᠳ᠋ᠧᠩ᠎ᠦᠨ ᠬᠡᠷᠡᠯ ᠬᠢᠯᠠᠯᠵᠠᠨ ᠳᠤᠸᠠᠯᠠᠵᠤ᠂ ᠤᠷᠢᠨ ᠳᠤᠯᠠᠭᠠᠨ ᠠᠭᠤᠷ ᠠᠮᠢᠰᠭᠤᠯ᠎ᠢᠶᠠᠷ ᠪᠢᠯᠬᠠᠵᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠢᠩᠭᠠᠨ ᠪᠡᠭᠡᠵᠢᠩ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠶᠠᠩ ᠫᠢᠩ᠎ᠦᠨ ᠴᠢᠷᠠᠶ᠎ᠳᠤ ᠵᠣᠯ ᠵᠢᠷᠭᠠᠯᠲᠤ ᠢᠨᠢᠶᠡᠮᠰᠦᠭ᠌ᠯᠡᠯ ᠲᠤᠲᠤᠷᠠᠨ᠎ᠠ᠃

ᠪᠦᠬᠦ᠌ ᠣᠷᠣᠨ᠎ᠤ ᠴᠣᠷ᠎ᠤᠨ ᠭᠠᠭ᠍ᠴᠠ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠪᠠᠷ ᠭᠤᠤᠯ ᠰᠡᠳᠦᠪ ᠪᠣᠯᠭᠠᠨ ᠨᠡᠷᠡᠢᠳᠦᠭ᠌ᠰᠡᠨ ᠨᠡᠢᠭᠡᠮ ᠲᠣᠭᠣᠷᠢᠭ ᠪᠣᠯᠤᠭ᠍ᠰᠠᠨ᠎ᠤ ᠬᠤᠪᠢ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠬᠢᠩᠭᠠᠨ ᠪᠡᠭᠡᠵᠢᠩ ᠨᠡᠢᠭᠡᠮ ᠲᠣᠭᠣᠷᠢᠭ 2023 ᠣᠨ᠎ᠳᠤ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠪᠡᠭᠡᠵᠢᠩ ᠬᠣᠲᠠ ᠯᠤᠭ᠎ᠠ ᠬᠠᠮᠲᠤᠷᠠᠨ ᠪᠠᠢᠭᠤᠯᠤᠭ᠍ᠰᠠᠨ ᠨᠡᠢᠭᠡᠮ ᠲᠣᠭᠣᠷᠢᠭ᠎ᠲᠸ᠋ ᠨᠡᠢᠭᠡᠮ ᠲᠣᠭᠣᠷᠢᠭ᠎ᠤᠨ ᠵᠠᠰᠠᠯᠲᠠ᠎ᠠᠴᠠ᠂ ᠪᠦᠬᠦᠢᠯᠠ ᠨᠠᠰᠤᠨ᠎ᠤ ᠬᠦᠮᠦᠰ ᠲᠸ᠋ ᠨᠦᠬᠦᠷᠰᠡᠭ ᠪᠠᠢᠬᠤ᠂ ᠰᠣᠶᠣᠯ᠎ᠤᠨ ᠤᠯᠠᠮᠵᠢᠯᠠᠯ᠂ ᠪᠣᠯᠪᠠᠰᠤᠨ ᠦᠶ᠋ᠯᠡᠳᠦᠯᠭᠡ᠂ ᠴᠢᠳᠠᠪᠤᠷᠢᠲᠠᠨ᠎ᠢ ᠬᠥᠮᠦᠵᠢᠭᠦᠯᠬᠦ᠌ ᠲᠠᠪᠤᠨ ᠲᠠᠯ᠎ᠠ᠎ᠪᠠᠷ ᠬᠦᠴᠦ᠍᠎ᠪᠡᠨ ᠬᠠᠮᠲᠤᠳᠭᠠᠨ ᠬᠡᠨ ᠨᠢ ᠴᠦ᠍ ᠬᠡᠨ᠎ᠡᠴᠡ᠎ᠪᠡᠨ ᠰᠠᠯᠵᠤ ᠴᠢᠳᠠᠬᠤ ᠥᠬᠡᠶ 《ᠠᠨᠠᠷ ᠤ᠋ᠨ ᠦᠷ᠎ᠠ ᠵᠢᠨ ᠬᠡᠷ ᠤᠷᠤᠨ》᠎ᠢ᠋ ᠪᠠᠢᠭᠤᠯᠵᠤ᠂ ᠤᠷᠢᠳ ᠬᠣᠵᠢᠳ ᠪᠦᠬᠦ᠌ ᠤᠯᠤᠰ ᠲᠸ᠋ ᠵᠢᠱ᠌ᠢᠶ᠎ᠡ ᠦᠵᠡᠬᠦᠯᠬᠦ ᠴᠢᠨᠠᠷᠲᠠᠢ ᠨᠠᠰᠤᠲᠠᠢᠴᠤᠳ᠎ᠲᠸ᠋ ᠨᠥᠬᠥᠷᠰᠡᠭ ᠬᠡᠯᠪᠡᠷᠢ᠎ᠶ᠋ᠢᠨ ᠨᠡᠢᠭᠡᠮ ᠲᠣᠭᠣᠷᠢᠭ᠂ ᠪᠦᠬᠦ᠌ ᠤᠯᠤᠰ᠎ᠤᠨ ᠬᠠᠮᠤᠭ᠎ᠤᠨ ᠭᠤᠶᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠨᠡᠢᠭᠡᠮ ᠲᠣᠭᠣᠷᠢᠭ ᠵᠡᠷᠭᠡ ᠠᠷᠪᠠᠨ ᠬᠡᠳᠦᠨ ᠵᠦᠢᠯ ᠤ᠋ᠨ ᠤᠯᠤᠰ᠎ᠤᠨ ᠲᠠᠰ᠎ᠤᠨ ᠢᠷᠠᠭᠤ ᠠᠯᠳᠠᠷ᠎ᠢ ᠬᠦᠷᠲᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠠᠬᠤᠶ ᠪᠠᠢᠳᠠᠯ ᠳᠤᠤᠷ᠎ᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠤᠭ᠍ᠰᠠᠨ ᠨᠡᠢᠲᠡᠯᠢᠭ ᠵᠢᠱ᠌ᠢᠶ᠎ᠡ ᠪᠣᠯᠵᠠᠶ᠃

ᠣᠳᠣᠬᠠᠨ᠎ᠳᠤ᠂ ᠬᠢᠩᠭᠠᠨ ᠪᠡᠭᠡᠵᠢᠩ ᠨᠡᠢᠭᠡᠮ ᠲᠣᠭᠣᠷᠢᠭ᠎ᠲᠤ ᠠᠯᠬᠤᠨ ᠤᠷᠤᠪᠠᠯ᠂ ᠬᠡᠷ ᠤ᠋ᠨ ᠠᠬᠠᠮᠠᠳ ᠪᠤᠯᠤᠨ ᠬᠡᠤᠬᠡᠳ ᠤ᠋ᠤᠨ ᠰᠤᠯᠠ ᠠᠯᠬᠤᠯᠠᠨ᠂ ᠨᠠᠰᠤᠲᠠᠢᠴᠤᠤᠨ ᠰᠢᠲᠠᠷ᠎ᠠ ᠲᠤᠭᠯᠠᠵᠤ᠂ ᠫᠢᠩᠫᠠᠩ ᠪᠥᠮᠪᠥᠭᠡ᠎ᠨᠠᠭᠠᠳᠤᠨ᠂ ᠪᠠᠶᠠᠷ ᠬᠦᠷ᠎ᠢᠶᠡᠷ ᠪᠢᠯᠬᠠᠨ᠎ᠠ᠃ ᠠᠳᠠᠯᠢ ᠪᠤᠰᠤ ᠦᠨᠳᠦᠰᠦᠲᠡᠨ᠎ᠦ ᠰᠠᠭᠤᠭᠠᠯᠢ ᠠᠷᠠᠳ ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠰᠠᠯᠠᠯᠴᠠᠵᠤ᠂ ᠭᠠᠵᠠᠷ ᠪᠣᠯᠭᠠᠨ᠎ᠳᠤ ᠠᠮᠤᠷ ᠲᠣᠭ᠍ᠲᠠᠭᠤᠨ ᠡᠶ᠎ᠡ ᠨᠠᠢᠷᠠᠮᠳᠠᠭᠤ ᠰᠡᠳᠭᠢᠯ ᠬᠥᠳᠡᠯᠭᠡᠮ᠎ᠡ ᠪᠠᠢᠳᠠᠯ ᠢᠯᠡᠷᠡᠨ᠎ᠠ᠃

ᠨᠡᠢᠭᠡᠮ᠎ᠤᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠪᠡᠷ ᠭᠠᠷᠳᠠᠴᠠ ᠪᠣᠯᠭᠠᠵᠤ᠂ ᠬᠢᠩᠭᠠᠨ ᠪᠡᠭᠡᠵᠢᠩ ᠨᠡᠢᠭᠡᠮ ᠲᠣᠭᠣᠷᠢᠭ ᠤ᠋ᠨ ᠬᠢᠨ ᠪᠡᠭᠡᠵᠢᠩ᠎ᠦᠨ ᠲᠡᠷᠢᠭᠦᠨ᠎ᠦ ᠵᠠᠰᠠᠯᠲᠠ᠎ᠶ᠋ᠢᠨ ᠲᠤᠷᠱᠢᠯᠭ᠎ᠠ᠎ᠶ᠋ᠢ ᠦᠷᠭᠦᠯᠵᠢᠯᠡᠨ ᠤᠯᠠᠨ ᠲᠦᠮᠡᠨ᠎ᠳᠦ ᠦᠢᠯᠡᠴᠢᠯᠡᠬᠦ᠌ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠲᠦᠪᠯᠡᠷᠡᠩᠬᠦᠢ ᠬᠦᠴᠦᠨ᠎ᠢ ᠦᠨᠳᠦᠰᠦᠨ ᠱᠠᠲᠤᠨ᠎ᠤ ᠵᠠᠰᠠᠯᠲᠠ᠎ᠳᠤ ᠲᠠᠰᠤᠷᠠᠯᠳᠠ ᠦᠭᠡᠢ ᠨᠢᠭ᠍ᠲᠠᠷᠠᠭᠤᠯᠪᠠ᠃ ᠨᠡᠢᠭᠡᠮ ᠲᠣᠭᠣᠷᠢᠭ ᠪᠣᠯᠤᠨ ᠪᠡᠭᠡᠵᠢᠩ ᠬᠣᠲᠠ᠎ᠶ᠋ᠢᠨ ᠱᠠᠩ ᠾᠧ ᠲᠣᠰᠭᠣᠨ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠥᠲᠥᠭᠡᠨ ᠪᠠᠢᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ 《ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠠᠨᠢᠳᠠᠨ》᠎ᠤ᠋ ᠵᠠᠭ᠍ᠪᠤᠷ᠎ᠢ ᠢᠳᠡᠪᠬᠢᠲᠡᠶ ᠰᠤᠷᠤᠯᠴᠠᠵᠤ᠂ ᠲᠡᠷᠭᠡᠨ ᠵᠤᠭᠰᠤᠭᠠᠯ᠂ ᠰᠠᠭᠤᠭᠠᠯᠢ ᠠᠷᠠᠳ᠎ᠤᠨ ᠲᠣᠭᠣᠷᠢᠭ᠎ᠢ ᠨᠣᠭᠣᠭᠠᠷᠠᠭᠤᠯᠤᠨ ᠬᠠᠲᠠᠭᠤᠷᠠᠭᠤᠯᠬᠤ᠂ ᠠᠷᠠᠳ᠎ᠲᠤ ᠲᠥᠬᠥᠮ ᠦᠵᠡᠭᠦᠯᠬᠦ᠌ ᠰᠡᠷᠢᠭᠦᠨ ᠲᠢᠩᠰᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠨᠢᠭᠡ ᠪᠦᠯᠦᠭ ᠣᠯᠠᠨ ᠲᠦᠮᠡᠨ᠎ᠦ ᠪᠠᠴᠢᠮᠲᠠᠵᠤ ᠬᠦᠴᠢᠷᠳᠠᠵᠤ ᠵᠤᠪᠠᠨᠢᠵᠤ ᠬᠦᠰᠠᠵᠦ ᠪᠠᠢᠬᠤ ᠠᠰᠠᠭᠤᠳᠠᠯ᠎ᠢ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠵᠠᠢ᠃ ᠡᠭᠦᠨ᠎ᠦ ᠬᠠᠮᠲᠤ ᠪᠡᠭᠡᠵᠢᠩ ᠬᠣᠲᠠ᠎ᠶ᠋ᠢᠨ ᠽᠢ ᠵᠦ᠍ ᠶᠤᠸᠠᠨ ᠵᠡᠭᠡᠯᠢ ᠭᠤᠳᠤᠮᠵᠢ᠎ᠶ᠋ᠢᠨ ᠦᠨᠳᠦᠰᠦᠲᠡᠨ᠎ᠦ ᠬᠡᠷᠡᠭ ᠵᠥᠪᠯᠡᠬᠦ᠌ ᠲᠢᠩᠬᠢᠮ᠎ᠦᠨ ᠵᠠᠭ᠍ᠪᠤᠷ ᠵᠢᠡᠷ ᠲᠤᠯᠢ ᠪᠤᠯᠭᠠᠨ ᠰᠤᠷᠤᠯᠴᠠᠵᠤ᠂ 《ᠤᠯᠠᠭᠠᠨ ᠠᠨᠠᠷ》 ᠤ᠋ᠨ ᠬᠡᠷᠡᠭ ᠵᠥᠪᠯᠡᠬᠦ᠌ ᠣᠷᠳᠣ ᠬᠣᠩᠭᠢᠯ᠎ᠢ ᠬᠠᠮᠲᠤᠷᠠᠨ ᠪᠠᠢᠭᠤᠯᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ 《ᠠᠰᠠᠭᠤᠳᠠᠯ᠎ᠲᠠᠶ ᠭᠠᠵᠠᠷ ᠤᠷᠤᠨ》 ᠢ᠋ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠠᠢᠷ᠎ᠠ ᠰᠡᠳᠭᠢᠯᠭᠡ᠎ᠶ᠋ᠢ ᠨᠡᠮᠡᠭ᠌ᠳᠡᠭᠦᠯᠬᠦ᠌ 《ᠵᠣᠯ ᠵᠢᠷᠭᠠᠯᠲᠤ ᠭᠠᠵᠠᠷ ᠣᠷᠣᠨ》 ᠪᠣᠯᠭᠠᠨ ᠬᠤᠪᠢᠷᠠᠭᠤᠯᠪᠠ᠃

《ᠪᠢᠳᠡ ᠮᠠᠨᠳᠤᠬᠤ ᠨᠡᠷᠡᠨ᠎ᠢ ᠤᠭ᠍ᠲᠤᠨ᠂ ᠴᠣ ᠱᠢᠨ᠎ᠡ ᠵᠠᠮ᠎ᠢᠶᠠᠷ ᠵᠠᠮᠨᠠᠨ᠎ᠠ ᠁》 ᠨᠡᠢᠭᠡᠮ ᠲᠣᠭᠣᠷᠢᠭ᠎ᠤᠨ ᠠᠵᠢᠯᠯᠠᠭᠠᠨ᠎ᠦ ᠲᠠᠰᠤᠭ᠎ᠲᠤ ᠠᠯᠬᠤᠨ ᠤᠷᠤᠪᠠᠯ᠂ ᠢᠷᠠᠭᠤ ᠰᠠᠢᠬᠠᠨ ᠬᠦᠭ ᠠᠶᠠᠰ ᠲᠠᠢ 《ᠰᠡᠷᠭᠦᠨ ᠮᠠᠨᠳᠤᠯᠲᠠ ᠵᠢᠨ ᠵᠠᠮ᠎ᠢᠶᠡᠷ ᠤᠷᠤᠭᠰᠢᠯᠠᠶ᠎ᠠ》 ᠭᠡᠬᠦ᠌ ᠠᠶ᠎ᠠ ᠳᠠᠭᠤᠤ ᠬᠠᠩᠬᠢᠨᠠᠨ᠎ᠠ᠃ ᠡᠨᠡ ᠪᠤᠯ ᠨᠡᠢᠭᠡᠮ ᠲᠣᠭᠣᠷᠢᠭ᠎ᠤᠨ ᠨᠠᠢᠷᠠᠯ ᠳᠠᠭᠤᠤ᠎ᠶ᠋ᠢᠨ ᠪᠦᠯᠬᠦᠮ᠎ᠦᠨ ᠠᠪᠠᠭ᠎ᠠ ᠠᠨᠢᠶ᠎ᠠ᠎ᠨᠠᠷ᠎ᠤᠨ ᠲᠤᠭᠯᠠᠯᠲᠠ ᠮᠦᠨ᠃

《ᠡᠨᠡ ᠵᠢᠯ ᠪᠣᠯ ᠮᠢᠨᠤ ᠠᠵᠢᠯ᠎ᠠᠴᠠ᠎ᠪᠠᠨ ᠠᠮᠠᠷᠠᠭ᠍ᠰᠠᠨ᠎ᠤ ᠲᠠᠷᠠᠭ᠎ᠠ ᠨᠠᠢᠷᠠᠯ ᠲᠠᠭᠤᠤ ᠵᠢᠨ ᠪᠦᠯᠬᠦᠮ ᠳ᠋ᠤ ᠤᠷᠤᠯᠴᠠᠭᠰᠠᠨ ᠭᠤᠷᠪᠠᠳ᠋ᠤᠭᠠᠷ ᠵᠢᠯ ᠪᠤᠯᠤᠨ᠎ᠠ》 ᠭᠡᠵᠦ ᠬᠢᠩᠭᠠᠨ ᠪᠡᠭᠡᠵᠢᠩ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠵᠠᠩ ᠬᠦᠢ ᠹᠸᠨ ᠬᠡᠯᠡᠯ᠎ᠡ᠃ ᠲᠡᠷᠡ᠄ 《ᠤᠤᠯ ᠨᠢ ᠮᠢᠨᠦ᠍ ᠬᠡᠦᠬᠡᠳ ᠨᠠᠲᠠ ᠶ᠋ᠢ ᠠᠵᠢᠯ᠎ᠠᠴᠠ᠎ᠪᠠᠨ ᠠᠮᠠᠷᠠᠭ᠍ᠰᠠᠨ᠎ᠤ ᠲᠠᠷᠠᠭᠠᠬᠢ ᠠᠮᠢᠳᠤᠷᠠᠯ᠎ᠳᠤ ᠲᠠᠳᠬᠤ ᠦᠬᠡᠢ᠎ᠪᠤᠯᠪᠠᠤ ᠬᠡᠵᠦ ᠰᠠᠨᠠᠭᠠᠰᠢᠷᠠᠵᠤ  ᠪᠠᠢᠯ᠎ᠠ᠂ ᠤᠳᠤᠬᠠᠨ ᠳ᠋ᠤ ᠮᠢᠨᠦ᠍ ᠠᠮᠢᠳᠤᠷᠠᠯ ᠣᠨᠴᠠᠭᠠᠢ ᠤᠳᠬ᠎ᠠ ᠲᠡᠭᠦᠯᠳᠡᠷ ᠪᠣᠯᠵᠤ᠂ ᠱᠢᠨ᠎ᠡ ᠳᠤᠷ᠎ᠠ ᠰᠣᠨᠢᠷᠬᠠᠯ᠎ᠨᠡᠮᠡᠭᠳᠡᠭᠰᠠᠨ ᠶ᠋ᠢᠡᠷ ᠪᠠᠷᠠᠬᠤ ᠦᠭᠡᠢ᠂ ᠠᠵᠢᠯᠯᠠᠭ᠎ᠠ᠎ᠳ᠋ᠤ ᠤᠷᠤᠯᠴᠠᠬᠤ ᠪᠡᠷ ᠲᠠᠮᠵᠢᠨ ᠨᠠᠡᠭ ᠮᠠᠰᠢ ᠤᠯᠠᠨ ᠨᠠᠢᠵᠠ᠎ᠲᠠᠢ ᠲᠠᠨᠢᠯᠴᠠᠵᠠᠢ》 ᠬᠡᠵᠤ ᠬᠡᠯᠡᠪᠠ᠃

ᠨᠡᠢᠭᠡᠮ ᠲᠣᠭᠣᠷᠢᠭ᠎ᠤᠨ ᠤᠯᠠᠨ ᠲᠦᠮᠡᠨ᠎ᠤ ᠲᠤᠮᠤ ᠲᠠᠪᠴᠠᠩ᠎ᠠᠴᠠ ᠠᠭᠤᠯᠠ ᠤᠰᠤ᠎ᠶ᠋ᠢ ᠠᠯᠤᠰᠯᠠᠭ᠍ᠰᠠᠨ ᠰᠣᠶᠣᠯ᠎ᠤᠨ ᠬᠣᠯᠪᠣᠭᠠᠯᠠᠯ ᠬᠦᠷᠲᠡᠯ᠎ᠡ᠂ ᠨᠡᠢᠭᠡᠮ ᠲᠣᠭᠣᠷᠢᠭ᠎ᠤᠨ ᠡᠭᠦᠳᠦᠭᠰᠡᠨ 《ᠠᠨᠠᠷ᠎ᠤᠨ ᠦᠷ᠎ᠡ ᠬᠥᠷᠰᠢ ᠵᠡᠷᠭᠡᠯᠡᠳᠡᠭᠡ᠎ᠶ᠋ᠢᠨ ᠰᠣᠶᠣᠯ᠎ᠤᠨ ᠴᠤᠭᠯᠠᠭᠠᠨ》 ᠨᠢ 1.0 ᠡᠴᠡ 2.0 ᠬᠦᠷᠬᠦ ᠲᠠᠪᠠᠯᠳᠠ ᠶ᠋ᠢ ᠪᠡᠶᠡᠯᠡᠭᠦᠯᠵᠦ᠍᠂ ᠪᠡᠭᠡᠵᠢᠩ ᠥᠪᠥᠷ ᠮᠣᠩᠭᠣᠯ ᠬᠣᠶᠠᠷ ᠭᠠᠵᠠᠷ ᠎ᠤᠨ ᠰᠠᠭᠤᠭᠠᠯᠢ ᠠᠷᠠᠳ᠎ᠤᠨ ᠰᠦᠯᠵᠢᠶᠡᠨ ᠳᠡᠭᠡᠷᠡᠬᠢ ᠠᠭᠤᠯᠵᠠᠯᠳᠠ᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠰᠣᠶᠣᠯ᠎ᠤᠨ ᠬᠤᠷᠱᠢᠯᠴᠠᠭ᠎ᠠ᠎ᠶ᠋ᠢᠨ ᠰᠦᠯᠵᠢᠶᠡᠨ᠎ᠲᠡᠭᠡᠷ᠎ᠡ᠂ ᠰᠦᠯᠵᠢᠶᠡᠨ ᠭᠠᠳᠠᠨ᠎ᠠ ᠬᠣᠣᠰ ᠴᠢᠭ᠌ᠯᠡᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠪᠡ᠃ ᠨᠢᠳᠤᠨᠤᠨ᠂ ᠨᠡᠢᠭᠡᠮ ᠲᠣᠭᠣᠷᠢᠭ᠎ᠤᠨ ᠤᠤᠭᠠᠯ ᠪᠦᠲᠦᠭᠡᠯ 《ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠲᠠᠨ᠎ᠢ ᠪᠠᠶᠠᠷᠯᠠᠨ ᠤᠭ᠍ᠲᠤᠶ᠎ᠠ》 ᠭᠡᠬᠦ᠌ ᠳᠠᠭᠤᠤ ᠪᠡᠭᠡᠵᠢᠩ᠎ᠦᠨ ᠽᠢ ᠵᠦ᠍ ᠶᠤᠸᠠᠨ ᠵᠡᠭᠡᠯᠢ ᠭᠤᠳᠤᠮᠵᠢ᠎ᠳᠤ ᠬᠠᠨᠭᠬᠢᠨᠠᠨ ᠳᠠᠭᠤᠷᠢᠰᠴᠤ᠌᠂ ᠪᠡᠭᠡᠵᠢᠩ ᠪᠣᠯᠤᠨ ᠲᠠᠯ᠎ᠠ ᠨᠤᠲᠤᠭ᠎ᠤᠨ ᠤᠳᠭ᠎ᠠ ᠤᠷᠠᠯᠢᠭ᠎ᠤᠨ ᠰᠤᠳᠤᠨ ᠪᠦᠳᠦᠭᠡᠯ᠎ᠤ᠋ᠤᠨ ᠲᠠᠢᠰᠠᠨ᠎ᠠ ᠲᠡᠯᠭᠡᠭᠳᠡᠵᠤ᠂ ᠦᠨᠳᠤᠰᠦᠳᠡᠨ ᠨᠤᠬᠦᠳ᠎ᠦᠨ ᠤᠯᠠᠨ ᠲᠦᠮᠡᠨ᠎ᠤ ᠬᠠᠷᠠᠭ᠎ᠠ ᠵᠢ ᠪᠠᠶᠠᠰᠬᠠᠪᠠ᠃ ᠠᠯᠢ ᠤᠯᠠᠨ ᠰᠣᠶᠣᠯ᠎ᠤᠨ ᠠᠵᠢᠯᠯᠠᠭ᠎ᠠ᠂ ᠠᠯᠢ ᠤᠯᠠᠨ ᠭᠦᠨᠵᠡᠭᠡᠶ ᠠᠭᠤᠰᠤᠯᠴᠠᠯ ᠨᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ  ᠬᠠᠢᠷ᠎ᠠ ᠰᠡᠳᠭᠢᠯᠭᠡ᠎ᠵᠢ ᠲᠠᠰᠤᠷᠠᠯᠲᠠ ᠥᠬᠡᠶ ᠵᠤᠵᠠᠭᠠᠳᠬᠠᠪᠠ᠃

《ᠣᠳᠣ᠎ᠶ᠋ᠢᠨ ᠠᠮᠢᠳᠤᠷᠠᠯ ᠳ᠋ᠠᠭᠠᠨ ᠮᠠᠰᠢ ᠬᠠᠨᠤᠮᠵᠢᠳᠠᠢ ᠪᠠᠢᠨ᠎ᠠ᠂ ᠡᠨᠳᠡ ᠰᠠᠭᠤᠷᠢᠰᠢᠨ ᠠᠮᠢᠳᠤᠷᠠᠬᠤ ᠳ᠋ᠤ ᠪᠠᠨ 〈ᠥᠲᠡᠯᠬᠦ ᠡᠴᠡ ᠬᠦᠷᠳᠡᠬᠦ ᠠᠰᠠᠷᠠᠮᠵᠢ ᠲᠠᠢ᠂ ᠥᠲᠡᠯᠦᠭᠡ ᠨᠠᠰᠤ ᠪᠠᠶᠠᠷ ᠬᠥᠷ᠎ᠲᠡᠶ〉 ᠭᠡᠳᠡᠭ᠎ᠢ ᠦᠨᠡᠨ ᠬᠦ᠌ ᠮᠡᠳᠡᠷᠡᠪᠡ!》 ᠭᠡᠵᠦ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠭᠦᠸᠧ ᠯᠢ ᠵᠢᠤᠸᠠᠨ ᠰᠡᠳᠭᠢᠯ ᠳᠣᠭ᠍ᠳᠣᠯᠤᠨ ᠬᠡᠯᠡᠪᠡ᠃

ᠦᠳᠡᠯᠦᠭᠡ ᠵᠠᠯᠠᠭᠤ ᠨᠢᠯᠬ᠎ᠠ ᠳ᠋ᠤ ᠨᠥᠬᠥᠷᠰᠡᠭ ᠪᠠᠢᠬᠤ ᠨᠡᠢᠭᠡᠮ ᠲᠤᠭᠤᠷᠢᠭ᠎ᠢ ᠪᠠᠢᠭᠤᠯᠬᠤ ᠲᠤᠭᠤᠷᠢᠨ ᠳ᠋ᠤ᠂ ᠬᠢᠩᠭᠠᠨ  ᠪᠡᠭᠡᠵᠢᠩ ᠨᠡᠢᠭᠡᠮ ᠲᠣᠭᠣᠷᠢᠭ ᠪᠦᠬᠦ᠌ ᠲᠠᠯ᠎ᠠ᠎ᠶ᠋ᠢᠨ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠱᠢᠰᠲ᠋ᠧᠮ ᠎ᠢ ᠴᠣᠭ᠍ᠴᠠᠯᠠᠵᠤ᠂ ᠠᠷᠠᠳ᠎ᠤᠨ ᠠᠮᠢᠳᠤᠷᠠᠯ᠎ᠢ ᠪᠠᠳᠤᠯᠠᠬᠤ ᠳᠤᠮᠳᠠ ᠦᠨᠳᠦᠰᠦᠲᠡᠨ᠎ᠦ ᠪᠦᠯᠬᠦᠮᠳᠡᠯ᠎ᠦᠨ ᠵᠣᠯ ᠵᠢᠷᠭᠠᠯ᠎ᠤᠨ ᠰᠠᠭᠤᠷᠢ᠎ᠶ᠋ᠢ ᠴᠢᠨᠠᠭᠰᠢᠳᠠ ᠪᠡᠬᠢᠵᠢᠬᠦᠯᠪᠡ᠃ ᠨᠡᠢᠭᠡᠮ ᠲᠣᠭᠣᠷᠢᠭ᠎ᠤᠨ ᠬᠢᠨ ᠪᠡᠭᠡᠵᠢᠩ᠎ᠦᠨ ᠲᠡᠷᠢᠭᠦᠨ᠎ᠦ ᠨᠠᠰᠤᠵᠢᠯ᠎ᠤᠨ ᠠᠰᠠᠷᠠᠮᠵᠢ᠎ᠶ᠋ᠢᠨ ᠵᠠᠭ᠍ᠪᠤᠷ᠎ᠢᠶᠠᠷ ᠲᠣᠯᠢ ᠪᠣᠯᠭᠠᠵᠤ᠂ 《ᠬᠡᠷ᠎ᠲᠡᠬᠡᠨ ᠰᠠᠭᠤᠬᠤ᠎ᠪᠠᠷ ᠰᠠᠭᠤᠷᠢ ᠪᠣᠯᠭᠠᠭ᠍ᠰᠠᠨ᠂ ᠨᠡᠢᠭᠡᠮ ᠲᠣᠭᠣᠷᠢᠭ᠎ᠢᠶᠠᠷ ᠨᠥᠬᠥᠪᠥᠷᠢ ᠪᠣᠯᠭᠠᠭ᠍ᠰᠠᠨ᠂ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠤᠭ᠍ᠰᠠᠨ》 ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠣᠶᠤᠨᠴᠢ ᠨᠠᠰᠤᠵᠢᠯ᠎ᠤᠨ ᠠᠰᠠᠷᠠᠮᠵᠢ᠎ᠶ᠋ᠢᠨ ᠲᠣᠬᠢᠷᠠᠭᠤᠯᠤᠨ ᠵᠢᠯᠣᠭᠣᠳᠭᠤ ᠲᠥᠪ᠎ᠢ ᠪᠠᠢᠭᠤᠯᠵᠤ᠂ ᠨᠢᠭᠡ ᠳᠠᠷᠤᠪᠴᠢ᠎ᠪᠠᠷ ᠲᠦᠭ᠌ᠰᠢᠭᠦᠷᠢ ᠵᠢ ᠮᠡᠳᠡᠬᠦᠯᠬᠦ᠂ 《ᠵᠢᠷᠭᠤᠭ᠎ᠠ᠎ᠶ᠋ᠢ ᠲᠤᠰᠠᠯᠠᠬᠤ》 ᠦᠶ᠋ᠯᠡᠴᠢᠯᠡᠭᠡ᠎ᠶ᠋ᠢ ᠠᠬᠢᠭᠤᠯᠵᠤ᠂ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢ ᠠᠬᠢᠭᠤᠯᠵᠤ ᠨᠠᠰᠤᠲᠠᠢᠴᠤᠳ᠎ᠤᠨ ᠥᠲᠡᠯᠦᠭᠡ ᠨᠠᠰᠤ ᠎ᠪᠠᠨ ᠠᠮᠤᠷ ᠲᠦᠪᠰᠢᠨ ᠵᠤᠯ ᠵᠢᠷᠭᠠᠯ ᠲᠠᠢ ᠥᠩᠭᠡᠷᠡᠭᠦᠯᠬᠦ᠌᠎ᠶ᠋ᠢ ᠪᠠᠲᠤᠯᠠᠨ᠎ᠠ; ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠡᠦᠬᠡᠳ ᠰᠠᠭᠠᠲᠠᠭᠤᠯᠬᠤ ᠲᠤᠷᠱᠢᠯᠲᠠ᠎ᠶ᠋ᠢᠨ ᠴᠡᠭ᠎ᠤᠨ 《ᠬᠦᠬᠡᠷᠦᠭᠦᠨ ᠪᠦᠪᠡᠢ》᠎ᠶ᠋ᠢᠨ ᠲᠥᠷᠥᠯ ᠵᠦᠶ᠋ᠯ᠎ᠢ ᠣᠯᠵᠤ᠂ ᠲᠦᠭᠡᠮᠡᠯ ᠬᠠᠷᠠᠭᠠᠯᠵᠠᠯ ᠦᠵᠡᠬᠦᠯᠬᠦ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠬᠡᠷ᠎ᠲᠦ ᠬᠦᠷᠭᠡᠪᠡ; ᠵᠠᠯᠠᠭᠤᠴᠤᠳ ᠪᠠᠭᠠᠴᠤᠳ᠎ᠲᠤ ᠬᠠᠨᠳᠤᠭᠤᠯᠤᠨ 《ᠠᠨᠠᠷ᠎ᠤᠨ ᠦᠷ᠎ᠡ᠎ᠶ᠋ᠢᠨ ᠵᠢᠵᠢᠭ ᠬᠢᠴᠢᠶᠡᠯ᠎ᠦᠨ ᠲᠠᠩᠬᠢᠮ》 ᠭᠠᠷᠭᠠᠵᠤ᠂ ᠪᠡᠭᠡᠵᠢᠩ᠎ᠦᠨ ᠬᠠᠯᠠᠭᠤᠨ ᠰᠡᠳᠬᠢᠯᠳᠦ ᠠᠵᠤ ᠠᠬᠤᠢᠯᠠᠯ᠎ᠤᠨ 50 ᠲᠦᠮᠡᠨ ᠲᠥᠭᠥᠷᠢᠭ᠎ᠦᠨ ᠲᠤᠰᠠᠯᠠᠮᠵᠢ᠎ᠶ᠋ᠢᠨ ᠮᠥᠩᠭᠥ᠌ ᠵᠢ ᠣᠯᠵᠤ ᠵᠠᠯᠠᠭᠤᠴᠤᠳ ᠪᠠᠭᠠᠴᠤᠳ᠎ᠤᠨ ᠤᠩᠱᠢᠯᠭ᠎ᠠ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠤᠮ ᠤᠩᠰᠢᠬᠤ ᠲᠤᠮᠳᠠ ᠵᠠᠯᠠᠭᠤᠴᠤᠳ ᠪᠠᠭᠠᠴᠤᠳ᠎ᠤᠨ ᠤᠯᠤᠰ᠎ᠢᠶᠡᠨ ᠬᠠᠢᠷᠠᠯᠠᠬᠤ ᠰᠡᠳᠭᠢᠯᠭᠡ᠎ᠶ᠋ᠢ ᠨᠢ ᠵᠤᠵᠠᠭᠠᠳᠭᠠᠵᠠᠢ᠃ ᠡᠭᠦᠨ᠎ᠦ ᠬᠠᠮᠲᠤ᠂ 《ᠲᠠᠯ᠎ᠠ ᠨᠤᠲᠤᠭ ᠪᠡᠭᠡᠵᠢᠩ᠎ᠲᠡᠶ ᠵᠠᠯᠭᠠᠯᠳᠤᠨᠠᠮ》 ᠡᠪᠡᠳᠴᠢᠨ ᠦᠵᠡᠭᠦᠯᠬᠦ᠌ ᠰᠠᠭᠠᠳ ᠥᠬᠡᠶ ᠨᠡᠪᠲᠡᠷᠡᠬᠦ᠌ ᠵᠠᠮ᠂ ᠬᠡᠷ ᠪᠦᠯᠢ ᠰᠤᠷᠭᠠᠭᠤᠯᠢ ᠬᠣᠷᠢᠶ᠎ᠠ ᠬᠡᠷ ᠪᠦᠯᠢ᠎ᠶ᠋ᠢᠨ ᠬᠥᠮᠦᠵᠢᠯ᠎ᠦᠨ ᠬᠢᠴᠢᠶᠡᠯ᠂ ᠰᠣᠯᠣᠩᠭᠠᠨ ᠥᠩᠭᠡᠲᠦ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠡᠷᠭᠡ ᠠᠯᠢ ᠣᠯᠠᠨ ᠠᠷᠭ᠎ᠠ ᠬᠡᠮᠵᠢᠶ᠎ᠡ ᠨᠢ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠎ᠦ ᠲᠥᠷᠥᠭ᠌ᠳᠡᠯ᠎ᠢ ᠦᠷᠭᠦᠯᠵᠢᠯᠡᠨ ᠳᠡᠭᠡᠭ᠌ᠰᠢᠯᠡᠭᠦᠯᠪᠡ᠃

《ᠮᠠᠨ᠎ᠤ ᠨᠡᠢᠭᠡᠮ ᠲᠣᠭᠣᠷᠢᠭ᠎ᠲᠤ᠂ ᠦᠨᠳᠦᠰᠤᠳᠡᠨ ᠨᠤᠬᠦᠳ᠎ᠦᠨ ᠤᠯᠠᠨ ᠲᠦᠮᠡᠨ ᠨᠢᠭᠡ ᠡᠷᠡᠨ᠎ᠤ ᠬᠣᠭᠣᠯᠠ᠂ ᠨᠢᠭᠡ ᠦᠭᠡ ᠵᠢᠨ ᠮᠡᠨᠳᠤᠴᠢᠯᠡᠯ ᠪᠠ ᠡᠳᠤᠷ ᠲᠤᠳᠤᠮ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠦᠨ ᠲᠤᠮᠳᠠ ᠠᠨᠠᠷ᠎ᠦᠨ ᠦᠷ᠎ᠠ ᠰᠢᠭ ᠨᠢᠬᠳᠠᠷᠠᠨ ᠪᠦᠯᠬᠦᠮᠳᠡᠵᠡᠭᠡᠨ᠎ᠠ》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠢᠩᠭᠠᠨ ᠪᠡᠭᠡᠵᠢᠩ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠭᠤᠤ ᠠᠨ ᠨᠢ ᠬᠡᠯᠡᠪᠡ᠃ ᠲᠡᠷᠡ᠂ ᠲᠠᠷᠠᠭᠠᠴᠢ᠎ᠶ᠋ᠢᠨ ᠠᠯᠬᠤᠮ᠎ᠳᠤ ᠬᠢᠩᠭᠠᠨ ᠪᠡᠭᠡᠵᠢᠩ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠢᠭᠡᠮ ᠲᠣᠭᠣᠷᠢᠭ᠎ᠤᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠠᠵᠢᠯᠯᠠᠭ᠎ᠠ᠎ᠶ᠋ᠢ ᠪᠠᠶᠠᠯᠢᠭ᠍ᠵᠢᠭᠤᠯᠵᠤ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠵᠣᠯ ᠵᠢᠷᠭᠠᠯᠲᠤ ᠡᠶ᠎ᠡ ᠵᠣᠬᠢᠴᠠᠩᠭᠤᠢ 《ᠠᠨᠠᠷ᠎ᠤᠨ ᠦᠷ᠎ᠡ᠎ᠶ᠋ᠢᠨ ᠭᠡᠷ ᠣᠷᠣᠨ》 ᠢ᠋ ᠬᠦᠴᠦ᠍᠎ᠪᠡᠨ ᠬᠠᠮᠲᠤᠳᠭᠠᠨ ᠪᠠᠢᠭᠤᠯᠤᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号