ᠪᠤᠬᠢᠷᠳᠤᠯᠳᠤ ᠠᠭᠤᠷᠬᠠᠢ ᠵᠢᠨ ᠤᠷᠤᠨ᠎ᠡᠴᠡ ᠨᠤᠮᠢᠨ ᠨᠣᠭᠣᠭᠠᠨ ᠭᠡᠷ ᠣᠷᠣᠨ ᠬᠦᠷᠲᠡᠯ᠎ᠡ ᠲᠣᠭᠣᠰᠣ ᠱᠢᠷᠣᠢ ᠳᠡᠭ᠌ᠳᠡᠵᠦ᠍ ᠪᠠᠢᠭ᠍ᠰᠠᠨ᠎ᠡᠴᠡ ᠲᠦᠮᠡᠨ ᠪᠣᠳᠠᠰ ᠡᠶ᠎ᠠ ᠵᠤᠬᠢᠴᠠᠩᠭᠤᠢ ᠬᠠᠮᠲᠤ ᠣᠷᠣᠱᠢᠬᠤ ᠪᠣᠯᠲᠠᠯ᠎ᠠ ᠬᠣᠣᠯᠢᠨ ᠭᠣᠣᠯ ᠬᠤᠳᠠ ᠬᠠᠬᠢᠷ ᠬᠦᠢᠳᠡᠨ ᠭᠠᠵᠠᠷ ᠣᠷᠣᠨ᠎ᠤ ᠪᠣᠬᠢᠷᠲᠤᠯ ᠦᠭᠡᠢ ᠠᠭᠤᠷᠬᠠᠢ᠎ᠶ᠋ᠢᠨ ᠬᠡᠪ ᠳᠠᠭᠤᠷᠢᠶᠠᠯ᠎ᠢ ᠱᠤᠭᠤᠪᠠ
2026-03-23 10:09:48
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠮᠦᠩᠭᠦᠨ ᠴᠠᠭᠠᠨ ᠴᠠᠰᠤ ᠬᠠᠬᠳᠠ ᠡᠪᠡᠰᠦ ᠵᠢ ᠪᠦᠷᠬᠦᠵᠤ ᠬᠡᠭᠡᠷ᠎ᠡ᠎ᠶ᠋ᠢᠨ ᠠᠮᠢᠲᠠᠨ᠎ᠤ ᠮᠥᠷ ᠲᠣᠳᠣᠷᠬᠠᠶ ᠬᠠᠷᠠᠭ᠍ᠳᠠᠨ᠎ᠠ᠃ ᠳᠡᠮᠡᠢ ᠬᠣᠯᠠ ᠦᠭᠡᠢ ᠤᠰᠤ ᠲᠠᠲᠠᠷᠠᠭᠤᠯᠬᠤ ᠬᠣᠭᠣᠯᠠᠢ᠎ᠶ᠋ᠢᠨ ᠠᠮᠠᠰᠠᠷ᠎ᠡᠴᠡ ᠬᠡᠳᠦᠨ ᠪᠢᠴᠢᠬᠠᠨ ᠲᠣᠯᠣᠭᠠᠢ ᠪᠠᠢᠨ ᠪᠠᠢᠨ ᠦᠨᠳᠡᠯᠵᠡᠵᠤ ᠰᠡᠷᠡᠮᠵᠢ ᠳᠡᠢ ᠪᠡᠷ ᠡᠷᠬᠢᠨ ᠲᠤᠭᠤᠷᠢᠨ᠎ᠢ ᠠᠵᠢᠬᠯᠠᠨ᠎ᠠ᠃ ᠤᠤᠯ ᠨᠢ ᠨᠢᠬᠡᠨ ᠦᠨᠡᠭᠡ ᠡᠨᠡ ᠬᠦ᠌ 50 ᠰᠠᠨᠲ᠋ᠢᠮᠧᠲ᠋ᠷ᠎ᠦᠨ ᠠᠮᠠᠰᠠᠷ ᠲᠡᠢ ᠬᠣᠭᠣᠯᠠᠶ᠎ᠳᠤ ᠬᠡᠷ᠎ᠢᠶᠡᠨ ᠪᠠᠢᠭᠤᠯᠤᠬᠰᠠᠨ ᠪᠠᠢᠵᠠᠢ᠃

ᠡᠨᠡ ᠬᠦ᠌ ᠡᠬᠡ ᠪᠠᠢᠭᠠᠯᠢ ᠬᠦᠮᠦᠨ ᠠᠮᠢᠳᠠᠨ ᠡᠶ᠎ᠡ ᠵᠣᠬᠢᠴᠠᠩᠭᠤᠢ ᠰᠡᠳᠭᠢᠯ ᠬᠥᠳᠡᠯᠭᠡᠮ᠎ᠡ ᠦᠵᠡᠭ᠌ᠳᠡᠯ ᠨᠢ ᠬᠣᠣᠯᠢᠨ ᠭᠣᠣᠯ ᠬᠤᠳᠠ᠎ᠶ᠋ᠢᠨ ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ᠎ᠶ᠋ᠢᠨ ᠱᠢᠷᠣᠢ ᠭᠠᠳᠠᠭ᠍ᠰᠢᠯᠠᠭᠤᠯᠬᠤ ᠲᠠᠯᠠᠪᠠᠢ᠎ᠳᠤ ᠢᠯᠡᠷᠡᠪᠡ᠃  ᠥᠩᠭᠡᠷᠡᠭ᠌ᠰᠡᠨ᠎ᠦ ᠠᠮᠢ ᠠᠬᠤᠶ᠎ᠶ᠋ᠢᠨ ᠱᠢᠷᠬ᠎ᠠ ᠰᠣᠷᠪᠢ ᠪᠤᠯᠤᠭᠰᠠᠠ ᠡᠨᠡ ᠬᠡᠰᠡᠭ ᠭᠠᠵᠠᠷ ᠨᠢ ᠣᠲᠣ ᠨᠢᠭᠡᠨᠲᠡ ᠬᠡᠬᠡᠷ᠎ᠠ ᠵᠢᠨ ᠠᠮᠢᠲᠠᠨ᠎ᠤ ᠴᠡᠩᠭᠡᠯ᠎ᠦᠨ ᠣᠷᠣᠨ ᠪᠣᠯᠵᠠᠶ᠃

ᠬᠤᠤᠯᠢᠨ ᠭᠤᠤᠯ ᠬᠣᠲᠠ ᠨᠡᠭᠦᠷᠡᠰᠦ᠎ᠡᠴᠡ ᠪᠤᠯᠵᠤ ᠪᠠᠢᠭᠤᠯᠤᠭᠳᠠᠪᠠ᠂ ᠨᠡᠭᠦᠷᠡᠰᠦ ᠪᠣᠯ ᠡᠨᠡ ᠬᠦ᠌ ᠬᠣᠲᠠ᠎ᠶ᠋ᠢᠨ ᠬᠥᠭ᠌ᠵᠢᠨ ᠮᠠᠨᠳᠤᠬᠤ᠎ᠶ᠋ᠢᠨ ᠰᠠᠭᠤᠷᠢ ᠪᠠ ᠢᠳᠡ ᠬᠦᠴᠦᠨ ᠮᠥᠨ᠂ ᠬᠠᠷᠢᠨ ᠱᠢᠷᠣᠢ ᠭᠠᠳᠠᠭ᠍ᠰᠢᠯᠠᠭᠤᠯᠬᠤ ᠲᠠᠯᠠᠪᠠᠢ ᠪᠣᠯ ᠲᠡᠭᠦᠨ᠎ᠦ ᠬᠥᠭ᠌ᠵᠢᠯᠲᠡ᠎ᠶ᠋ᠢᠨ ᠶᠠᠪᠤᠴᠠ ᠳᠤᠮᠳᠠᠬᠢ ᠵᠠᠢᠯᠠᠬᠤᠶ᠎ᠠ ᠪᠡᠷᠬᠡ ᠠᠮᠢ ᠠᠬᠤᠶ᠎ᠶ᠋ᠢᠨ ᠢᠮ ᠲᠡᠮᠳᠡᠭ ᠮᠥᠨ᠃ ᠠᠭᠤᠷᠬᠠᠶ ᠮᠠᠯᠲᠠᠬᠤ ᠳ᠋ᠤ ᠭᠠᠷᠭᠠᠭ᠍ᠰᠠᠨ ᠶᠡᠬᠡ ᠬᠡᠮᠵᠢᠶᠡᠨ᠎ᠦ ᠬᠠᠶᠠᠭ᠍ᠳᠠᠮᠠᠯ ᠴᠢᠯᠠᠭᠤ᠂ ᠦᠯᠡᠳᠡᠭ᠌ᠳᠡᠯ ᠬᠦᠳᠡᠷ ᠨᠢ ᠵᠢᠯ ᠲᠤᠵᠢ ᠣᠪᠣᠭᠠᠷᠠᠵᠤ᠂ ᠨᠢᠭᠡᠨ ᠦᠶ᠎ᠡ ᠱᠢᠷ᠎ᠠ ᠱᠢᠷᠣᠶ ᠪᠡᠷ ᠨᠢ ᠢᠯᠡ ᠲᠠᠯᠪᠢᠵᠤ᠂ ᠰᠠᠯᠬᠢ ᠬᠦᠳᠡᠯᠪᠡᠯ ᠲᠣᠭᠣᠰᠣ ᠰᠢᠷᠤᠢ ᠳᠡᠭ᠌ᠳᠡᠵᠦ᠍᠂ ᠵᠢᠭᠦᠷᠲᠡᠨ ᠠᠷᠢᠶᠠᠲᠠᠨ ᠴᠤ᠌ ᠤᠢᠷᠠᠳᠴᠤ ᠴᠢᠳᠠᠬᠤ ᠦᠭᠡᠢ ᠪᠠᠢᠯ᠎ᠠ᠃

ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠨ ᠵᠠᠰᠠᠬᠤ ᠪᠣᠯ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠲᠤᠯᠭᠠᠮ ᠰᠡᠳᠦᠪ ᠮᠥᠨ᠂ ᠪᠠᠰᠠ ᠴᠤ᠌ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠡᠷᠬᠡᠪᠰᠢ ᠳᠤᠭᠤᠯᠬᠤ ᠳᠠᠪᠠᠭ᠎ᠠ ᠮᠥᠨ᠃ 2018 ᠣᠨ᠎ᠡᠴᠡ ᠡᠬᠢᠯᠡᠨ᠂ ᠬᠣᠣᠯᠢᠨ ᠭᠣᠣᠯ ᠬᠤᠲᠠ ᠠᠭᠤᠷᠬᠠᠢ᠎ᠶ᠋ᠢᠨ ᠠᠮᠢ ᠠᠬᠤᠢ᠎ᠶ᠋ᠢ ᠰᠡᠷᠭᠦᠭᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠪᠡ᠃

4 ᠲᠦᠮᠡ ᠭᠠᠷᠤᠢ ᠮᠦ᠍ ᠵᠠᠳᠠᠭᠠᠢ ᠠᠭᠤᠷᠬᠠᠢ᠎ᠶ᠋ᠢᠨ ᠱᠢᠷᠣᠢ ᠭᠠᠳᠠᠭ᠍ᠰᠢᠯᠠᠭᠤᠯᠬᠤ ᠲᠠᠯᠠᠪᠠᠢ ᠵᠢᠴᠢ ᠨᠢᠴᠦᠭᠦᠨ ᠠᠭᠤᠯᠠᠰ ᠬᠦᠭᠡᠷᠡᠨ ᠨᠣᠭᠣᠭᠠᠷᠠᠵᠤ᠂ ᠶᠠᠭ ᠯᠡ ᠨᠣᠭᠣᠭᠠᠨ ᠬᠦᠷᠮ᠎ᠡ ᠬᠡᠳᠦᠷᠦᠭᠰᠡᠨ ᠮᠡᠲᠦ᠂ ᠡᠷᠬᠢᠨ ᠲᠣᠭᠣᠷᠢᠨ᠎ᠤ ᠲᠠᠯ᠎ᠠ ᠨᠤᠲᠤᠭ᠎ᠲᠠᠶ ᠨᠢᠭᠡ ᠴᠣᠭ᠍ᠴᠠ ᠪᠤᠯᠵᠦ᠍᠂ ᠪᠤᠷᠤ ᠭᠦᠷᠦᠭᠡᠰᠦ᠂ ᠭᠤᠷᠭᠤᠤᠯ᠂ ᠦᠨᠡᠭᠡ ᠵᠡᠷᠭᠡ ᠬᠡᠭᠡᠷ᠎ᠡ᠎ᠶ᠋ᠢᠨ ᠠᠮᠢᠲᠠᠳ ᠭᠡᠷ ᠣᠷᠣᠨ᠎ᠳᠠᠭᠠᠨ ᠪᠤᠴᠠᠵᠠᠢ  ᠁ 8 ᠵᠢᠯ᠎ᠦᠨ ᠴᠥᠬᠥᠷᠡᠰᠢ ᠦᠭᠡᠢ ᠴᠢᠷᠮᠠᠢᠯᠭ᠎ᠠ᠎ᠪᠠᠷ᠂ ᠡᠨᠳᠡ ᠨᠢᠭᠡᠨᠲᠡ ᠪᠣᠬᠢᠷᠲᠤᠯ ᠦᠭᠡᠢ ᠠᠭᠤᠷᠬᠠᠢ᠎ᠶ᠋ᠢᠨ ᠬᠡᠪ ᠳᠠᠭᠤᠷᠢᠶᠠᠯ ᠪᠣᠯᠵᠠᠢ᠃

《ᠱᠢᠨᠵᠢᠯᠡᠬᠦ᠌ ᠤᠬᠠᠭᠠᠨᠴᠢ᠎ᠪᠠᠷ ᠵᠠᠰᠠᠵᠤ᠂ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠪᠣᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢᠨ ᠭᠤᠤᠯ ᠵᠠᠩᠭᠢᠯᠠᠭ᠎ᠠ ᠮᠥᠨ》 ᠭᠡᠵᠦ ᠡᠮᠦᠨ᠎ᠡ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠶᠡᠷᠦᠩᠬᠡᠶ ᠬᠢᠨᠠᠭ᠍ᠴᠢ ᠯᠢ ᠮᠢᠶᠣᠣ ᠮᠢᠶᠣᠣ ᠳ᠋ᠦᠩᠨᠡᠨ ᠬᠡᠯᠡᠪᠡ᠃

ᠥᠨᠳᠥᠷ ᠬᠦᠢᠲᠡᠨ ᠪᠦᠭᠡᠳ ᠪᠣᠷᠣᠭᠠᠨ ᠴᠦᠬᠡᠨ᠂ ᠡᠭ᠌ᠴᠡ ᠬᠥᠲᠥᠯ ᠤᠯᠠᠨ ᠪᠦᠭᠡᠳ ᠭᠠᠵᠠᠷ ᠨᠢ ᠲᠠᠴᠢᠷ ᠪᠠᠢᠵᠤ᠂ ᠵᠠᠰᠠᠯᠲᠠ᠎ᠶ᠋ᠢᠨ ᠵᠠᠮ ᠳ᠋ᠤ ᠥᠷᠢᠰᠥᠯᠳᠦᠭᠡᠨ ᠶᠡᠭᠡᠳᠡᠢ ᠨᠢ ᠶᠠᠷᠢᠶᠠᠨ ᠦᠬᠡᠢ᠃ ᠬᠡᠷᠬᠢᠨ ᠡᠭ᠌ᠴᠡ ᠬᠠᠶᠠᠭ᠍ᠳᠠᠮᠠᠯ ᠴᠢᠯᠠᠭᠤᠨ ᠣᠪᠣᠭᠠᠨ ᠳᠡᠭᠡᠷ᠎ᠡ ᠬᠥᠷᠥᠰᠥ᠎ᠶ᠋ᠢ ᠪᠡᠬᠢᠵᠢᠭᠦᠯᠦᠨ ᠨᠣᠭᠣᠭᠠᠷᠠᠭᠤᠯᠬᠤ ᠪᠤᠢ? ᠡᠪᠡᠰᠦᠨ᠎ᠦ ᠦᠷ᠎ᠡ᠎ᠶ᠋ᠢ ᠬᠡᠷᠬᠢᠨ ᠰᠣᠩᠭᠣᠨ ᠪᠣᠢᠵᠢᠭᠤᠯᠪᠠᠯ ᠰᠠᠶᠢ ᠬᠠᠳᠠᠭᠤ ᠪᠡᠷᠬᠡᠰᠢᠶᠡᠯ ᠲᠠᠢ ᠠᠭᠤᠷ ᠠᠮᠢᠰᠭᠤᠯ᠎ᠤᠨ ᠨᠥᠬᠥᠴᠡᠯ ᠳᠣᠣᠷ᠎ᠠ ᠲᠣᠭ᠍ᠲᠠᠭᠤᠨ ᠣᠷᠭᠣᠵᠦ᠍ ᠴᠢᠳᠠᠬᠤ ᠪᠥᠭᠡᠳ ᠣᠷᠳᠣ ᠬᠤᠭᠤᠴᠠᠭ᠎ᠠ᠎ᠪᠠᠷ ᠬᠠᠮᠠᠭᠠᠯᠠᠬᠤ ᠴᠢᠬᠤᠯᠠ ᠦᠭᠡᠢ ᠪᠠᠢᠬᠤ᠎ᠶ᠋ᠢ ᠪᠡᠶᠡᠯᠡᠭᠦᠯᠵᠦ᠍ ᠴᠢᠳᠠᠬᠤ ᠪᠤᠢ? ᠁ ᠠᠯᠢ ᠣᠯᠠᠨ ᠬᠦᠴᠢᠷ ᠠᠰᠠᠭᠤᠳᠠᠯ ᠱᠢᠶ᠋ᠳᠪᠦᠷᠢᠯᠡᠭᠳᠡᠬᠦ᠌᠎ᠶ᠋ᠢᠨ ᠳᠠᠭᠠᠤ᠎ᠳᠤ᠂ 《ᠭᠠᠵᠠᠷ᠎ᠤᠨ ᠪᠠᠢᠴᠠ᠎ᠶ᠋ᠢ ᠳᠠᠬᠢᠨ ᠱᠤᠭᠤᠬᠤ᠂ ᠤᠷᠭᠤᠮᠠᠯ᠎ᠤᠨ ᠬᠤᠴᠢᠯᠭ᠎ᠠ᠎ᠶ᠋ᠢ ᠳᠠᠬᠢᠨ ᠪᠠᠢᠭᠤᠯᠬᠤ ᠵᠢᠴᠢ ᠬᠥᠷᠥᠰᠥ᠍ ᠱᠢᠷᠣᠶ᠎ᠶ᠋ᠢ ᠰᠠᠢᠵᠢᠷᠠᠭᠤᠯᠬᠤ᠂ ᠬᠥᠷᠥᠰᠥ᠍ ᠱᠢᠷᠣᠶ᠎ᠶ᠋ᠢ ᠬᠠᠮᠠᠭᠠᠯᠠᠬᠤ᠂ ᠤᠰᠤ ᠬᠠᠩᠭᠠᠬᠤ ᠱᠢᠰᠲ᠋ᠧᠮ᠂ ᠤᠰᠤᠯᠠᠬᠤ ᠱᠢᠰᠲ᠋ᠧᠮ》 ᠵᠡᠷᠭᠡ ᠵᠢᠷᠭᠤᠭᠠᠨ ᠶᠡᠬᠡ ᠱᠢᠰᠲ᠋ᠧᠮᠲᠦ ᠴᠢᠨᠠᠷᠲᠠᠶ ᠵᠠᠰᠠᠬᠤ ᠢᠨᠵᠧᠨᠧᠷᠢᠩ᠎ᠦᠨ ᠠᠷᠭ᠎ᠠ ᠬᠡᠮᠵᠢᠶ᠎ᠡ ᠠᠯᠬᠤᠮ ᠠᠯᠬᠤᠮ᠎ᠢᠶᠠᠷ ᠲᠣᠳᠣᠷᠬᠠᠶ ᠪᠣᠯᠵᠣ᠂ ᠦᠨᠳᠦᠷ ᠬᠦᠶ᠋ᠲᠡᠨ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠳᠦ ᠱᠢᠨᠵᠢᠯᠡᠬᠦ᠌ ᠤᠬᠠᠭᠠᠨᠴᠢ ᠪᠥᠭᠡᠳ ᠪᠣᠯᠤᠮᠵᠢᠲᠠᠶ ᠦᠶ᠋ᠯᠡᠳᠦᠯᠭᠡ᠎ᠶ᠋ᠢᠨ ᠠᠷᠭ᠎ᠠ ᠵᠠᠮ ᠭᠠᠷᠭᠠᠵᠤ ᠥᠭ᠌ᠴᠡᠶ᠃      ᠭᠠᠵᠠᠷ᠎ᠤᠨ ᠪᠠᠢᠴᠠ᠎ᠶ᠋ᠢ ᠳᠠᠬᠢᠨ ᠱᠤᠭᠤᠬᠤ ᠭᠡᠳᠡᠭ ᠨᠢ ᠱᠢᠷᠣᠢ ᠭᠠᠳᠠᠭ᠍ᠰᠢᠯᠠᠭᠤᠯᠬᠤ ᠶᠠᠪᠤᠴᠠ ᠳᠤᠮᠳᠠ ᠪᠦᠷᠢᠯᠳᠦᠭ᠌ᠰᠡᠨ ᠡᠭ᠌ᠴᠡ ᠬᠥᠲᠥᠯ᠎ᠢ ᠲᠡᠭᠰᠢᠯᠡᠨ᠂ ᠲᠡᠭᠡᠷ᠎ᠡ ᠨᠢ ᠱᠢᠷ᠎ᠠ ᠬᠥᠷᠥᠰᠥ ᠳᠠᠷᠤᠵᠤ᠂ ᠤᠷᠭᠤᠮᠠᠯ᠎ᠤᠨ ᠥᠰᠥᠯᠲᠡ᠎ᠳᠦ ᠰᠠᠢᠨ ᠰᠠᠢᠬᠠᠨ ᠤᠷᠭᠤᠬᠤ ᠨᠥᠬᠥᠴᠡᠯ᠎ᠢ ᠪᠦᠷᠢᠯᠳᠦᠭᠦᠯᠵᠦ᠍ ᠥᠭ᠌ᠭᠦ ᠵᠢ ᠵᠢᠭᠠᠨ᠎ᠠ᠃ ᠤᠷᠭᠤᠮᠠᠯ᠎ᠤᠨ ᠬᠤᠴᠢᠯᠭ᠎ᠠ᠎ᠶ᠋ᠢ ᠳᠠᠬᠢᠨ ᠪᠠᠢᠭᠤᠯᠬᠤ ᠭᠡᠳᠡᠭ ᠨᠢ ᠨᠤᠲᠤᠭ᠎ᠤᠨ ᠤᠷᠭᠤᠮᠠᠯ᠎ᠤᠨ ᠳᠦᠷᠰᠦ᠎ᠶ᠋ᠢᠨ ᠳᠣᠲᠣᠷ᠎ᠠ᠎ᠡᠴᠡ ᠬᠤᠵᠢᠷᠯᠢᠭ ᠡᠪᠡᠰᠦ᠂ ᠴᠠᠷᠭᠠᠰᠤ᠂ ᠬᠢᠶᠠᠭ ᠡᠪᠡᠰᠦ᠂ ᠴᠢᠴᠠᠷᠭᠠᠨ᠎ᠠ ᠵᠡᠷᠭᠡ ᠬᠦᠢᠲᠡᠨ᠎ᠳᠦ ᠲᠡᠰᠪᠦᠷᠢᠲᠡᠶ᠂ ᠲᠠᠴᠢᠷ ᠨᠢᠮᠭᠡᠨ ᠬᠦᠷᠦᠰᠦ ᠰᠢᠷᠤᠢ ᠳ᠋ᠤ ᠤᠷᠭᠤᠬᠤ ᠡᠪᠡᠰᠦᠨ᠎ᠦ ᠦᠷ᠎ᠡ᠂ ᠪᠣᠳᠠ ᠮᠣᠳᠣ ᠵᠢ ᠰᠤᠩᠭᠤᠨ᠂ ᠬᠠᠪᠲᠠᠭᠠᠶ ᠭᠠᠵᠠᠷ᠎ᠲᠤ 12 ᠵᠦᠢᠯ᠎ᠦᠨ ᠡᠪᠡᠰᠦᠨ᠎ᠦ ᠦᠷ᠎ᠡ᠎ᠶ᠋ᠢ ᠬᠣᠯᠢᠯᠳᠤᠭᠤᠯᠤᠨ ᠲᠠᠷᠢᠵᠤ᠂ ᠭᠦᠳᠦᠯ ᠤ᠋ᠨ ᠭᠠᠳᠠᠷᠭᠤ᠎ᠶ᠋ᠢᠨ ᠪᠤᠲᠠᠯᠢᠭ ᠡᠪᠡᠰᠦ᠎ᠲᠠᠢ ᠤᠶᠠᠯᠳᠤᠭᠤᠯᠤᠨ᠂ ᠣᠢᠷ᠎ᠠ ᠬᠠᠪᠢ᠎ᠶ᠋ᠢᠨ ᠪᠠᠢᠭᠠᠯᠢ᠎ᠶ᠋ᠢᠨ ᠠᠮᠢ ᠠᠬᠤᠶ᠎ᠶ᠋ᠢᠨ ᠪᠦᠯᠦᠭᠵᠢᠯ᠎ᠢ ᠪᠦᠲᠦᠮᠵᠢᠲᠡᠶ᠎ᠪᠡᠷ ᠰᠡᠷᠭᠦᠭᠡᠵᠦ᠍᠂ ᠳᠠᠬᠢᠨ ᠣᠷᠭᠠᠨᠢᠭ ᠪᠣᠷᠳᠣᠭᠤᠷ ᠣᠷᠣᠭᠤᠯᠵᠤ ᠬᠥᠷᠥᠰᠥ᠍ ᠱᠢᠷᠣᠶ᠎ᠶ᠋ᠢ ᠰᠠᠢᠵᠢᠷᠠᠭᠤᠯᠤᠨ᠂ ᠤᠷᠭᠤᠮᠠᠯ᠎ᠤᠨ ᠬᠤᠴᠢᠯᠭ᠎ᠠ᠎ᠶ᠋ᠢᠨ ᠤᠷᠭᠤᠯᠲᠠ᠎ᠶ᠋ᠢ ᠠᠬᠢᠭᠤᠯᠤᠨ᠎ᠠ᠃ ᠡᠭᠦᠨ᠎ᠦ ᠬᠠᠮᠲᠤ᠂ ᠤᠰᠤ ᠵᠠᠯᠠᠬᠤ ᠰᠤᠪᠠᠭ ᠪᠠᠢᠭᠤᠯᠵᠤ᠂ ᠢᠯᠡᠭᠦᠴᠡ ᠬᠤᠷ᠎ᠠ ᠲᠣᠨᠳᠠᠰᠤ᠎ᠶ᠋ᠢ ᠱᠢᠷᠣᠶ ᠭᠠᠳᠠᠭ᠍ᠰᠢᠯᠠᠭᠤᠯᠬᠤ ᠲᠠᠯᠠᠪᠠᠶ᠎ᠡᠴᠡ ᠭᠠᠷᠭᠠᠵᠤ᠂ ᠪᠣᠷᠣᠭᠠᠨ᠎ᠤ ᠤᠰᠤ ᠬᠥᠲᠥᠯ ᠵᠢᠡᠷ ᠤᠷᠤᠰᠴᠤ ᠬᠥᠷᠥᠰᠥ ᠰᠢᠷᠣᠢ ᠶ᠋ᠢᠨ ᠢᠳᠡᠭᠳᠡᠯ᠎ᠢ ᠪᠣᠶ ᠪᠣᠯᠭᠠᠬᠤ᠎ᠶ᠋ᠢ ᠰᠡᠷᠭᠡᠢᠯᠡᠨ᠎ᠡ᠃

ᠤᠰᠤ ᠬᠠᠩᠭᠠᠬᠤ ᠱᠢᠰᠲ᠋ᠧᠮ ᠪᠠ ᠤᠰᠤᠯᠠᠬᠤ ᠱᠢᠰᠲ᠋ᠧᠮ ᠳ᠋ᠤ ᠠᠳᠠᠯᠢᠬᠠᠨ ᠵᠢᠡᠷ ᠤᠷᠠᠨ ᠤᠬᠠᠭᠠᠨ ᠨᠢᠭᠤᠭ᠍ᠳᠠᠵᠤ ᠪᠤᠢ᠃ ᠤᠷᠭᠤᠮᠠᠯ᠎ᠤᠨ ᠥᠰᠥᠯᠲᠡ᠎ᠳᠦ ᠬᠡᠷᠡᠭ᠌ᠰᠡᠬᠦ᠌ ᠤᠰᠤ᠎ᠶ᠋ᠢ ᠪᠠᠲᠤᠯᠠᠬᠤ᠎ᠶ᠋ᠢᠨ ᠲᠤᠰᠠᠳᠠ᠂ ᠱᠢᠷᠣᠶ ᠭᠠᠳᠠᠭᠰᠢᠯᠠᠭᠤᠯᠬᠤ ᠲᠠᠯᠠᠪᠠᠶ ᠨᠢ ᠤᠰᠤ ᠬᠠᠳᠠᠭᠠᠯᠠᠬᠤ ᠴᠥᠭᠥᠷᠥᠮ ᠪᠣᠯᠤᠨ ᠬᠥᠭᠡᠷᠭᠡ᠎ᠶ᠋ᠢᠨ ᠭᠡᠷ ᠪᠠᠢᠭᠤᠯᠵᠤ᠂ ᠠᠭᠤᠷᠬᠠᠶ᠎ᠶ᠋ᠢᠨ ᠨᠦᠬᠡ᠎ᠡᠴᠡ ᠢᠷᠡᠭ᠌ᠰᠡᠨ ᠨᠡᠭᠦᠷᠡᠰᠦᠨ ᠳᠠᠪᠬᠤᠷᠭ᠎ᠠ ᠳ᠋ᠡᠬᠢ ᠤᠰᠤ᠎ᠶ᠋ᠢ ᠴᠡᠪᠡᠷᠱᠢᠭᠦᠯᠦᠭ᠌ᠰᠡᠨ᠎ᠦ ᠳᠠᠷᠠᠭ᠎ᠠ ᠤᠰᠤᠯᠠᠯᠲᠠ᠎ᠳᠤ ᠬᠡᠷᠡᠭ᠌ᠯᠡᠵᠦ᠍᠂ ᠠᠭᠤᠷᠬᠠᠶ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠢ 《ᠭᠠᠳᠠᠭ᠍ᠰᠢ ᠭᠠᠷᠭᠠᠬᠤ ᠦᠭᠡᠶ᠂ ᠪᠦᠬᠦᠨ᠎ᠢ ᠠᠱᠢᠭ᠍ᠯᠠᠬᠤ》 ᠶ᠋ᠢ ᠦᠨᠡᠨ ᠬᠦ᠌ ᠪᠡᠶᠡᠯᠡᠭᠦᠯᠪᠡ᠃ ᠤᠰᠤᠯᠠᠬᠤ ᠦᠶᠡᠰ᠂ ᠲᠠᠪᠴᠠᠩ᠎ᠳᠤ ᠰᠦᠷᠴᠢᠨ ᠤᠰᠤᠯᠠᠬᠤ᠂ ᠭᠦᠳᠦᠯ ᠤ᠋ᠨ ᠭᠠᠳᠠᠷᠭᠤ᠎ᠳᠤ ᠳᠤᠰᠤᠯᠭᠠᠨ ᠤᠰᠤᠯᠠᠬᠤ ᠠᠷᠭ᠎ᠠ᠎ᠶ᠋ᠢ ᠬᠡᠷᠡᠭ᠌ᠯᠡᠵᠦ᠍᠂ ᠤᠰᠤᠨ᠎ᠤ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠳᠡᠭᠡᠭ᠌ᠰᠢᠯᠡᠭᠦᠯᠵᠡᠢ᠃

《ᠨᠡᠭᠡᠭᠡᠨ ᠮᠠᠯᠲᠠᠬᠤ᠎ᠶ᠋ᠢᠨ ᠳᠠᠭᠠᠤ ᠵᠠᠰᠠᠵᠤ》᠂ 《ᠬᠠᠭᠤᠴᠢᠨ ᠲᠠᠩᠰᠠ᠎ᠪᠠᠨ ᠨᠥᠬᠥᠵᠦ᠍᠂ ᠱᠢᠨ᠎ᠡ ᠲᠠᠩᠰᠠ ᠥᠷᠢᠲᠦᠬᠦ᠌ ᠥᠬᠡᠶ》 ᠪᠠᠢᠵᠤ᠂ 2025 ᠣᠨ᠎ᠤ ᠡᠴᠦᠰ ᠪᠣᠯᠲᠠᠯ᠎ᠠ᠂ ᠬᠣᠣᠯᠢᠨ ᠭᠤᠤᠯ ᠬᠣᠲᠠ᠎ᠶ᠋ᠢᠨ 《ᠵᠠᠰᠠᠬᠤ ᠶᠣᠰᠣᠲᠠᠶ᠂ ᠵᠠᠰᠠᠵᠤ ᠳᠡᠢᠯᠬᠦ᠌᠂ ᠵᠠᠰᠠᠵᠤ ᠪᠤᠯᠬᠤ》ᠠᠭᠤᠷᠬᠠᠶ᠎ᠶ᠋ᠢᠨ ᠣᠷᠣᠨ᠎ᠢ ᠪᠦᠬᠦᠨ᠎ᠢ ᠨᠣᠭᠣᠭᠠᠷᠠᠭᠤᠯᠪᠠ᠃ ᠡᠭᠦᠨ᠎ᠳᠦ᠂ ᠡᠮᠦᠨ᠎ᠡ᠂ ᠬᠤᠢᠳᠤ ᠵᠠᠳᠠᠭᠠᠶ ᠠᠭᠤᠷᠬᠠᠶ᠎ᠶ᠋ᠢᠨ ᠵᠠᠰᠠᠨ ᠰᠡᠷᠭᠦᠭᠡᠬᠦ᠌ ᠣᠷᠣᠨ᠎ᠤ ᠤᠷᠭᠤᠮᠠᠯ᠎ᠤᠨ ᠬᠤᠴᠢᠯᠭ᠎ᠠ 90% ᠎ᠡᠴᠡ ᠳᠡᠭᠡᠭ᠌ᠰᠢ᠎ᠳᠦ ᠬᠦᠷᠴᠦ᠍᠂ ᠡᠷᠭᠢᠨ ᠲᠣᠭᠣᠷᠢᠨ᠎ᠤ ᠪᠠᠢᠭᠠᠯᠢ᠎ᠶ᠋ᠢᠨ ᠨᠤᠲᠤᠭ ᠪᠡᠯᠴᠢᠭᠡᠷ᠎ᠡᠴᠡ ᠬᠣᠯᠠ ᠳᠠᠪᠠᠭ᠍ᠰᠠᠨ ᠪᠠᠢᠨ᠎ᠠ᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠮᠢ ᠠᠬᠤᠶ ᠣᠷᠴᠢᠨ ᠲᠣᠭᠣᠷᠢᠨ᠎ᠤ ᠰᠤᠳᠤᠯᠭᠠᠨ᠎ᠤ ᠲᠥᠪ 《ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠵᠠᠩᠭᠢᠯᠠᠭ᠎ᠠ᠎ᠶ᠋ᠢᠨ ᠶᠠᠪᠤᠴᠠ ᠪᠣᠯᠤᠨ ᠠᠮᠢ ᠠᠬᠤᠶ᠎ᠶ᠋ᠢᠨ ᠱᠢᠰᠲ᠋ᠧᠮ᠎ᠦᠨ ᠲᠣᠭ᠍ᠲᠠᠪᠤᠷᠢᠲᠤ ᠴᠢᠨᠠᠷ ᠵᠢᠴᠢ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠰᠤᠳᠤᠯᠭᠠᠨ》 ᠎ᠳ᠋ᠠᠭᠠᠨ᠄ ᠪᠦᠬᠦᠯᠢ ᠴᠣᠭ᠍ᠴᠠ᠎ᠡᠴᠡ ᠠᠪᠴᠤ᠌ ᠬᠡᠯᠡᠪᠡᠯ᠂ ᠬᠠᠭᠠᠯᠪᠤᠷᠢᠯᠠᠬᠤ ᠵᠢ ᠰᠡᠷᠭᠦᠭᠡᠬᠦ ᠣᠷᠣᠨ ᠨᠢ ᠰᠡᠷᠭᠦᠭᠡᠬᠦ᠌ ᠴᠠᠭ᠎ᠢ ᠤᠷᠲᠤᠳᠬᠠᠬᠤ᠎ᠵᠢ ᠳᠠᠭᠠᠯᠳᠤᠨ ᠠᠮᠢ ᠠᠬᠤᠶ᠎ᠶ᠋ᠢᠨ ᠪᠠᠢᠳᠠᠯ ᠰᠠᠢᠵᠢᠷᠠᠵᠤ᠂ ᠬᠥᠮᠦᠨ᠎ᠦ ᠬᠦᠴᠦ᠍᠎ᠪᠡᠷ ᠰᠡᠷᠭᠦᠭᠡᠭᠰᠡᠨ ᠣᠷᠣᠨ᠎ᠳᠤ ᠬᠣᠱᠢᠭᠤᠴᠢ ᠤᠷᠭᠤᠮᠠᠯ᠎ᠤᠨ ᠳᠦᠷᠰᠦ ᠵᠢ ᠳᠠᠷᠢᠬᠤ᠎ᠪᠠᠷ ᠳᠡᠮᠵᠢᠨ ᠨᠢᠭᠡᠨᠲᠡ ᠪᠠᠢᠭᠠᠯᠢ᠎ᠶ᠋ᠢᠨ ᠨᠤᠲᠤᠭ ᠪᠡᠯᠴᠢᠭᠡᠷ᠎ᠦᠨ ᠪᠦᠷᠬᠦᠬᠦᠯᠬᠦ᠎ᠳᠦ ᠣᠢᠷᠠᠲᠤᠬᠰᠠᠨ ᠪᠠᠢᠨ᠎ᠠ ᠭᠡᠵᠦ ᠦᠨᠡᠯᠡᠪᠡ᠃

ᠣᠷᠣᠨ ᠪᠦᠰᠡ᠎ᠶ᠋ᠢᠨ ᠠᠭᠤᠷ ᠠᠮᠢᠰᠭᠤᠯ᠎ᠳᠤ ᠪᠠᠰᠠ ᠬᠤᠪᠢᠷᠠᠯᠲᠠ ᠡᠭᠦᠰᠦᠭᠰᠡᠨ ᠪᠠᠢᠨ᠎ᠠ᠃ 《ᠥᠩᠭᠡᠷᠡᠭ᠌ᠰᠡᠨ᠎ᠳᠦ ᠬᠤᠤᠯᠢᠨ ᠭᠤᠤᠯ ᠣᠷᠣᠨ᠎ᠳᠤ ᠭᠠᠩ ᠬᠠᠭᠤᠷᠠᠶ ᠪᠦᠬᠡᠳ ᠬᠦᠶ᠋ᠲᠡᠨ ᠪᠣᠷᠣᠭᠠᠨ ᠴᠦᠬᠡᠨ᠂ ᠮᠠᠨᠠᠨ ᠲᠠᠢ ᠡᠳᠦᠷ ᠪᠠᠷᠤᠭ ᠪᠠᠢᠬᠤ ᠥᠬᠡᠶ᠂ ᠣᠲᠣ ᠠᠮᠢ ᠠᠬᠤᠶ᠎ᠶ᠋ᠢ ᠵᠠᠰᠠᠨ ᠰᠡᠷᠭᠦᠬᠡᠭᠰᠡᠨ ᠲᠠᠯᠠᠪᠠᠶ ᠲᠠᠰᠤᠷᠠᠯᠲᠠ ᠥᠬᠡᠶ ᠥᠷᠭᠡᠳᠬᠦ᠌᠎ᠶ᠋ᠢ ᠳᠠᠭᠠᠯᠳᠤᠨ᠂ ᠤᠷᠭᠤᠮᠠᠯ᠎ᠤᠨ ᠬᠤᠴᠢᠯᠭ᠎ᠠ᠎ᠶ᠋ᠢᠨ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ ᠶᠡᠬᠡ᠎ᠪᠡᠷ ᠳᠡᠭᠡᠭ᠌ᠰᠢᠯᠡᠵᠦ᠍᠂ ᠠᠭᠠᠷ᠎ᠤᠨ ᠴᠢᠭᠢᠭ᠎ᠦᠨ ᠬᠡᠮᠵᠢᠶ᠎ᠡ ᠢᠯᠡᠳᠲᠡ ᠨᠡᠮᠡᠭ᠌ᠳᠡᠵᠡᠶ᠃ 2023 ᠣᠨ᠎ᠡᠴᠡ ᠨᠠᠭᠠᠰᠢ᠂ ᠠᠭᠤᠷᠬᠠᠶ᠎ᠶ᠋ᠢᠨ ᠣᠷᠣᠨ᠎ᠳᠤ ᠰᠠᠭᠰᠤᠷᠭ᠎ᠠ ᠢᠯᠡᠷᠡᠵᠦ᠍᠂ ᠪᠠᠰᠠ ᠨᠢᠮᠭᠡᠨ ᠮᠠᠨᠨᠠ ᠪᠦᠷᠬᠦᠬᠦ ᠦᠵᠡᠮᠵᠢ᠎ᠶ᠋ᠢ ᠦᠷᠭᠦᠯᠵᠢ ᠣᠯᠵᠤ ᠬᠠᠷᠠᠳᠠᠭ ᠪᠤᠯᠵᠠᠢ》᠃ ᠯᠢ ᠮᠢᠶᠣᠣ ᠮᠢᠶᠤᠣ ᠵᠠᠳᠠᠭᠠᠢ ᠠᠭᠤᠷᠬᠠᠢ᠎ᠶ᠋ᠢᠨ ᠵᠠᠰᠠᠯᠲᠠ᠎ᠵᠢᠨ ᠪᠦᠬᠦ᠌ ᠶᠠᠪᠤᠴᠠ᠎ᠳᠤ ᠣᠷᠣᠯᠴᠠᠭ᠍ᠰᠠᠨ ᠪᠥᠭᠡᠳ ᠡᠨᠡ ᠨᠤᠳᠤᠭ᠎ᠤᠨ ᠬᠦᠨᠵᠡᠬᠡᠢ ᠬᠤᠪᠢᠷᠠᠯᠲᠠ᠎ᠶ᠋ᠢ ᠭᠡᠷᠡᠴᠢᠯᠡᠪᠡ᠃

ᠳᠠᠭᠠᠭᠤᠯᠢ ᠣᠳᠣᠨ᠎ᠤ ᠠᠯᠤᠰ ᠰᠡᠷᠡᠯ᠎ᠦᠨ ᠲᠣᠭ᠎ᠠ ᠪᠠᠷᠢᠮᠲᠠ ᠨᠢ ᠡᠨᠡ ᠬᠦ᠌ ᠦᠨᠡᠨ ᠪᠣᠳᠠᠲᠠᠶ ᠬᠤᠪᠢᠷᠠᠯᠲᠠ᠎ᠶ᠋ᠢ ᠭᠡᠷᠡᠴᠢᠯᠡᠵᠦ᠍ ᠪᠠᠢᠨ᠎ᠠ᠃ ᠬᠢᠨᠠᠨ ᠬᠡᠮᠵᠢᠯᠲᠡ᠎ᠶ᠋ᠢ ᠦᠨᠳᠦᠰᠦᠯᠡᠪᠡᠯ᠂ ᠣᠢᠷ᠎ᠠ᠎ᠶ᠋ᠢᠨ ᠵᠢᠯ᠎ᠡᠴᠡ ᠬᠤᠤᠯᠢᠨ ᠭᠤᠤᠯ ᠬᠣᠲᠠ᠎ᠶ᠋ᠢᠨ ᠳᠤᠮᠳᠠᠴᠢ ᠤᠷᠭᠤᠮᠠᠯ᠎ᠤᠨ ᠬᠤᠴᠢᠯᠭ᠎ᠠ 80% ᠪᠣᠯᠲᠠᠯ᠎ᠠ ᠳᠡᠭᠡᠭ᠌ᠰᠢᠯᠡᠵᠦ᠍᠂ ᠴᠢᠨᠠᠷ ᠮᠠᠭᠤᠲᠠᠢ ᠤᠷᠭᠤᠮᠠᠯ᠎ᠤᠨ ᠬᠤᠴᠢᠯᠭ᠎ᠠ᠎ᠶ᠋ᠢᠨ ᠡᠵᠡᠯᠡᠬᠦ᠌ ᠬᠠᠷᠢᠴᠠᠯ ᠨᠢᠭᠡᠨᠲᠡ 《ᠲᠡᠭ》 ᠪᠣᠯᠵᠠᠶ᠃ ᠥᠩᠭᠡᠷᠡᠭ᠌ᠰᠡᠨ 40 ᠵᠢᠯ ᠳ᠋ᠤ ᠵᠢᠯ᠎ᠤᠨ ᠳᠤᠮᠳᠠᠴᠢ ᠡᠯᠡᠰᠦᠨ ᠱᠢᠭᠤᠷᠭ᠎ᠠ᠎ᠲᠠᠶ ᠡᠳᠦᠷ ᠨᠠᠢᠳᠠ 15.3 ᠡᠳᠦᠷ ᠪᠠᠢᠵᠤ᠂ ᠣᠢᠷ᠎ᠠ᠎ᠶ᠋ᠢᠨ ᠳᠥᠷᠪᠡᠨ ᠵᠢᠯ᠎ᠳᠦ 6.7 ᠡᠳᠦᠷ ᠪᠣᠯᠵᠣ ᠪᠠᠭᠤᠷᠠᠨ᠂ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠡᠵᠡᠯᠡᠬᠦ᠌ ᠬᠠᠷᠢᠴᠠᠯ᠎ᠨᠢ 97.2% ᠎ᠲᠤ᠌ ᠬᠦᠷᠴᠦ᠍᠂ ᠬᠥᠬᠡ ᠣᠭ᠍ᠲᠠᠷᠭᠤᠶ ᠬᠥᠪᠥᠩ ᠡᠭᠦᠯᠡ ᠪᠠᠢᠩᠭᠤ ᠵᠢᠨ ᠦᠵᠡᠮᠵᠢ ᠪᠣᠯᠵᠠᠶ᠃

ᠡᠳᠡᠭᠡᠷ ᠯᠤᠲᠤ ᠶᠡᠬᠡ ᠬᠤᠪᠢᠷᠠᠯᠲᠠ᠎ᠶ᠋ᠢᠨ ᠠᠷᠤ᠎ᠳᠤ᠂ ᠱᠢᠨᠵᠢᠯᠡᠬᠦ᠌ ᠤᠬᠠᠭᠠᠨᠴᠢ᠎ᠪᠠᠷ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠦᠭᠰᠡᠨ ᠤᠷᠠᠨ ᠳᠠᠷᠬᠠᠨ᠎ᠤ ᠵᠤᠷᠢᠭ ᠰᠠᠨᠠᠭ᠎ᠠ ᠪᠤᠢ᠂ ᠪᠠᠰᠠ ᠪᠦᠬᠦ᠌ ᠬᠤᠳᠠ᠎ᠶ᠋ᠢᠨ ᠵᠣᠷᠢᠭ᠍ᠰᠠᠨ᠎ᠳᠠᠭᠠᠨ ᠵᠠᠪᠠᠯ ᠬᠦᠷᠬᠦ᠌ ᠪᠠᠷᠢᠮᠳᠠᠯᠠᠯ ᠪᠤᠢ᠃ ᠬᠤᠤᠯᠢᠨ ᠭᠤᠤᠯ ᠬᠣᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠠᠵᠢᠯᠲᠠᠨ ᠪᠦᠦ ᠵᠤᠸᠠᠩ ᠯᠢ ᠡᠷᠭᠢᠴᠡᠭᠦᠯᠬᠦ᠌᠎ᠳᠡᠭᠡᠨ᠂ 2018 ᠣᠨ᠎ᠡᠴᠡ ᠡᠬᠢᠯᠡᠨ᠂ ᠪᠥᠬᠥ᠌ ᠬᠣᠲᠠ᠎ᠶ᠋ᠢᠨ ᠨᠠᠮ ᠵᠠᠰᠠᠭ᠎ᠤᠨ ᠤᠳᠤᠷᠢᠳᠤᠯᠭ᠎ᠠ ᠬᠥᠮᠦᠨ ᠪᠦᠷᠢ ᠨᠢᠭᠡ ᠬᠡᠰᠡᠭ ᠠᠭᠤᠷᠬᠠᠶ᠎ᠶ᠋ᠢ ᠳᠠᠭᠠᠭᠠᠴᠢᠯᠠᠨ ᠠᠪᠴᠤ᠂ ᠪᠡᠶ᠎ᠡ᠎ᠪᠡᠷ᠎ᠢᠶᠡᠨ ᠬᠢᠨᠠᠨ ᠵᠢᠯᠣᠭᠣᠳᠴᠤ᠌᠂ ᠲᠦᠩᠯᠢᠶᠣᠤ ᠬᠣᠲᠠ᠂ ᠬᠤᠤᠯᠢᠨ ᠭᠤᠤᠯ ᠬᠣᠲᠠ᠎ᠶ᠋ᠢᠨ ᠬᠣᠶᠠᠷ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠺᠠᠳ᠋ᠷ ᠨᠠᠩ ᠴᠤ᠌ ᠲᠤᠰᠭᠠᠶ ᠮᠡᠷᠭᠡᠵᠢᠯᠲᠡᠨ᠎ᠢ ᠳᠠᠭᠠᠭᠤᠯᠤᠨ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌ ᠡᠮᠦᠨ᠎ᠡ ᠹᠷᠣᠨᠲ᠎ᠢ ᠪᠠᠢᠩᠭᠤ ᠰᠠᠬᠢᠵᠤ᠂ ᠠᠬᠢᠴᠠ᠎ᠶ᠋ᠢ ᠴᠢᠩᠭ᠎ᠠ ᠠᠩᠬᠠᠷᠪᠠ᠃ ᠲᠤᠬᠠᠢ᠎ᠶ᠋ᠢᠨ ᠭᠠᠵᠠᠷ᠎ᠤᠨ ᠬᠢᠨ ᠪᠠᠰᠠ ᠲᠤᠰᠭᠠᠢᠯᠠᠨ ᠠᠮᠢ ᠠᠬᠤᠢ᠎ᠶ᠋ᠢ ᠵᠠᠰᠠᠨ ᠰᠡᠷᠭᠦᠭᠡᠬᠦ᠌ ᠲᠤᠰᠭᠠᠢ ᠲᠠᠩᠰᠠ ᠪᠠᠢᠭᠤᠯᠵᠤ᠂ ᠡᠯ᠎ᠡ ᠠᠭᠤᠷᠬᠠᠢ ᠵᠢᠯ ᠪᠦᠷᠢ ᠵᠣᠬᠢᠬᠤ ᠬᠠᠷᠢᠴᠠᠯ᠎ᠤᠨ ᠪᠡᠯᠡ ᠮᠥᠩᠭᠥ᠌ ᠭᠠᠷᠭᠠᠵᠤ ᠠᠮᠢ ᠠᠬᠤᠢ᠎ᠶ᠋ᠢ ᠵᠠᠰᠠᠬᠤ᠎ᠳᠤ ᠲᠤᠰᠭᠠᠢ ᠬᠡᠷᠡᠭ᠌ᠯᠡᠵᠦ᠍ ᠪᠠᠢᠨ᠎ᠠ᠃

ᠬᠠᠬᠢᠷ ᠬᠦᠢᠳᠡᠨ ᠭᠠᠩ ᠬᠠᠭᠤᠷᠠᠢ ᠨᠤᠲᠤᠭ ᠪᠡᠯᠴᠢᠭᠡᠷ ᠳᠡᠭᠡᠷ᠎ᠡ᠂ ᠬᠣᠣᠯᠢᠨ ᠭᠣᠣᠯ ᠬᠤᠳᠠ 《ᠨᠡᠭᠡᠭᠡᠨ ᠮᠠᠯᠲᠠᠬᠤ ᠪᠠ ᠬᠠᠮᠠᠭᠠᠯᠠᠬᠤ᠎ᠶ᠋ᠢ ᠵᠡᠷᠭᠡ᠎ᠪᠡᠷ ᠶᠠᠪᠤᠭ᠍ᠳᠠᠭᠤᠯᠵᠤ᠂ ᠠᠭᠤᠷᠬᠠᠢ ᠪᠠ ᠪᠠᠢᠭᠠᠯᠢ ᠬᠠᠷᠢᠯᠴᠠᠨ ᠠᠭᠤᠰᠤᠯᠴᠠᠭ᠍ᠰᠠᠨ》 ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠪᠦᠬᠦ᠌ ᠤᠯᠤᠰ᠎ᠤᠨ ᠠᠭᠤᠷᠬᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌ ᠠᠮᠢᠳᠤᠯᠢᠭ ᠦᠯᠢᠭᠡᠷ ᠳᠠᠭᠤᠷᠢᠶᠠᠯ ᠪᠣᠯᠪᠠ᠃ 2022 ᠣᠨ᠎ᠳᠤ᠂ ᠬᠣᠣᠯᠢᠨ ᠭᠣᠣᠯ ᠬᠤᠳᠠ᠎ᠶ᠋ᠢᠨ ᠠᠭᠤᠷᠬᠠᠢ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠠᠵᠢᠯ ᠨᠢ ᠲᠥᠪ᠎ᠦᠨ ᠲᠧᠯᠸᠢᠰ ᠬᠣᠷᠢᠶ᠎ᠠ ᠵᠢᠨ ᠠᠩᠬᠠᠷᠤᠯ ᠲᠦᠪᠯᠡᠷᠡᠯ᠎ᠤᠨ ᠰᠤᠷᠪᠤᠯᠵᠢᠯᠠᠭ᠎ᠠ ᠪᠤᠯᠤᠩ᠎ᠤᠨ  ᠪᠦᠬᠦ᠌ ᠤᠯᠤᠰ᠎ᠤᠨ 《ᠭᠤᠷᠪᠠᠨ ᠵᠥᠪ ᠲᠠᠯ᠎ᠠ᠎ᠶ᠋ᠢᠨ ᠨᠡᠢᠲᠡᠯᠢᠭ ᠵᠢᠱ᠌ᠢᠢ᠎ᠡ》 ᠪᠡᠷ ᠰᠤᠩᠭᠤᠬᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号