ᠢᠯᠡ ᠠᠮᠵᠢᠯᠳᠠ ᠪᠦᠳᠦᠮᠵᠢ ᠭᠠᠷᠭᠠᠬᠤ ᠮᠦᠷᠳᠡᠭᠡᠨ ᠪᠠᠰᠠ ᠳᠠᠯᠳᠠ ᠠᠮᠵᠢᠯᠳᠠ ᠪᠦᠳᠤᠮᠵᠢ ᠭᠠᠷᠭᠠᠬᠤ ᠬᠡᠷᠡᠭ᠌ᠲᠡᠶ
2026-03-23 10:33:54
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠱᠢᠶᠦ᠋ᠩ ᠹᠸᠩ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢᠨ ᠵᠦᠷᠢᠶ᠎ᠠ ᠵᠢ ᠪᠦᠲᠦᠮᠵᠢᠲᠡᠢ ᠰᠡᠷᠭᠡᠢᠯᠡᠨ ᠵᠠᠯᠠᠷᠠᠭᠤᠯᠬᠤ ᠬᠡᠷᠡᠭ᠌ᠲᠡᠢ᠂ ᠡᠭᠦᠨ᠎ᠦ ᠳᠣᠲᠣᠷᠠᠬᠢ ᠨᠢᠭᠡ ᠵᠠᠩᠭᠢᠯᠠᠭ᠎ᠠ ᠨᠢ ᠳᠠᠷᠤᠢ ᠠᠵᠢᠯ ᠬᠢᠵᠦ᠍ ᠦᠢᠯᠡᠰ ᠪᠤᠰᠬᠠᠬᠤ ᠶᠠᠪᠤᠴᠠ᠎ᠳᠤ ᠢᠯᠡ ᠠᠮᠵᠢᠯᠳᠠ ᠪᠦᠳᠦᠮᠵᠢ ᠭᠠᠷᠭᠠᠬᠤ ᠪᠠ ᠲᠠᠯᠳᠠ ᠠᠮᠵᠢᠯᠳᠠ ᠪᠦᠳᠤᠮᠵᠢ ᠭᠠᠷᠭᠠᠬᠤ ᠵᠢᠨ ᠬᠤᠪᠢᠰᠤᠩᠭᠤᠢ ᠨᠢᠭᠡᠳᠦᠯ᠎ᠢ ᠵᠥᠪ ᠡᠵᠡᠮᠱᠢᠬᠦ᠌ ᠶᠠᠪᠤᠳᠠᠯ ᠪᠣᠯᠤᠨ᠎ᠠ᠃

《ᠤᠯᠠᠨ ᠲᠦᠮᠡᠨ᠎ᠳᠦ ᠦᠵᠡᠭ᠌ᠳᠡᠬᠦ᠌᠂ ᠮᠡᠳᠡᠷᠡᠭᠳᠡᠬᠦ᠂ ᠪᠣᠳᠠᠲᠠᠢ ᠠᠱᠢᠭ ᠬᠦᠷᠲᠡᠭᠡᠬᠦ᠌ ᠪᠣᠳᠠᠲᠤ ᠶᠠᠪᠤᠳᠠᠯ᠎ᠢ ᠬᠢᠬᠦ᠌᠎ᠪᠦᠭᠡᠳ ᠪᠠᠰᠠ ᠬᠣᠵᠢᠮ᠎ᠤᠨ ᠬᠥᠮᠦᠰ᠎ᠲᠦ ᠵᠠᠮ ᠲᠡᠪᠢᠰᠬᠦ᠂ ᠰᠠᠭᠤᠷᠢ ᠲᠠᠯᠪᠢᠬᠤ᠂ ᠠᠯᠤᠰ ᠬᠡᠳᠦ᠍᠎ᠳᠦ ᠠᠱᠢᠭ᠍ᠲᠠᠢ ᠰᠠᠢ᠌ᠨ ᠶᠠᠪᠤᠳᠠᠯ ᠬᠢᠵᠦ᠍᠂ ᠢᠯᠡ ᠠᠮᠵᠢᠯᠲᠠ ᠪᠦᠳᠤᠮᠵᠢ ᠭᠠᠷᠭᠠᠬᠤ᠎ᠪᠦᠭᠡᠳ ᠪᠠᠰᠠ ᠳᠠᠯᠳᠠ ᠠᠮᠵᠢᠯᠲᠠ ᠪᠦᠳᠤᠮᠵᠢ ᠭᠠᠷᠭᠠᠬᠤ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠨᠢ ᠢᠯᠠ ᠠᠮᠵᠢᠯᠳᠠ ᠪᠦᠳᠦᠮᠵᠢ ᠪᠣᠯᠤᠨ ᠲᠡᠯᠳᠡ ᠠᠮᠵᠢᠯᠳᠠ ᠪᠦᠳᠦᠮᠵᠢ ᠵᠢᠨ ᠬᠤᠪᠢᠰᠤᠩᠭᠤᠢ ᠬᠠᠷᠢᠴᠠᠭ᠎ᠠ᠎ᠶ᠋ᠢ ᠭᠦᠨᠵᠡᠭᠡᠢ ᠡᠵᠡᠮᠳᠡᠵᠦ᠍᠂ ᠮᠠᠷᠺᠰ᠎ᠤᠨ ᠦᠵᠡᠯ᠎ᠦᠨ ᠦᠢᠯᠡᠳᠦᠯᠭᠡ᠎ᠶ᠋ᠢᠨ ᠦᠵᠡᠯᠲᠡ᠎ᠶ᠋ᠢᠨ ᠭᠦᠨ ᠤᠬᠠᠭᠠᠨ᠎ᠤ ᠪᠣᠳᠣᠯᠬᠢᠯᠠᠯ᠎ᠢ ᠠᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠠᠬᠢ 《ᠤᠷᠢᠳᠤᠬᠢ ᠬᠥᠮᠦᠰ ᠮᠣᠳᠣ ᠲᠠᠷᠢᠵᠦ᠍᠂ ᠬᠣᠢᠲᠤᠬᠢ ᠬᠥᠮᠦᠰ ᠰᠡᠷᠢᠭᠦᠴᠡᠨ᠎ᠡ》 ᠭᠡᠬᠦ᠌ ᠤᠶᠤᠨ ᠤᠬᠠᠭᠠᠨ᠎ᠢ ᠠᠭᠤᠰᠭᠠᠵᠤ᠂ ᠡᠪ ᠬᠠᠮᠲᠤᠴᠤᠳ᠎ᠤᠨ 《ᠦᠪᠡᠷ ᠢ᠋ ᠪᠡᠨ ᠤᠮᠠᠷᠳᠠᠵᠤ᠂ ᠠᠷᠠᠳ ᠲᠦᠮᠡᠨ᠎ᠳᠦ ᠣᠰᠣᠯᠳᠠᠬᠤ ᠦᠭᠡᠢ》 ᠤᠶᠤᠨ ᠰᠠᠨᠠᠭᠠᠨ᠎ᠤ ᠲᠦᠪᠰᠢᠨ ᠢ᠋ ᠢᠯᠡᠷᠡᠭᠦᠯᠪᠡ᠃

ᠣᠷᠣᠨ ᠨᠤᠲᠤᠭ᠎ᠲᠤ ᠠᠵᠢᠯᠯᠠᠵᠤ ᠪᠠᠢᠭ᠍ᠰᠠᠨ ᠬᠤᠭᠤᠴᠠᠭᠠᠨ᠎ᠳᠠᠭᠠᠨ᠂ ᠰᠢ ᠵᠢᠨ ᠫᠢᠩ ᠨᠥᠬᠥᠷ ᠢᠯᠠ ᠠᠮᠵᠢᠯᠳᠠ ᠪᠦᠳᠦᠮᠵᠢ ᠪᠠ ᠳᠠᠯᠳᠠ ᠠᠮᠵᠢᠯᠳᠠ ᠪᠦᠳᠦᠮᠵᠢ ᠵᠢᠨ ᠬᠠᠷᠢᠴᠠᠭ᠎ᠠ᠎ᠶ᠋ᠢ ᠭᠦᠨᠵᠡᠭᠡᠶ ᠪᠣᠳᠣᠯᠬᠢᠯᠠᠵᠠᠶ᠃ 《ᡁᠢ ᠵᠢᠶᠠᠩ᠎ᠤᠨ ᠱᠢᠨ᠎ᠡ ᠦᠬᠦᠯᠡᠮᠵᠢ》 ᠳ᠋ᠤ᠄ 《〈ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ〉᠂ ᠳᠤᠷᠠᠲᠠᠶ᠎ᠠ ᠰᠠᠭᠤᠷᠢ ᠲᠠᠯᠪᠢᠬᠤ ᠴᠢᠨᠠᠷᠲᠠᠢ ᠠᠵᠢᠯ ᠬᠢᠵᠦ᠍᠂ ᠬᠠᠷᠠᠬᠠᠨ ᠬᠢᠵᠤ ᠪᠦᠲᠦᠭᠡᠭᠡᠳᠦᠢ ᠠᠵᠢᠯ᠎ᠢ ᠠᠳᠭᠤᠬᠤ ᠬᠡᠷᠡᠭ᠌ᠲᠡᠢ》᠂ 《ᠱᠢᠷᠭᠠᠭᠤ ᠬᠠᠲᠠᠭᠤᠵᠢᠯᠲᠠᠢ ᠪᠣᠳᠠᠲᠠᠢ ᠠᠵᠢᠯ᠎ᠢ ᠢᠯᠡᠭᠦᠬᠡᠨ ᠬᠢᠵᠦ᠍᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌ 〈ᠢᠯᠠ ᠠᠮᠵᠢᠯᠲᠠ ᠪᠦᠳᠦᠮᠵᠢ〉 ᠵᠢ ᠬᠦᠭᠡᠭᠡᠴᠡᠯᠳᠤᠬᠦ ᠦᠭᠡᠢ᠂ ᠬᠣᠵᠢᠮ᠎ᠤᠨ ᠬᠥᠮᠦᠰ᠎ᠲᠦ ᠠᠰᠢᠭ ᠬᠦᠷᠳᠡᠭᠡᠬᠦ 〈ᠳᠠᠯᠳᠠ ᠠᠮᠵᠢᠯᠲᠠ ᠪᠦᠳᠦᠮᠵᠢ〉 ᠵᠢ ᠭᠠᠷᠭᠠᠬᠤ ᠬᠡᠷᠡᠭ᠌ᠲᠡᠢ》 ᠭᠡᠵᠦ᠍ ᠪᠢᠴᠢᠵᠡᠢ᠃

《ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠳᠦᠮᠵᠢ ᠮᠥᠨ》᠃ ᠢᠯᠠ ᠠᠮᠵᠢᠯᠳᠠ ᠪᠦᠳᠦᠮᠵᠢ ᠵᠢᠨ 《ᠢᠯᠠ》 ᠭᠡᠳᠡᠭ ᠨᠢ ᠠᠰᠠᠭᠤᠳᠠᠯ᠎ᠳᠤ ᠱᠢᠭᠤᠳ ᠬᠠᠨᠳᠤᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌᠎ᠳᠦ ᠪᠤᠢ᠂ ᠳᠠᠷᠤᠢ ᠲᠦᠷᠭᠡᠨ ᠦᠷ᠎ᠡ ᠪᠦᠲᠦᠮᠵᠢ ᠣᠯᠵᠤ᠂ ᠬᠡᠮᠵᠢᠶᠡᠯᠡᠬᠦ᠎ᠳᠦ ᠠᠮᠠᠷᠬᠠᠨ ᠪᠣᠳᠠᠲᠤ ᠠᠮᠵᠢᠯᠲᠠ ᠪᠦᠲᠦᠮᠵᠢ ᠪᠣᠯᠤᠨ᠎ᠠ᠃ ᠢᠯᠠ ᠠᠮᠵᠢᠯᠳᠠ ᠪᠦᠳᠤᠮᠵᠢ ᠭᠠᠷᠭᠠᠬᠤ ᠭᠡᠳᠡᠭ ᠨᠢ ᠳᠠᠷᠤᠢ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠡᠴᠡ ᠡᠬᠢᠯᠡᠨ ᠠᠳᠭᠤᠵᠤ᠂ ᠬᠥᠭ᠌ᠵᠢᠯᠲᠡ᠎ᠶ᠋ᠢᠨ ᠳᠤᠮᠳᠠᠬᠢ ᠲᠦᠭ᠌ᠵᠢᠷᠡᠯ ᠤ᠋ᠨ ᠴᠡᠭ᠂ ᠬᠣᠷᠢᠭ᠎ᠠ ᠴᠡᠭ᠂ ᠬᠦᠴᠢᠷᠳᠠᠯ ᠤ᠋ᠨ ᠴᠡᠭ ᠤ᠋ᠨ ᠲᠤᠬᠠᠢ ᠪᠠᠢᠳᠠᠯ᠎ᠢ ᠡᠪᠳᠡᠵᠦ᠍᠂ ᠵᠥᠷᠢᠴᠡᠯ᠎ᠳᠦ ᠱᠢᠭᠤᠳ ᠬᠠᠨᠳᠤᠵᠤ᠂ ᠵᠣᠷᠢᠭ᠍ᠲᠠᠢ ᠲᠡᠮᠡᠴᠡᠵᠦ᠍᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠤᠯᠠᠨ ᠲᠦᠮᠡᠨ᠎ᠦ ᠮᠡᠳᠡᠷᠠᠵᠤ ᠪᠣᠯᠬᠤ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠠᠮᠤᠷ ᠲᠦᠪᠱᠢᠨ᠎ᠦ ᠲᠦᠷᠦᠭ᠌ᠳᠡᠯ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃ ᠠᠯᠢ ᠤᠯᠠᠨ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠮᠵᠢᠯᠳᠠ ᠪᠦᠳᠦᠮᠵᠢ ᠨᠢ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠢᠯᠡᠷᠡᠭᠦᠯᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢᠨ ᠲᠤᠬᠠᠢ ᠠᠮᠢᠳᠤᠯᠢᠭ ᠲᠠᠢᠯᠪᠤᠷᠢᠯᠠᠯᠲᠠ ᠪᠣᠯᠤᠨ᠎ᠠ᠃

ᠢᠯᠡ ᠠᠮᠵᠢᠯᠳᠠ ᠪᠦᠳᠦᠮᠵᠢ ᠭᠡᠳᠡᠭ ᠨᠢ ᠥᠩᠭᠡᠪᠴᠢ ᠲᠡᠳᠦᠶ 《ᠦᠨᠭᠭᠡᠨ ᠲᠠᠯ᠎ᠠ ᠵᠢᠨ ᠠᠵᠢᠯ》᠂ ᠵᠣᠷᠢᠭᠤᠳᠠ ᠠᠨᠭᠬᠠᠷᠤᠯ ᠲᠠᠳᠠᠬᠤ 《ᠵᠠᠰᠠᠭ᠎ᠤᠨ ᠠᠵᠢᠯ᠎ᠤᠨ ᠪᠦᠳᠦᠮᠵᠢ ᠵᠢᠨ ᠢᠨᠵᠧᠨᠧᠷᠢᠩ》 ᠤᠬᠳᠤ ᠪᠢᠰᠢ᠃ ᠪᠣᠳᠠᠲᠤ ᠠᠮᠢᠳᠤᠷᠠᠯ ᠳᠤᠮᠳᠠ᠂ ᠵᠠᠷᠢᠮ ᠭᠠᠵᠠᠷ ᠨᠢ ᠭᠢᠯᠠᠰ ᠴᠡᠭ ᠪᠠᠢᠭᠤᠯᠵᠤ᠂ ᠫᠧᠩᠰᠡᠲᠦ ᠦᠵᠡᠮᠵᠢ ᠣᠪᠣᠭᠠᠯᠠᠬᠤ ᠳᠤᠷᠠᠲᠠᠶ᠂ ᠦᠨᠳᠦᠰᠦᠨ ᠱᠠᠲᠤᠨ᠎ᠤ ᠵᠠᠰᠠᠯᠲᠠ᠂ ᠠᠵᠤ ᠦᠢᠯᠡᠰ᠎ᠦᠨ ᠪᠣᠢᠵᠢᠭᠤᠯᠤᠯᠲᠠ᠂ ᠠᠮᠢ ᠠᠬᠤᠢ᠎ᠶ᠋ᠢᠨ ᠬᠠᠮᠠᠭᠠᠯᠠᠯᠲᠠ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠰᠠᠭᠤᠷᠢ ᠴᠢᠨᠠᠷᠲᠠᠢ ᠠᠵᠢᠯ᠎ᠢ ᠣᠮᠲᠣᠭᠠᠢᠯᠠᠵᠤ᠂ ᠦᠵᠡᠬᠦ᠌᠎ᠳᠦ ᠠᠮᠢᠳᠤ ᠳᠦᠷᠰᠦᠯᠢᠭ ᠪᠣᠯᠪᠠᠴᠤ᠌ ᠦᠨᠡᠨ᠎ᠳᠡᠭᠡᠨ ᠦᠨᠳᠦᠰᠦ ᠰᠠᠭᠤᠷᠢ ᠨᠢ ᠪᠠᠲᠤ ᠪᠢᠰᠢ᠂ ᠦᠷᠭᠦᠯᠵᠢᠯᠡᠬᠦᠶ᠎ᠡ ᠪᠡᠷᠬᠡ ᠶᠤᠮ᠃

ᠶᠡᠷᠦᠩᠬᠡᠢ ᠱᠦᠵᠢ ᠰᠢ ᠵᠢᠨ ᠫᠢᠩ᠂ 《ᠰᠠᠭᠤᠷᠢ ᠲᠠᠯᠪᠢᠬᠤ᠂ ᠠᠯᠤᠰ ᠬᠡᠳᠤ᠎ᠳᠦ ᠠᠱᠢᠭ᠍ᠲᠠᠢ ᠶᠠᠪᠤᠳᠠᠯ᠎ᠢ ᠢᠯᠡᠭᠦᠬᠡᠨ ᠬᠢᠬᠦ᠌ ᠬᠡᠷᠡᠭ᠌ᠲᠡᠢ》᠂ 《ᠬᠤᠪᠢ ᠬᠥᠮᠦᠨ᠎ᠦ ᠨᠡᠷ᠎ᠡ ᠠᠯᠳᠠᠷ᠎ᠠᠰᠢᠭ ᠲᠤᠰᠠ ᠵᠢ ᠦᠯᠦ᠍ ᠬᠥᠭᠡᠭᠡᠴᠡᠯᠳᠦᠨ᠂ ᠠᠷᠠᠳ ᠤᠯᠠᠨ᠎ᠤ ᠲᠠᠭᠠᠰᠢᠶᠠᠯ ᠪᠤᠯᠤᠨ ᠲᠡᠦᠬᠡ ᠪᠤᠯᠵᠤ ᠦᠨᠭᠭᠡᠷᠡᠭᠰᠡᠨ᠎ᠤ ᠳᠠᠷᠠᠭᠠᠬᠢ ᠵᠢᠩᠬᠢᠨᠢ ᠦᠨᠡᠯᠡᠯᠲᠡ᠎ᠶ᠋ᠢ ᠤᠯᠬᠤ ᠵᠢ ᠬᠥᠭᠡᠭᠡᠴᠡᠯᠳᠦᠬᠦ ᠬᠡᠷᠡᠭᠳᠡᠢ》 ᠭᠡᠵᠦ᠍ ᠴᠢᠬᠤᠯᠠᠴᠢᠯᠠᠪᠠ᠃

ᠳᠠᠯᠳᠠ ᠠᠮᠵᠢᠯᠲᠠ ᠪᠦᠳᠦᠮᠵᠢ ᠪᠣᠯ ᠦᠨᠳᠦᠰᠦ ᠰᠠᠭᠤᠷᠢ ᠪᠠᠢᠵᠤ᠂ ᠠᠯᠤᠰ ᠬᠡᠳᠦ᠍᠎ᠳ᠋ᠦ ᠬᠣᠯᠪᠣᠭ᠍ᠳᠠᠵᠤ᠂ 《ᠥᠨᠢᠳᠡ ᠬᠥᠭ᠌ᠵᠢᠨ ᠮᠠᠨᠳᠤᠬᠤ》 ᠳ᠋ᠦ ᠬᠣᠯᠪᠣᠭ᠍ᠳᠠᠬᠤ ᠦᠨᠳᠦᠰᠦᠨ ᠠᠰᠠᠭᠤᠳᠠᠯ ᠪᠣᠯᠤᠨ᠎ᠠ᠃

ᠱᠢᠨ᠎ᠡ ᠴᠠᠭ ᠦᠶ᠎ᠡ᠎ᠡᠴᠡ ᠨᠠᠭᠠᠰᠢ᠂ ᠬᠥᠬᠡᠮᠥ᠋ᠷᠡᠨ᠎ᠦ ᠶᠡᠬᠡ ᠬᠠᠮᠠᠭᠠᠯᠠᠯᠲᠠ ᠵᠢ ᠬᠠᠮᠲᠤ᠎ᠪᠠᠷ ᠠᠬᠢᠭᠤᠯᠤᠭ᠍ᠰᠠᠨ᠎ᠡᠴᠡ ᠳᠣᠬᠢᠭᠤᠷ ᠲᠤᠯᠤᠭᠠᠨ ᠤᠳᠤ ᠵᠢ ᠲᠣᠣᠷ ᠲᠦ᠍ ᠨᠡᠢᠯᠡᠭᠦᠯᠬᠦ᠂ ᠴᠠᠩ ᠧ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠵᠡᠷᠭᠡ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠷ᠎ᠡ ᠪᠦᠲᠦᠭᠡᠯ ᠦᠷᠭᠦᠯᠵᠢᠯᠡᠨ ᠪᠣᠭᠣᠮᠲᠠ ᠱᠢᠪᠲᠤᠯᠤᠭᠰᠠᠨ ᠬᠦᠷᠳᠡᠯ᠎ᠡ᠂ ᠲᠠᠬᠢᠭᠠᠳ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠰᠠᠭᠤᠷᠢ ᠴᠢᠨᠠᠷᠲᠠᠢ ᠠᠵᠢᠯ᠎ᠢ ᠦᠷᠭᠦᠯᠵᠢᠯᠡᠨ ᠠᠬᠢᠭᠤᠯᠤᠭ᠍ᠰᠠᠨ ᠬᠦᠷᠲᠡᠯ᠎ᠡ᠂ ᠠᠯᠤᠰ ᠬᠡᠳᠤ᠎ᠶ᠋ᠢᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠨᠦᠭᠦᠳ ᠨᠢ ᠴᠥᠮ ᠳᠠᠯᠳᠠ ᠠᠮᠵᠢᠯᠲᠠ᠎ᠪᠦᠳᠦᠮᠵᠢ ᠵᠢᠨ ᠠᠮᠢᠳᠤᠯᠢᠭ ᠢᠯᠡᠷᠡᠯ ᠪᠣᠯᠬᠤ ᠶᠤᠮ᠃

ᠰᠢ ᠵᠢᠨ ᠫᠢᠩ ᠨᠥᠬᠥᠷ᠎ᠦᠨ ᠣᠷᠣᠨ ᠨᠤᠲᠤᠭ᠎ᠤᠨ ᠵᠠᠰᠠᠭ ᠪᠠᠷᠢᠭ᠍ᠰᠠᠨ ᠦᠶ᠋ᠯᠡᠳᠦᠯᠭᠡ᠎ᠶ᠋ᠢ ᠡᠷᠬᠢᠴᠡᠭᠦᠯᠬᠦ ᠳ᠋ᠦ᠂ ᠳᠠᠯᠳᠠ ᠠᠮᠵᠢᠯᠲᠠ ᠪᠦᠳᠦᠮᠵᠢ᠎ᠶ᠋ᠢ ᠢᠮᠠᠭ᠍ᠲᠠ ᠴᠢᠬᠤᠯᠠᠴᠢᠯᠠᠭᠰᠠᠭᠠᠷ ᠢᠷᠡᠪᠡ᠃ ᠨᠢᠩᠳ᠋ᠸ ᠳ᠋ᠤ᠂《ᠤᠨᠤᠭ᠎ᠠ ᠮᠠᠭᠤ ᠲᠠᠢ ᠨᠢ ᠤᠷᠢᠤᠨ ᠵᠢᠡᠷ ᠮᠤᠷᠳᠠᠬᠤ》 ᠤᠢ᠍ᠢᠯᠠᠭᠠᠭ᠍ᠳᠠᠬᠤᠨ᠎ᠢ ᠳᠤᠷᠠᠳᠴᠤ᠌᠂ 《ᠲᠤᠰᠤᠯ ᠤᠰᠤ ᠴᠢᠯᠠᠭᠤ᠎ᠶ᠋ᠢ ᠴᠤᠭᠤᠯᠬᠤ》 ᠵᠣᠷᠢᠭ ᠰᠠᠨᠠᠭ᠎ᠠ᠎ᠶ᠋ᠢ ᠲᠤᠷᠠᠳᠴᠤ᠂ ᠵᠣᠷᠢᠭ ᠱᠢᠭᠤᠳᠤᠨ ᠹᠦᠵᠢᠶᠠᠨ᠎ᠤ ᠵᠡᠭᠦᠨ ᠬᠡᠰᠡᠭ᠎ᠦᠨ ᠤᠯᠠᠨ ᠲᠦᠮᠡᠨ᠎ᠢ ᠳᠠᠭᠠᠭᠤᠯᠤᠨ ᠶᠠᠳᠠᠭᠤ᠎ᠡᠴᠡ ᠠᠩᠭᠢᠵᠢᠷᠠᠭᠤᠯᠪᠠ; ᠹᠦᠵᠧᠦ᠍᠎ᠳᠦ᠂ ᠰᠠᠨ ᠹᠠᠩ ᠴᠢ ᠭᠤᠳᠤᠮᠵᠢ᠎ᠶ᠋ᠢ ᠬᠠᠮᠠᠭᠠᠯᠠᠵᠤ᠂ ᠶᠡᠬᠡ᠎ᠪᠡᠷ ᠨᠤᠷᠠᠭᠠᠵᠤ ᠶᠡᠬᠡ᠎ᠪᠡᠷ ᠪᠠᠢᠭᠤᠯᠬᠤ᠎ᠡᠴᠡ ᠵᠠᠢᠯᠠᠰᠭᠢᠵᠦ᠍᠂ ᠬᠤᠳᠠ᠎ᠳᠤ ᠰᠣᠶᠣᠯ᠎ᠤᠨ ᠭᠤᠯᠤᠮᠳᠠ᠎ᠶ᠋ᠢ ᠦᠯᠡᠳᠡᠭᠡᠵᠦ᠍ ᠥᠭ᠌ᠪᠡ; ᠵᠧᠵᠢᠶᠠᠩ᠎ᠳᠤ᠂ 《ᠮᠢᠩᠭ᠎ᠠ ᠲᠦᠮᠡ᠎ᠶ᠋ᠢᠨ ᠢᠨᠵᠧᠨᠧᠷᠢᠩ》 ᠢ᠋ ᠡᠬᠢᠯᠡᠭᠦᠯᠵᠦ᠍᠂ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠬᠤ ᠵᠣᠷᠢᠭ ᠰᠠᠨᠠᠭ᠎ᠠ᠎ᠪᠠᠷ ᠬᠥᠳᠡᠭᠡ ᠲᠣᠰᠭᠣᠨ᠎ᠤ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠢ ᠰᠠᠢᠵᠢᠷᠠᠭᠤᠯᠪᠠ ᠁

《ᠪᠠᠷᠢᠨ ᠭᠦᠢᠴᠡᠳᠭᠡᠬᠦ᠌ ᠪᠠᠴᠢᠮ ᠡᠭᠦᠷᠭᠡ᠎ᠳᠦ᠂ ᠪᠠᠷᠢᠨ ᠬᠡᠯᠡᠵᠦ ᠪᠠᠷᠢᠨ ᠬᠡᠷᠡᠭ᠌ᠵᠢᠭᠦᠯᠵᠦ᠍᠂ ᠴᠢᠨᠭᠭ᠎ᠠ ᠠᠳᠬᠤᠨ ᠲᠦᠷᠭᠡᠨ ᠰᠢᠢᠳᠪᠦᠷᠢᠯᠡᠵᠦ᠂ ᠠᠯᠭᠤᠷᠯᠠᠵᠤ ᠤᠳᠠᠭᠠᠱᠢᠷᠠᠭᠤᠯᠵᠤ ᠪᠣᠯᠬᠤ ᠦᠭᠡᠢ᠃ ᠤᠷᠳᠤ ᠬᠤᠭᠤᠴᠠᠭᠠᠨ᠎ᠤ ᠡᠭᠦᠷᠭᠡ᠎ᠳᠦ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠣᠯᠤᠨ ᠲᠡᠰᠪᠦᠷᠢ ᠲᠡᠪᠴᠢᠶᠡᠷᠢ᠎ᠵᠢ ᠪᠠᠷᠢᠮᠳᠠᠯᠠᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ  ᠲᠤᠰᠤᠯ ᠤᠰᠤ ᠴᠢᠯᠠᠭᠤ᠎ᠶ᠋ᠢ ᠴᠤᠭᠤᠯᠵᠤ᠂ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠬᠤ ᠬᠡᠷᠡᠭᠳᠡᠢ》᠃

ᠢᠯᠠ ᠠᠮᠵᠢᠯᠲᠠ ᠪᠦᠳᠦᠮᠵᠢ ᠵᠢᠨ ᠭᠤᠤᠯᠳᠠᠯᠭ᠎ᠠ ᠨᠢ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠳᠤ ᠪᠤᠢ; ᠲᠠᠯᠳᠠ ᠠᠮᠵᠢᠯᠲᠠ ᠪᠦᠳᠦᠮᠵᠢ ᠵᠢᠨ ᠭᠤᠤᠯᠳᠠᠯᠭ᠎ᠠ ᠨᠢ ᠦᠨᠳᠦᠰᠦ ᠵᠢ ᠪᠠᠲᠤ ᠴᠣᠭ᠍ᠴᠠᠯᠠᠬᠤ᠎ᠳᠤ ᠪᠤᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ᠎ᠳᠦ᠂ ᠢᠯᠡ ᠠᠮᠵᠢᠯᠲᠠ ᠪᠦᠳᠦᠮᠵᠢ ᠪᠠ ᠳᠠᠯᠳᠠ ᠠᠮᠵᠢᠯᠳᠠ ᠪᠦᠳᠦᠮᠵᠢ ᠵᠢ ᠬᠤᠪᠢᠰᠤᠩᠭᠤᠶ᠎ᠪᠠᠷ ᠨᠢᠭᠡᠳᠭᠡᠬᠦ᠌ ᠪᠣᠯ ᠠᠵᠢᠯ ᠦᠢᠯᠡᠰ᠎ᠦᠨ ᠯᠠᠪᠳᠠᠭᠤᠨ᠎ᠢᠶᠠᠷ ᠬᠣᠯᠠ ᠠᠶᠠᠯᠠᠬᠤ᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠶ ᠱᠠᠭᠠᠷᠳᠠᠯᠭ᠎ᠠ ᠪᠣᠯᠤᠨ᠎ᠠ᠃ ᠭᠠᠭ᠍ᠴᠠ ᠬᠦ᠌ 《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》 ᠭᠡᠬᠦ ᠦᠵᠡᠯ ᠰᠠᠨᠠᠭᠠᠨ ᠤ᠋ ᠲᠦᠪᠰᠢᠨ ᠪᠣᠯᠤᠨ 《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠡᠭᠦᠷᠭᠡᠯᠡᠯ᠎ᠢᠶᠡᠨ ᠬᠠᠳᠠᠭᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠷᠭᠦᠯᠵᠢᠯᠡᠨ ᠲᠡᠮᠡᠴᠡᠪᠡᠯ ᠰᠠᠶ᠍ᠢ ᠡᠨᠡ ᠬᠣᠶᠠᠷ᠎ᠤᠨ ᠣᠷᠭᠠᠨᠢᠭ ᠠᠭᠤᠰᠤᠯᠴᠠᠯ ᠳᠤᠮᠳᠠ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠠᠰᠤᠷᠠᠯᠲᠠ ᠦᠭᠡᠢ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠵᠤ ᠴᠢᠳᠠᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号