3 ᠰᠠᠷ᠎ᠠ᠎ᠶ᠋ᠢᠨ 21 ᠤ᠋ ᠡᠳᠦᠷ᠂ ᠪᠠᠶᠠᠨᠨᠠᠭᠤᠷ ᠬᠤᠳᠠ᠎ᠶ᠋ᠢᠨ ᠬᠠᠩᠭᠢᠨ ᠬᠣᠢᠲᠤ ᠬᠣᠱᠢᠭᠤᠨ᠎ᠤ ᠱᠠᠮᠪᠠ ᠪᠠᠯᠭᠠᠰᠤᠨ᠎ᠤ ᠵᠦᠩ ᠨᠠᠨ ᠴᠢᠦᠢ ᠲᠣᠰᠭᠣᠨ᠎ᠤ ᠬᠤᠷᠠᠯ᠎ᠤᠨ ᠭᠡᠷᠲᠦᠬᠥᠮᠦᠰ ᠳᠦᠭᠦᠷᠲᠡᠯ᠎ᠡ ᠰᠠᠭᠤᠯᠴᠠᠪᠠ᠃ ᠲᠣᠰᠭᠣᠨ᠎ᠤ ᠨᠠᠮ᠎ᠤᠨ ᠡᠭᠦᠷ᠎ᠦᠨ ᠱᠦᠵᠢ ᠵᠠᠩ ᠵᠢᠶ ᠱᠢᠨ ᠶᠠᠭ ᠨᠤᠲᠤᠭ᠎ᠤᠨ ᠠᠬ᠎ᠠ ᠳᠡᠭᠦᠦ᠍᠎ᠨᠡᠷ᠎ᠲᠦ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠤ ᠪᠠᠢᠪᠠ᠃
ᠤᠬᠠᠭᠤᠯᠤᠨ ᠲᠠᠢᠯᠪᠤᠷᠢᠯᠠᠬᠤ ᠳᠤᠮᠳᠠ᠂ ᠵᠠᠩ ᠵᠢᠶ ᠱᠢᠨ ᠲᠤᠬᠠᠶ᠎ᠶ᠋ᠢᠨ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠶ᠋ᠯᠡᠰ᠎ᠢ ᠬᠥᠭ᠌ᠵᠢᠭᠦᠯᠬᠦ᠌᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠨᠠᠷᠢᠨ ᠲᠠᠢᠯᠤᠮᠵᠢ ᠬᠢᠭ᠌ᠰᠡᠨ ᠪᠥᠭᠡᠳ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠤᠨᠴᠠᠯᠢᠬ᠍ᠳᠤ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠲᠤᠬᠠᠶ ᠪᠣᠳᠠᠲᠠᠶ ᠰᠡᠳᠭᠢᠮᠵᠢ᠎ᠪᠡᠨ ᠬᠤᠪᠢᠶᠠᠯᠴᠠᠵᠤ᠂ ᠲᠤᠬᠠᠶ᠎ᠶ᠋ᠢᠨ ᠲᠠᠯᠠᠪᠠᠶ᠎ᠳᠤ ᠪᠠᠢᠭ᠍ᠰᠠᠨ ᠲᠣᠰᠭᠣᠨ᠎ᠤ ᠠᠷᠠᠳ᠎ᠢ ᠶᠡᠬᠡᠳᠡ ᠰᠡᠩᠬᠡᠷᠡᠭᠦᠯᠵᠦ᠍᠂ ᠲᠤᠢᠯ᠎ᠢᠶᠠᠷ ᠵᠣᠷᠢᠭ᠍ᠵᠢᠭᠤᠯᠵᠠᠶ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ 《ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ᠋ ᠠᠵᠢᠯ᠎ᠢ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂《ᠮᠢᠩᠭ᠎ᠠ ᠲᠦᠮᠡ᠎ᠶ᠋ᠢᠨ ᠢᠨᠵᠧᠨᠧᠷᠢᠩ》᠎ᠤ᠋ᠨ ᠲᠤᠷᠱᠢᠯᠭ᠎ᠠ᠎ᠶ᠋ᠢ ᠭᠦᠨᠵᠡᠭᠡᠢ ᠰᠤᠷᠤᠯᠴᠠᠨ ᠬᠡᠷᠡᠭ᠌ᠯᠡᠵᠦ᠍᠂ ᠲᠠᠷᠢᠶᠠᠯᠠᠩ᠎ᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠡᠪᠬᠢ᠎ᠶ᠋ᠢ ᠳᠡᠭᠡᠭ᠌ᠰᠢᠯᠡᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠵᠦ᠍᠂ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ ᠭᠡᠵᠦ ᠳᠤᠷᠠᠳᠪᠠ᠃ ᠡᠭᠦᠨ᠎ᠳᠦ᠂ ᠵᠠᠩ ᠵᠶ᠋ᠢ ᠱᠢᠨ᠂《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠲᠤᠢᠯ᠎ᠤᠨ ᠴᠢᠬᠤᠯᠠ ᠶᠤᠮ᠂ ᠪᠣᠳᠠᠲᠠᠢ ᠠᠳᠭᠤᠵᠤ ᠰᠠᠢᠲᠤᠷ ᠠᠳᠭᠤᠬᠤ᠎ᠶ᠋ᠢᠨ ᠬᠠᠮᠲᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯᠳᠤ ᠢᠳᠡᠪᠬᠢᠲᠡᠢ ᠲᠦᠱᠢᠭ᠌ᠯᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠮᠡᠯᠲᠡ ᠦᠷᠳᠡᠭ ᠪᠣᠯᠤᠨ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠢᠯᠡᠳᠭᠡᠪᠡ᠃
《ᠵᠠᠩ ᠱᠦᠵᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌᠎ᠳᠦ ᠨᠠᠩ ᠢᠲᠡᠭᠡᠯ᠎ᠲᠡᠶ ᠪᠣᠯᠵᠣ᠂ ᠬᠥᠭ᠌ᠵᠢᠯᠲᠡ᠎ᠶ᠋ᠢᠨ ᠰᠡᠳᠭᠢᠴᠡ ᠴᠦ᠍ ᠨᠠᠩ ᠲᠣᠳᠣᠷᠬᠠᠶ ᠪᠣᠯᠵᠠᠶ》 ᠭᠡᠵᠦ᠍ ᠲᠣᠰᠭᠣᠨ᠎ᠤ ᠠᠷᠠᠳ ᠶᠤᠸᠠᠢ ᠱᠢᠶᠤᠤ ᠬᠤ᠌ ᠬᠡᠯᠡᠪᠡ᠃
ᠳᠠᠷᠠᠭ᠎ᠠ ᠨᠢ᠂ ᠵᠠᠩ ᠵᠶ᠋ᠢ ᠱᠢᠨ ᠲᠠᠷᠢᠮᠠᠯ᠎ᠤᠨ ᠡᠷᠦᠬᠡ ᠮᠠ ᠢᠦᠢ ᠴᠧᠩ᠎ᠦᠨ ᠲᠤᠯᠠᠭᠠᠨ ᠬᠦᠯᠡᠮᠵᠢ᠎ᠳᠦ ᠬᠦᠷᠪᠡ᠃ ᠤᠷᠭᠤᠴᠠ ᠰᠠᠢᠳᠠᠢ ᠯᠠᠵᠤᠤ᠎ᠶ᠋ᠢᠨ ᠴᠢᠬᠢ᠎ᠶ᠋ᠢ ᠬᠠᠷᠠᠭᠠᠳ ᠮᠠ ᠢᠦᠶ ᠴᠧᠩ ᠣᠷᠣᠯᠭ᠎ᠠ᠎ᠶ᠋ᠢᠨ ᠨᠡᠮᠡᠭ᠌ᠳᠡᠯ᠎ᠦᠨ ᠲᠠᠩᠰᠠ᠎ᠪᠠᠨ ᠪᠤᠳᠤᠵᠤ᠄ 《21 ᠬᠦᠯᠡᠮᠵᠢ᠎ᠳᠦ ᠡᠭᠡᠯᠵᠢᠯᠡᠨ ᠴᠢᠬᠢ ᠪᠣᠢᠵᠢᠭᠤᠯᠵᠤ ᠨᠣᠭᠣᠭ᠎ᠠ ᠳᠠᠷᠢᠵᠤ᠂ ᠬᠦᠯᠡᠮᠵᠢ ᠨᠢᠭᠡᠪᠦᠷᠢ᠎ᠶ᠋ᠢᠨ ᠵᠢᠯ᠎ᠦᠨ ᠣᠷᠣᠯᠭ᠎ᠠ ᠨᠢ 5 ᠲᠦᠮᠡᠨ ᠲᠥᠭᠥᠷᠢᠭ᠎ᠡᠴᠡ ᠳᠤᠤᠷ᠎ᠠ ᠥᠬᠡᠶ᠃ ᠥᠨᠥ᠍ ᠵᠢᠯ ᠪᠢ ᠲᠠᠷᠢᠬᠤ ᠬᠡᠪᠴᠢᠶ᠎ᠡ᠎ᠪᠡᠨ ᠦᠷᠭᠦᠯᠵᠢᠯᠡᠨ ᠥᠷᠭᠡᠳᠭᠡᠬᠦ᠌ ᠰᠠᠨᠠᠭ᠎ᠠ᠎ᠲᠠᠶ》 ᠭᠡᠵᠦ ᠢᠷᠡᠭᠡᠳᠦᠢ᠎ᠳᠦ ᠪᠠᠨ ᠢᠲᠡᠭᠡᠯ ᠳᠦᠭᠦᠷᠡᠩ ᠪᠠᠢᠯ᠎ᠠ᠃
ᠤᠷᠤᠢ ᠨᠢ᠂ ᠳᠥᠷᠪᠡᠳᠦᠭᠡᠷ ᠳᠤᠭᠤᠢᠯᠠᠩ᠎ᠤᠨ ᠳᠠᠷᠤᠭ᠎ᠠ ᠸᠧᠢ ᠢᠦᠢ ᠹᠦ᠋ ᠪᠣᠯᠤᠨ ᠵᠠᠩ ᠵᠶ᠋ᠢ ᠱᠢᠨ ᠬᠣᠷᠱᠢᠶᠠᠨ᠎ᠤ ᠬᠥᠭ᠌ᠵᠢᠯᠲᠡ᠎ᠶ᠋ᠢᠨ ᠲᠤᠬᠠᠢ ᠵᠥᠪᠳᠡᠯᠴᠡᠵᠦ᠍᠂ ᠭᠠᠵᠠᠷ ᠱᠢᠷᠣᠢ ᠪᠣᠯᠤᠨ ᠪᠡᠯᠡ ᠮᠥᠩᠭᠥ᠎ᠶ᠋ᠢᠨ ᠬᠤᠪᠢ ᠣᠷᠣᠭᠤᠯᠬᠤ ᠡᠷᠴᠢᠮ᠎ᠢ ᠴᠢᠩᠭᠠᠷᠠᠭᠤᠯᠵᠤ᠂ ᠨᠢᠭᠡᠳᠦᠯᠲᠡᠢ ᠬᠤᠳᠠᠯᠳᠤᠨ ᠠᠪᠴᠤ᠌ ᠨᠢᠭᠡᠳᠦᠯᠲᠡᠢ ᠪᠣᠷᠣᠯᠠᠭᠤᠯᠬᠤ᠎ᠶ᠋ᠢ ᠬᠡᠷᠡᠭ᠌ᠵᠢᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠦᠨ ᠥᠪᠡᠷ᠎ᠦᠨ ᠦᠷᠳᠡᠭ᠎ᠢ ᠪᠠᠭᠤᠷᠠᠭᠤᠯᠬᠤ᠎ᠪᠠᠷ ᠳᠤᠷᠠᠳᠤᠯᠭ᠎ᠠ ᠭᠠᠷᠭᠠᠪᠠ᠃ ᠲᠣᠰᠭᠣᠨ᠎ᠤ ᠠᠷᠠᠳ ᠸᠠᠩ ᠬᠣᠩ ᠪᠠᠰᠠ ᠨᠠᠩ ᠣᠯᠠᠨ ᠬᠥᠮᠦᠨ᠎ᠢ ᠳᠠᠢᠴᠢᠯᠠᠨ ᠴᠢᠬᠢ ᠮᠣᠳᠣ ᠪᠣᠢᠵᠢᠭᠤᠯᠬᠤ᠎ᠳᠤ ᠣᠷᠣᠯᠴᠠᠭᠤᠯᠬᠤ ᠬᠦᠰᠡᠯ᠎ᠢᠶᠡᠨ ᠢᠯᠡᠳᠭᠡᠪᠡ᠃ ᠲᠣᠰᠭᠣᠨ᠎ᠤ ᠠᠷᠠᠳ᠎ᠤᠨ ᠪᠤᠳᠤᠯ ᠰᠠᠨᠠᠭ᠎ᠠ ᠨᠢ ᠲᠣᠰᠭᠣᠨ᠎ᠤ ᠨᠠᠮ᠎ᠤᠨ ᠡᠭᠦᠷ᠎ᠦᠨ 《ᠠᠵᠤ ᠠᠬᠤᠢᠯᠠᠯ + ᠲᠠᠷᠢᠶᠠᠴᠢᠨ ᠡᠷᠦᠬᠡ + ᠨᠠᠮ᠎ᠤᠨ ᠡᠭᠦᠷ》᠎ᠤ᠋ᠨ ᠬᠣᠯᠪᠣᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠬᠦ᠌ ᠰᠡᠳᠭᠢᠴᠡ᠎ᠲᠡᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠯ᠎ᠠ᠃
ᠡᠨᠡ ᠬᠡᠳᠦᠨ ᠡᠳᠦᠷ᠂ ᠵᠠᠩ ᠵᠢᠶ ᠱᠢᠨ ᠲᠣᠰ ᠲᠣᠰᠭᠣᠨ᠎ᠤ᠎ᠪᠠᠨ ᠬᠣᠢᠱᠢᠳᠠ᠎ᠶ᠋ᠢᠨ ᠬᠥᠭ᠌ᠵᠢᠯᠲᠡ᠎ᠶ᠋ᠢᠨ ᠰᠡᠳᠭᠢᠮᠵᠢ᠎ᠶ᠋ᠢ ᠡᠮᠬᠢᠯᠡᠨ ᠳᠢᠭ᠌ᠯᠡᠪᠡ᠄ ᠲᠡᠷᠢᠭᠦᠨ ᠴᠢᠬᠤᠯᠠ ᠡᠭᠦᠷᠭᠡ ᠪᠣᠯ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠠᠵᠤ ᠦᠶ᠋ᠯᠡᠰ᠎ᠢ ᠬᠦᠴᠦᠷᠬᠡᠭ᠌ᠵᠢᠭᠦᠯᠵᠦ᠍᠂ 《ᠳᠠᠷᠢᠬᠤ᠂ ᠲᠡᠵᠢᠭᠡᠬᠦ᠌᠂ ᠡᠳ᠋ᠰᠢᠭᠦᠯᠬᠦ》 ᠪᠥᠬᠥ᠌ ᠬᠡᠯᠬᠢᠶ᠎ᠡ᠎ᠶ᠋ᠢᠨ ᠲᠠᠰ ᠳᠡᠪᠱᠢᠬᠦ᠌᠎ᠶ᠋ᠢ ᠳᠠᠢᠴᠢᠯᠠᠬᠤ ᠶᠠᠪᠤᠳᠠᠯ ᠪᠣᠯᠤᠨ᠎ᠠ; ᠳᠠᠷᠠᠭᠠᠯᠠᠪᠠᠯ ᠲᠦᠬᠦᠭᠡᠷᠦᠮᠵᠢᠲᠦ ᠲᠠᠷᠢᠶᠠᠯᠠᠩ᠎ᠤᠨ ᠲᠠᠯᠠᠪᠠᠢ᠎ᠶ᠋ᠢ 1000 ᠮᠦ᠍ ᠬᠦᠷᠲᠡᠯ᠎ᠡ ᠥᠷᠭᠡᠳᠭᠡᠵᠦ᠍᠂ ᠨᠡᠩ ᠤᠯᠠᠨ ᠲᠣᠰᠭᠣᠨ᠎ᠤ ᠠᠷᠠᠳ᠎ᠤᠨ ᠤᠢ᠍ᠢᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠪᠡᠶᠡᠯᠡᠭᠦᠯᠦᠨ᠎ᠡ᠃ ᠣᠳᠣᠬᠠᠨ᠎ᠳᠤ᠂ ᠲᠤᠰ ᠲᠣᠰᠭᠣᠨ᠎ᠤ ᠪᠠᠢᠭᠤᠯᠤᠭ᠍ᠰᠠᠨ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ ᠨᠢ ᠨᠢᠭᠡᠨᠲᠡ 3000 ᠭᠠᠷᠤᠢ ᠡᠷᠦᠬᠡ ᠲᠠᠷᠢᠶᠠᠴᠢᠨ ᠪᠣᠯᠤᠨ 30 ᠭᠠᠷᠤᠢ ᠬᠤᠷᠱᠢᠶ᠎ᠠ᠎ᠶ᠋ᠢ ᠬᠣᠯᠪᠣᠵᠤ᠂ 3500 ᠱᠢᠬᠠᠮ ᠠᠵᠢᠯ᠎ᠤᠨ ᠪᠠᠢᠷᠢ ᠬᠠᠩᠭᠠᠵᠠᠢ᠃ ᠢᠷᠡᠭᠡᠳᠦᠶ᠎ᠳᠦ᠂ ᠲᠣᠰ ᠲᠣᠰᠭᠣᠨ ᠡᠨᠡ ᠬᠦ᠌ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠦᠷᠭᠦᠯᠵᠢᠯᠡᠨ ᠪᠡᠬᠢᠵᠢᠭᠦᠯᠵᠦ᠍᠂ ᠠᠱᠢᠭ ᠲᠤᠰᠠ᠎ᠶ᠋ᠢ ᠬᠤᠪᠢᠶᠠᠨ ᠡᠳ᠋ᠯᠡᠬᠦ᠌᠎ᠶ᠋ᠢ ᠨᠠᠩ ᠲᠥᠪ ᠭᠤᠤᠯᠴᠢ ᠢᠯᠡ ᠲᠣᠳᠣ ᠪᠣᠯᠭᠠᠬᠤ᠎ᠶ᠋ᠢ ᠦᠨᠡᠨ ᠬᠦ᠌ ᠪᠠᠲᠤᠯᠠᠬᠤ ᠪᠤᠯᠤᠨ᠎ᠠ᠃
《ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯ ᠬᠥᠳᠡᠭᠡ ᠨᠤᠲᠤᠭ᠎ᠤᠨ ᠦᠢᠯᠡᠳᠦᠯᠭᠡ᠎ᠶ᠋ᠢᠨ ᠬᠥᠳᠡᠯᠭᠡᠬᠦ᠌ ᠬᠦᠴᠦᠨ ᠮᠥᠨ᠃ ᠦᠨᠳᠦᠰᠦᠨ ᠱᠠᠲᠤᠨ᠎ᠤ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠬᠥᠳᠡᠭᠡ ᠲᠣᠰᠭᠣᠨ᠎ᠳᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ》᠃ ᠵᠠᠩ ᠵᠢᠶ ᠱᠢᠨ᠂ ᠵᠠᠯᠭᠠᠭᠠᠳ ᠪᠢ ᠪᠠᠰᠠ ᠲᠤᠬᠠᠶ᠎ᠶ᠋ᠢᠨ ᠭᠠᠵᠠᠷ᠎ᠤᠨ ᠰᠤᠷᠭᠠᠭᠤᠯᠢ ᠪᠣᠯᠤᠨ ᠠᠵᠤ ᠠᠬᠤᠢᠯᠠᠯ᠎ᠳᠤ ᠬᠦᠷᠴᠦ᠍ ᠤᠬᠠᠭᠤᠯᠤᠨ ᠲᠠᠢᠯᠪᠤᠷᠢᠯᠠᠬᠤ ᠪᠣᠯᠤᠨ᠎ᠠ ᠭᠡᠵᠡᠢ᠃