— ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠤᠬᠠᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠱᠢᠷᠢᠰ ᠬᠦᠦᠷᠨᠢᠯ ᠱᠢᠭᠦᠮᠵᠢ ᠨᠢᠭᠡ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠱᠢᠨ᠎ᠡ ᠪᠠᠢᠳᠠᠯ ᠳᠣᠣᠷᠠᠬᠢ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ ᠪᠣᠯᠤᠨ ᠠᠷᠠᠳ᠎ᠤᠨ ᠠᠮᠢᠳᠤᠷᠠᠯ᠎ᠤᠨ ᠠᠵᠢᠯ᠎ᠤᠨ ᠱᠢᠨ᠎ᠡ ᠣᠨᠴᠠᠯᠢᠭ᠎ᠢ ᠣᠨᠣᠪᠴᠢᠲᠠᠢ ᠡᠵᠡᠮᠳᠡᠵᠦ᠍᠂ 《ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠬᠡᠷᠬᠢᠨ ᠪᠡᠶᠡᠯᠡᠭᠦᠯᠬᠦ᠌᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠬᠡᠷᠬᠢᠨ ᠨᠡᠮᠡᠭ᠌ᠳᠡᠭᠦᠯᠬᠦ᠌᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ ᠪᠣᠯᠤᠨ ᠨᠡᠢᠭᠡᠮ᠎ᠦᠨ ᠪᠠᠲᠤᠯᠠᠭ᠎ᠠ᠎ᠶ᠋ᠢᠨ ᠲᠦᠪᠱᠢᠨ᠎ᠢ ᠬᠡᠷᠬᠢᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠵᠡᠷᠭᠡ ᠰᠡᠳᠦᠪ᠎ᠢ ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠲᠠᠢᠯᠪᠤᠷᠢᠯᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭ᠌ᠴᠢᠯᠡᠬᠦ᠌ ᠬᠡᠷᠡᠭ᠌ᠲᠡᠢ》 ᠭᠡᠵᠦ᠍ ᠲᠣᠳᠣᠷᠬᠠᠢ ᠳᠤᠷᠠᠳᠴᠠᠢ᠃
ᠶᠡᠷᠦᠩᠬᠡᠢ ᠱᠦᠵᠢ ᠰᠢ ᠵᠢᠨ ᠫᠢᠩ᠄ 《ᠬᠠᠮᠲᠤ᠎ᠪᠠᠷ ᠪᠠᠶᠠᠵᠢᠬᠤ ᠵᠠᠮ᠎ᠢᠶᠠᠷ ᠬᠡᠷᠬᠢᠨ ᠵᠠᠮᠨᠠᠪᠠᠯ ᠵᠣᠬᠢᠬᠤ ᠪᠤᠢ? ᠪᠢᠳᠡ ᠶᠠᠭ ᠬᠠᠢᠨ ᠰᠦᠪᠡᠭ᠌ᠴᠢᠯᠡᠵᠦ᠍ ᠪᠠᠢᠨ᠎ᠠ᠃ ᠬᠠᠮᠲᠤ᠎ᠪᠠᠷ ᠪᠠᠶᠠᠵᠢᠬᠤ ᠬᠠᠷᠠᠯᠲᠠ᠎ᠶ᠋ᠢ ᠪᠡᠶᠡᠯᠡᠭᠦᠯᠬᠦ᠌᠎ᠳᠦ᠂ ᠡᠩ ᠲᠡᠷᠢᠭᠦᠨ᠎ᠳᠦ ᠪᠦᠬᠦ᠌ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠲᠡᠮᠡᠴᠡᠯ᠎ᠢᠶᠡᠷ ᠳᠠᠮᠵᠢᠭᠤᠯᠤᠨ 〈ᠪᠣᠭᠣᠷᠰᠣᠭ〉 ᠢ᠋ ᠲᠣᠮᠣ ᠪᠥᠭᠡᠳ ᠰᠠᠢᠨ ᠬᠢᠵᠦ᠍᠂ ᠳᠠᠷᠠᠭ᠎ᠠ ᠨᠢ ᠵᠦᠢ ᠵᠣᠬᠢᠰᠲᠠᠶ ᠳᠦᠷᠢᠮ᠎ᠦᠨ ᠲᠣᠬᠢᠷᠠᠭᠤᠯᠤᠯᠲᠠ᠎ᠪᠠᠷ ᠳᠠᠮᠵᠢᠭᠤᠯᠤᠨ ᠨᠡᠮᠡᠭ᠌ᠳᠡᠯ ᠪᠠ ᠬᠤᠪᠢᠶᠠᠷᠢᠯᠠᠯᠲᠠ᠎ᠶ᠋ᠢᠨ ᠬᠠᠷᠢᠴᠠᠭ᠎ᠠ᠎ᠶ᠋ᠢ ᠵᠥᠪ ᠱᠢᠶ᠋ᠳᠪᠦᠷᠢᠯᠡᠵᠦ᠍᠂ 〈ᠪᠣᠭᠣᠷᠰᠣᠭ〉 ᠢ᠋ ᠰᠠᠢᠲᠤᠷ ᠬᠤᠪᠢᠶᠠᠬᠤ ᠬᠡᠷᠡᠭ᠌ᠲᠡᠶ》 ᠭᠡᠵᠤ ᠵᠢᠭᠠᠵᠤ ᠭᠠᠷᠭᠠᠪᠠ᠃
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ᠂ ᠬᠥᠭ᠌ᠵᠢᠯᠲᠡ᠎ᠶ᠋ᠢᠨ ᠰᠠᠭᠤᠷᠢ ᠮᠥᠨ᠂ ᠵᠣᠩᠬᠢᠯᠠᠬᠤ ᠤᠯᠠᠨ ᠲᠣᠭᠠᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠭᠣᠣᠯ ᠢᠷᠡᠯᠳᠡ ᠮᠥᠨ᠃ ᠪᠠᠢᠴᠠᠭᠠᠯᠲᠠ᠎ᠳᠤ ᠬᠠᠷᠠᠭᠤᠯᠤᠬᠰᠡᠨ᠎ᠢᠶᠡᠷ᠂ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠠᠷᠪᠡᠨ ᠤ᠋ ᠲᠤᠯᠤᠭᠠᠨ ᠬᠤᠪᠢ᠂ ᠶᠠᠳᠠᠭᠤ᠎ᠡᠴᠡ ᠠᠩᠭᠢᠵᠢᠷᠠᠭ᠍ᠰᠠᠨ ᠬᠡᠷ ᠪᠦᠯᠢ᠎ᠶ᠋ᠢᠨ ᠴᠡᠪᠡᠷ ᠣᠷᠣᠯᠭ᠎ᠠ᠎ᠶ᠋ᠢᠨ ᠠᠷᠪᠡᠨ ᠤ᠋ ᠨᠠᠶ᠋ᠮᠠᠨ ᠬᠤᠪᠢ᠎ᠨᠢ ᠴᠥᠮ ᠴᠠᠯᠢᠩ᠎ᠤᠨ ᠴᠢᠨᠠᠷᠲᠠᠶ ᠣᠷᠣᠯᠭ᠎ᠠ ᠪᠠ ᠡᠵᠡᠩᠨᠡᠯᠲᠡ᠎ᠶ᠋ᠢᠨ ᠴᠢᠨᠠᠷᠲᠠᠶ ᠣᠷᠣᠯᠭ᠎ᠠ᠎ᠡᠴᠡ ᠢᠷᠡᠯᠲᠡ᠎ᠲᠡᠶ ᠶᠤᠮ᠃
14 ᠳ᠋ᠦᠩᠱᠢᠭᠤᠷ ᠭᠠᠷᠤᠢ ᠬᠥᠮᠦᠨ ᠠᠮᠠ᠎ᠲᠠᠶ ᠲᠤᠮᠤ ᠤᠯᠤᠰ᠎ᠲᠤ ᠠᠪᠴᠤ᠌ ᠬᠡᠯᠡᠪᠡᠯ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠨᠢ 《ᠬᠥᠮᠦᠨ ᠪᠦᠬᠦᠨ ᠣᠷᠣᠯᠴᠠᠬᠤ》 ᠬᠥᠭ᠌ᠵᠢᠯᠲᠡ᠎ᠶ᠋ᠢᠨ ᠠᠵᠠ ᠲᠣᠬᠢᠶᠠᠯ᠎ᠤᠨ ᠡᠷᠬᠡ ᠲᠡᠭ᠌ᠰᠢ ᠪᠠᠲᠤᠯᠠᠭ᠎ᠠ᠂ 《ᠬᠥᠮᠦᠨ ᠪᠦᠬᠦᠨ ᠬᠠᠮᠲᠤ᠎ᠪᠠᠷ ᠡᠳ᠋ᠯᠡᠬᠦ᠌》 ᠬᠥᠭ᠌ᠵᠢᠯᠲᠡ᠎ᠶ᠋ᠢᠨ ᠦᠷ᠎ᠡ ᠪᠦᠲᠦᠭᠡᠯ᠎ᠦᠨ ᠲᠦᠷᠢᠮ᠎ᠦᠨ ᠲᠤᠬᠢᠷᠠᠭᠤᠯᠤᠯᠳᠠ᠎ᠶ᠋ᠢ ᠬᠠᠷᠠᠭᠤᠯᠵᠤ ᠪᠠᠢᠨ᠎ᠠ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠪᠠᠷ ᠳᠠᠮᠵᠢᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢᠨ 《ᠪᠣᠭᠣᠷᠰᠣᠭ》 ᠢ᠋ ᠰᠠᠢᠲᠤᠷ ᠬᠢᠵᠦ᠍᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠠᠩᠬᠠᠨ᠎ᠤ ᠬᠤᠪᠢᠶᠠᠷᠢᠯᠠᠯᠲᠠ᠎ᠳᠠᠬᠢ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠳᠡᠭᠡᠭ᠌ᠰᠢ ᠱᠢᠯᠵᠢᠬᠦ᠌ ᠵᠠᠮ᠎ᠢ ᠱᠢᠯᠤᠭᠤᠳᠭᠠᠵᠤ᠂ ᠣᠷᠣᠯᠭ᠎ᠠ᠎ᠶ᠋ᠢᠨ ᠵᠥᠷᠢᠶ᠎ᠡ᠎ᠶ᠋ᠢ ᠪᠦᠲᠦᠮᠵᠢᠲᠡᠢ ᠪᠠᠭᠠᠰᠭᠠᠵᠤ᠂ ᠨᠡᠢᠭᠡᠮ᠎ᠦᠨ ᠳᠠᠪᠬᠤᠷᠭ᠎ᠠ᠎ᠶ᠋ᠢᠨ ᠲᠣᠭ᠍ᠲᠠᠪᠤᠷᠢᠵᠢᠬᠤᠶ᠋ᠢ ᠰᠡᠷᠭᠡᠢᠯᠡᠵᠦ᠍᠂ ᠬᠠᠮᠲᠤ᠎ᠪᠠᠷ ᠪᠠᠶᠠᠵᠢᠬᠤ ᠶ᠋ᠢ ᠵᠢᠷᠤᠭ ᠲᠥᠯᠥᠪᠯᠡᠭᠡ᠎ᠡᠴᠡ ᠪᠣᠳᠠᠲᠤ ᠠᠬᠤᠢ ᠪᠤᠯᠭᠠᠨ ᠬᠤᠪᠢᠷᠠᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ ᠴᠢᠳᠠᠨ᠎ᠠ᠃
ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳ᠋ᠤ᠂ ᠮᠠᠨ᠎ᠤ ᠤᠯᠤᠰ᠎ᠤᠨ ᠠᠵᠢᠯ ᠣᠯᠭᠣᠯᠲᠠ᠎ᠶ᠋ᠢᠨ ᠠᠵᠢᠯ᠎ᠳᠤ ᠮᠥᠨ ᠴᠥᠭᠡᠨ ᠪᠤᠰᠤ ᠲᠤᠪᠤᠢ᠌ᠮ᠎ᠠ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠢᠨ᠎ᠠ᠄ ᠮᠠᠨ᠎ᠤ ᠤᠯᠤᠰ᠎ᠤᠨ ᠬᠥᠭ᠌ᠵᠢᠯᠲᠡ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠠ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ᠎ᠪᠡᠷ ᠣᠷᠣᠱᠢᠵᠤ᠂ ᠵᠢᠱ᠌ᠢᠬᠦᠶ᠎ᠡ ᠪᠡᠷᠬᠡ ᠬᠦᠴᠦᠨ ᠵᠦᠢᠯ ᠨᠡᠮᠡᠭ᠌ᠳᠡᠵᠦ᠍ ᠪᠠᠢᠭ᠎ᠠ ᠴᠠᠭ ᠦᠶ᠎ᠡ᠎ᠳᠦ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ ᠳᠠᠷᠤᠯᠲᠠ ᠢᠮᠠᠭ᠍ᠲᠠ ᠣᠷᠣᠱᠢᠵᠤ ᠪᠠᠢᠨ᠎ᠠ; ᠬᠥᠮᠦᠨ ᠠᠮᠠ᠎ᠶ᠋ᠢᠨ ᠬᠥᠭ᠌ᠵᠢᠯᠲᠡᠳ᠋ᠦ ᠦᠰᠪᠤᠷᠢ ᠵᠢᠨ ᠭᠡᠤᠭᠡᠳ ᠴᠦᠭᠡᠷᠡᠵᠤ᠂ ᠦᠳᠡᠯᠤᠭᠡ ᠨᠠᠰᠤᠳᠠᠨ ᠤᠯᠠᠰᠢᠷᠠᠵᠤ᠂ ᠣᠷᠣᠨ ᠪᠦᠰᠡ᠎ᠶ᠋ᠢᠨ ᠬᠥᠮᠦᠨ ᠠᠮᠠ᠎ᠶ᠋ᠢᠨ ᠨᠡᠮᠡᠭ᠌ᠳᠡᠵᠦ᠍ ᠬᠠᠰᠤᠭ᠍ᠳᠠᠬᠤ ᠢᠯᠭᠠᠷᠠᠯ ᠵᠢᠴᠢ ᠠᠵᠤ ᠠᠬᠤᠶ᠎ᠶ᠋ᠢᠨ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠡᠷᠭᠡ ᠬᠠᠨᠳᠤᠰᠢ᠎ᠶ᠋ᠢᠨ ᠠᠵᠢᠯ ᠣᠯᠭᠣᠯᠲᠠ᠎ᠳᠤ ᠦᠵᠡᠭᠦᠯᠬᠦ᠌ ᠨᠥᠯᠥᠭᠡ ᠨᠢ ᠠᠯᠬᠤᠮ ᠠᠯᠬᠤᠮ᠎ᠢᠶᠠᠷ ᠭᠦᠨᠵᠡᠭᠡᠢᠷᠡᠵᠦ᠍᠂ ᠪᠦᠲᠦᠴᠡ᠎ᠶ᠋ᠢᠨ ᠴᠢᠨᠠᠷᠲᠠᠶ ᠠᠵᠢᠯ ᠣᠯᠭᠣᠯᠲᠠ᠎ᠶ᠋ᠢᠨ ᠵᠥᠷᠢᠴᠡᠯ ᠲᠠᠰᠤᠷᠠᠯᠲᠠ ᠤᠢ᠍ᠭᠡᠢ ᠲᠣᠪᠣᠢᠮ᠎ᠠ ᠪᠣᠯᠵᠤ ᠪᠠᠢᠨ᠎ᠠ; ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠤᠨ ᠬᠡᠷᠡᠭ᠌ᠴᠡᠭᠡ ᠡᠳᠦᠷ ᠢᠷᠡᠬᠦᠶ᠎ᠡ ᠨᠡᠮᠡᠭ᠌ᠳᠡᠵᠦ᠍᠂ ᠠᠵᠢᠯ ᠣᠯᠭᠣᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠨᠢ ᠨᠢᠭᠡᠨᠲᠡ ᠬᠥᠳᠡᠯᠮᠦᠷᠢᠴᠢᠳ᠎ᠦᠨ ᠲᠤᠯᠭᠠᠮ ᠬᠦᠰᠡᠯ ᠪᠣᠯᠪᠠ᠃
ᠠᠵᠢᠯ ᠣᠯᠭᠣᠯᠲᠠ᠎ᠶ᠋ᠢᠨ ᠪᠠᠢᠳᠠᠯ᠎ᠤᠨ ᠱᠢᠨ᠎ᠡ ᠬᠤᠪᠢᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠠᠷᠠᠳ ᠣᠯᠠᠨ᠎ᠤ ᠱᠢᠨ᠎ᠡ ᠬᠦᠰᠡᠯ ᠡᠷᠡᠮᠡᠯᠵᠡᠯ᠎ᠳᠦ ᠨᠡᠢᠴᠡᠭᠦᠯᠦᠨ᠂ ᠴᠢᠨᠠᠷ ᠰᠠᠢᠲᠠᠶ ᠬᠥᠭ᠌ᠵᠢᠯᠲᠡ ᠪᠠ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢ ᠪᠣᠳᠣᠯᠬᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠴᠢᠬᠤᠯᠠ ᠶᠡᠬᠡ ᠪᠠᠢᠷᠢᠯᠠᠭᠤᠯᠤᠯᠲᠠ ᠬᠢᠪᠠ᠃
2024 ᠣᠨ᠎ᠤ 5 ᠰᠠᠷ᠎ᠠ᠎ᠶ᠋ᠢᠨ 27᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠭᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ 《ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠪᠤᠯ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠵᠢᠯ ᠣᠯᠭᠣᠯᠲᠠ᠎ᠶ᠋ᠢᠨ ᠠᠵᠢᠯ᠎ᠤᠨ ᠱᠢᠨ᠎ᠡ ᠪᠠᠢᠷᠢ ᠲᠣᠭ᠍ᠲᠠᠭᠠᠯᠲᠠ᠂ ᠱᠢᠨ᠎ᠡ ᠡᠭᠦᠷᠭᠡ ᠬᠠᠷᠢᠭᠤᠴᠠᠯᠭ᠎ᠠ ᠮᠥᠨ》 ᠭᠡᠵᠤ ᠬᠦᠨᠵᠡᠭᠡᠢ ᠵᠢᠭᠠᠵᠤ ᠭᠠᠷᠭᠠᠵᠤ᠂ 《ᠠᠵᠢᠯ ᠣᠯᠭᠣᠯᠲᠠ᠎ᠳ᠋ᠦ ᠨᠥᠬᠥᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠪᠠᠢᠭᠤᠯᠬᠤ ᠭᠡᠷᠡᠭᠳᠠᠢ》 ᠭᠡᠵᠤ ᠴᠢᠬᠤᠯᠠᠴᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠠ ᠠᠵᠢᠯ ᠣᠯᠭᠣᠯᠲᠠ᠎ᠶ᠋ᠢᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃
ᠶᠠᠭᠤ ᠵᠢ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠭᠡᠬᠦ ᠪᠣᠶ? ᠶᠡᠷᠦᠩᠬᠡᠢ ᠱᠦᠵᠢ ᠰᠢ ᠵᠢᠨ ᠫᠢᠩ᠄ 《ᠬᠣᠷᠸ᠎ᠠ ᠳᠠᠪᠬᠤᠷᠭ᠎ᠠ᠎ᠳᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠳᠤ ᠭᠣᠣᠯᠳᠠᠭᠤ ᠠᠵᠢᠯ ᠣᠯᠭᠣᠯᠲᠠ᠎ᠶ᠋ᠢᠨ ᠠᠵᠠ ᠲᠣᠬᠢᠶᠠᠯ ᠭᠦᠢᠴᠡᠳ᠂ ᠠᠵᠢᠯ ᠣᠯᠭᠣᠯᠲᠠ᠎ᠶ᠋ᠢᠨ ᠣᠷᠴᠢᠨ ᠨᠦᠭᠦᠴᠡᠯ ᠡᠷᠬᠡ ᠲᠡᠭ᠌ᠰᠢ᠂ ᠠᠵᠢᠯ ᠣᠯᠭᠣᠯᠲᠠ᠎ᠶ᠋ᠢᠨ ᠪᠦᠲᠦᠴᠡ ᠱᠢᠯᠢᠳᠡᠭ᠌ᠵᠢᠭ᠌ᠰᠡᠨ᠂ ᠬᠥᠮᠦᠨ ᠪᠠ ᠠᠵᠢᠯ᠎ᠤᠨ ᠪᠠᠢᠷᠢ ᠢᠵᠢᠯᠢᠱᠢᠵᠦ ᠥᠨᠳᠥᠷ ᠪᠦᠲᠦᠮᠵᠢᠲᠡᠢ᠂ ᠬᠥᠳᠡᠯᠮᠦᠷᠢ᠎ᠶ᠋ᠢᠨ ᠬᠠᠷᠢᠴᠠᠭ᠎ᠠ ᠡᠶ᠎ᠡ ᠵᠣᠬᠢᠴᠠᠩᠭᠤᠢ ᠵᠡᠷᠭᠡ ᠪᠠᠭ᠍ᠲᠠᠨ᠎ᠠ; ᠬᠤᠮᠠᠬᠢ ᠳᠠᠪᠬᠤᠷᠭ᠎ᠠ᠎ᠳᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠨᠢ ᠭᠣᠣᠯᠳᠠᠭᠤ ᠬᠥᠳᠡᠯᠮᠦᠷᠢᠴᠢᠳ ᠬᠢᠬᠦ᠌ ᠠᠵᠢᠯ ᠲᠠᠢ ᠮᠥᠷᠲᠡᠭᠡᠨ ᠠᠵᠢᠯ ᠨᠢ ᠲᠣᠭ᠍ᠲᠠᠭᠤᠨ᠂ ᠣᠷᠣᠯᠭ᠎ᠠ ᠨᠢ ᠵᠣᠬᠢᠰᠲᠠᠢ᠂ ᠪᠠᠲᠤᠯᠠᠭ᠎ᠠ ᠨᠢ ᠨᠠᠢᠳᠠᠪᠤᠷᠢᠲᠠᠢ᠂ ᠠᠵᠢᠯ ᠮᠡᠷᠭᠡᠵᠢᠯ ᠠᠮᠤᠷ ᠲᠦᠪᠱᠢᠨ ᠵᠡᠷᠭᠡ ᠲᠠᠯ᠎ᠠ᠎ᠪᠠᠷ ᠢᠯᠡᠷᠡᠵᠦ᠍ ᠪᠠᠢᠨ᠎ᠠ》 ᠭᠡᠵᠦ ᠭᠦᠨᠵᠡᠭᠡᠢ ᠲᠤᠳᠤᠷᠬᠠᠢᠯᠠᠨ ᠲᠠᠢᠯᠪᠤᠷᠢᠯᠠᠪᠠ᠃
ᠬᠡᠷᠬᠢᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠬᠦ᠌ ᠪᠣᠶ? ᠶᠡᠷᠦᠩᠬᠡᠢ ᠱᠦᠵᠢ ᠰᠢ ᠵᠢᠨ ᠫᠢᠩ᠄ 《ᠡᠨᠡ ᠪᠣᠯ ᠮᠠᠰᠢ ᠥᠨᠳᠥᠷ ᠱᠠᠭᠠᠷᠳᠠᠯᠭ᠎ᠠ ᠮᠥᠨ᠂ ᠪᠠᠰᠠ ᠴᠤ᠌ ᠠᠯᠬᠤᠮ ᠲᠠᠷᠠᠭ᠎ᠠ᠎ᠲᠠᠶ ᠤᠷᠤᠭ᠍ᠰᠢᠯᠠᠬᠤ ᠶᠠᠪᠤᠴᠠ ᠮᠥᠨ᠂ ᠡᠷᠬᠡᠪᠰᠢ ᠴᠢᠳᠠᠯ᠎ᠤᠨ᠎ᠢᠶᠠᠨ ᠬᠢᠷᠢ᠎ᠪᠡᠷ ᠴᠢᠷᠮᠠᠢᠵᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠌ ᠬᠡᠷᠡᠭ᠌ᠲᠡᠢ; ᠡᠷᠬᠡᠪᠰᠢ ᠠᠷᠠᠳ ᠤᠯᠠᠨ᠎ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠲᠠᠢ᠌ᠴᠢᠯᠠᠵᠦ᠍᠂ ᠤᠯᠠᠨ᠎ᠢ ᠬᠦᠲᠦᠯᠦᠨ ᠵᠢᠯᠣᠭᠣᠳᠴᠤ᠌ ᠴᠢᠷᠮᠠᠢᠨ ᠲᠡᠮᠡᠴᠡᠬᠦ᠌᠎ᠳᠦ ᠲᠦᠱᠢᠭ᠌ᠯᠡᠨ ᠵᠣᠯ ᠵᠢᠷᠭᠠᠯᠲᠤ ᠠᠮᠢᠳᠤᠷᠠᠯ᠎ᠢ ᠴᠣᠭ᠍ᠴᠠᠯᠠᠬᠤ ᠬᠡᠷᠡᠭ᠌ᠲᠡᠢ᠂ ᠬᠥᠳᠡᠯᠮᠦᠷᠢᠯᠡᠬᠦ᠌ ᠦᠭᠡᠢ᠎ᠪᠡᠷ ᠣᠯᠵᠤ᠂ ᠵᠦᠭᠡᠷ ᠰᠠᠭᠤᠵᠤ ᠪᠡᠯᠡᠨ᠎ᠢ ᠡᠳ᠋ᠯᠡᠵᠦ᠍ ᠪᠣᠯᠬᠤ ᠦᠭᠡᠢ》 ᠭᠡᠵᠦ ᠲᠤᠳᠤᠷᠬᠠᠢ ᠵᠢᠭᠠᠵᠤ ᠭᠠᠷᠭᠠᠪᠠ᠃
ᠡᠨᠡ ᠪᠣᠯ ᠬᠢᠯᠪᠠᠷ ᠪᠤᠰᠤ᠎ᠪᠠᠷ ᠢᠷᠡᠭ᠌ᠰᠡᠨ ᠠᠮᠵᠢᠯᠲᠠ᠎ᠶ᠋ᠢᠨ ᠬᠠᠭᠤᠳᠠᠰᠤ ᠪᠣᠯᠤᠨ᠎ᠠ᠄ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠡᠮᠦᠨ᠎ᠡ᠂ ᠢᠯᠠᠩᠭᠤᠶ᠎ᠠ ᠡᠷᠡᠨ ᠵᠠᠭᠤᠨ᠎ᠤ ᠬᠢᠵᠢᠭ᠎ᠦᠨ ᠪᠠᠢᠳᠠᠯ᠎ᠤᠨ ᠬᠦᠨᠳᠦ ᠨᠣᠴᠢᠲᠠᠶ ᠲᠠᠭᠠᠷᠢᠯᠲᠠ᠎ᠶ᠋ᠢᠨ ᠡᠮᠦᠨ᠎ᠡ᠂ ᠮᠠᠨ᠎ᠤ ᠤᠯᠤᠰ᠎ᠤᠨ ᠬᠣᠲᠠ ᠪᠠᠯᠭᠠᠰᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠣᠯᠭᠣᠯᠲᠠ ᠨᠡᠢᠲᠡ 6242 ᠲᠦᠮᠡᠨ ᠬᠥᠮᠦᠨ᠎ᠳᠦ ᠬᠦᠷᠴᠦ᠍᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢᠨ ᠳᠤᠮᠳᠠᠴᠢ ᠬᠡᠮᠵᠢᠭ᠌ᠳᠡᠯ᠎ᠨᠢ 5.5% ᠡᠴᠡ ᠳᠤᠤᠷ᠎ᠠ ᠪᠠᠢᠬᠤ ᠵᠢᠱ᠌ᠢᠭ᠌ᠰᠡᠨ ᠬᠢᠵᠠᠭᠠᠷᠯᠠᠬᠤ ᠬᠠᠷᠠᠯᠲᠠ᠎ᠳᠤ ᠬᠦᠷᠴᠦ᠍᠂ ᠬᠡᠪᠴᠢᠶ᠎ᠡ᠎ᠪᠡᠷ ᠯᠤᠲᠤ ᠶᠡᠬᠡ ᠬᠥᠳᠡᠯᠮᠦᠷᠢ ᠬᠦᠴᠦᠨ᠎ᠦ ᠡᠬᠢ ᠪᠠᠶᠠᠯᠢᠭ᠎ᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠠᠮᠵᠢᠯᠲᠠ᠎ᠲᠠᠶ ᠬᠤᠪᠢᠷᠠᠭᠤᠯᠵᠤ᠂ ᠮᠠᠨ᠎ᠤ ᠡᠨᠡ ᠬᠦ᠌ ᠬᠥᠭ᠌ᠵᠢᠵᠦ᠍ ᠪᠠᠢᠭ᠎ᠠ ᠲᠣᠮᠣ ᠤᠯᠤᠰ᠎ᠲᠤ ᠨᠡᠯᠢᠶᠡᠳ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠪᠡ᠃
ᠡᠨᠡ ᠪᠣᠯ ᠱᠢᠨ᠎ᠡ ᠠᠶᠠᠨ᠎ᠳᠠᠬᠢ ᠡᠭᠦᠷᠭᠡ᠎ᠶ᠋ᠢᠨ ᠪᠢᠴᠢᠭ ᠪᠣᠯᠤᠨ᠎ᠠ᠄《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ 2035 ᠣᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ᠎ᠳᠦ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠡᠶᠡᠯᠡᠭᠦᠯᠵᠦ᠍᠂ ᠠᠵᠢᠯ ᠣᠯᠭᠣᠯᠲᠠ᠎ᠳ᠋ᠦ ᠨᠥᠬᠥᠷᠰᠡᠭ ᠮᠠᠶᠢᠭ᠎ᠤᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠪᠠᠢᠭᠤᠯᠬᠤ ᠨᠢ ᠨᠡᠩ ᠲᠤᠪᠤᠢ᠌ᠮ᠎ᠠ ᠠᠴᠢ ᠬᠣᠯᠪᠣᠭ᠍ᠳᠠᠯ᠎ᠲᠠᠶ ᠶᠤᠮ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢ ᠦᠵᠡᠪᠡᠯ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠳᠤ᠄ 《ᠠᠵᠢᠯ ᠣᠯᠭᠣᠯᠲᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠵᠤ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.5% ᠡᠴᠡ ᠳᠤᠤᠷ᠎ᠠ ᠪᠠᠢᠯᠭᠠᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠵᠢ ᠱᠢᠨ᠎ᠡ ᠠᠬᠢᠯᠲᠠ᠎ᠲᠠᠶ ᠪᠣᠯᠭᠠᠨ᠎ᠠ》 ᠭᠡᠵᠦ᠍ ᠲᠣᠳᠣᠷᠬᠠᠶ ᠳᠤᠷᠠᠳᠪᠠ; 《ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ》 ᠨᠢ 《ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠵᠤ᠂ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ》 ᠲᠤᠰᠭᠠᠶ ᠰᠡᠳᠦᠪ᠎ᠦᠨ ᠲᠡᠷᠢᠭᠦᠨ ᠴᠢᠬᠤᠯᠠ ᠡᠭᠦᠷᠭᠡ ᠪᠣᠯᠤᠭ᠍ᠰᠠᠨ ᠪᠥᠭᠡᠳ 《ᠠᠵᠢᠯ ᠣᠯᠭᠣᠯᠲᠠ᠎ᠳ᠋ᠦ ᠨᠥᠬᠥᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠪᠠᠢᠭᠤᠯᠬᠤ》 ᠶ᠋ᠢ ᠤᠯᠠᠮ ᠨᠢᠭᠡ ᠠᠯᠬᠤᠮ ᠴᠢᠬᠤᠯᠠᠴᠢᠯᠠᠪᠠ᠃
ᠶᠡᠷᠦᠩᠬᠡᠢ ᠱᠦᠵᠢ ᠰᠢ ᠵᠢᠨ ᠫᠢᠩ᠄ 《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠨᠡᠩ ᠤᠬᠠᠮᠰᠠᠷ᠎ᠡᠴᠡ᠎ᠪᠠᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠡᠷᠢᠭᠦᠨ ᠬᠠᠷᠠᠯᠲᠠ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠪᠤᠴᠠ᠎ᠶ᠋ᠢ ᠠᠵᠢᠯ ᠣᠯᠭᠣᠯᠲᠠ᠎ᠶ᠋ᠢᠨ ᠴᠢᠨᠠᠷ᠎ᠢ ᠳᠡᠭᠡᠭ᠌ᠰᠢᠯᠡᠭᠦᠯᠵᠦ᠍ ᠪᠠᠭ᠍ᠲᠠᠭᠠᠮᠵᠢ᠎ᠶ᠋ᠢ ᠥᠷᠭᠡᠳᠭᠡᠬᠦ᠌ ᠶᠠᠪᠤᠴᠠ ᠪᠣᠯᠭᠠᠵᠤ᠂ ᠬᠥᠭ᠌ᠵᠢᠯᠲᠡ᠎ᠶ᠋ᠢᠨ ᠠᠵᠢᠯ ᠣᠯᠭᠣᠯᠲᠠ᠎ᠶ᠋ᠢᠨ ᠳᠠᠢᠴᠢᠯᠠᠬᠤ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ》 ᠭᠡᠵᠦ ᠭᠦᠨᠵᠡᠭᠡᠢ ᠵᠢᠭᠠᠵᠤ ᠭᠠᠷᠭᠠᠪᠠ᠃
ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠵᠤ᠂ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ᠂ ᠴᠢᠬᠤᠯᠠ ᠶᠡᠬᠡ ᠲᠥᠷᠥᠯ ᠵᠦᠶ᠋ᠯ᠂ ᠴᠢᠬᠤᠯᠠ ᠶᠡᠬᠡ ᠦᠶ᠋ᠯᠡᠳᠪᠦᠷᠢᠯᠡᠯ᠎ᠦᠨ ᠬᠦᠴᠦᠨ᠎ᠦ ᠪᠠᠢᠷᠢᠱᠢᠭᠤᠯᠤᠯᠲᠠ ᠵᠢᠨ ᠠᠵᠢᠯ ᠣᠯᠭᠣᠯᠲᠠ᠎ᠶ᠋ᠢᠨ ᠨᠥᠯᠥᠭᠡ᠎ᠶ᠋ᠢ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠪᠦᠷᠢᠨᠱᠢᠭᠦᠯᠪᠡ; ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠨᠠᠩ ᠣᠯᠠᠨ ᠴᠢᠨᠠᠷ ᠰᠠᠢᠲᠠᠶ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠡᠭᠦᠳᠪᠡ; ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠢᠳᠡᠪᠬᠢᠲᠡᠢ ᠪᠣᠢᠵᠢᠭᠤᠯᠵᠤ᠂ ᠲᠣᠭᠠᠴᠢᠯᠠᠭ᠍ᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠪᠤᠭᠤᠷᠤᠯᠴᠤᠳ᠎ᠤᠨ ᠠᠵᠤ ᠠᠬᠤᠢ ᠵᠡᠷᠭᠡ ᠠᠵᠢᠯ ᠣᠯᠭᠣᠯᠲᠠ᠎ᠶ᠋ᠢᠨ ᠱᠢᠨ᠎ᠡ ᠣᠷᠣᠨ ᠵᠠᠢ᠎ᠶ᠋ᠢ ᠥᠷᠭᠡᠳᠭᠡᠪᠡ; ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠵᠢᠯ ᠣᠯᠭᠣᠯᠲᠠᠰᠠᠢᠳᠠᠢ ᠠᠵᠢᠯ ᠲᠥᠷᠥᠯ ᠠᠵᠤ ᠠᠬᠤᠢᠯᠠᠯ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠦᠷᠭᠦᠯᠵᠢᠯᠡᠨ ᠴᠢᠩᠭᠠᠳᠭᠠᠪᠠ; ᠭᠠᠳᠠᠭᠠᠳᠤ ᠣᠷᠴᠢᠨ᠎ᠤ ᠬᠤᠪᠢᠷᠠᠯᠲᠠ ᠪᠠ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ᠎ᠦᠨ ᠬᠥᠭ᠌ᠵᠢᠯᠲᠡ᠎ᠶ᠋ᠢᠨ ᠠᠵᠢᠯ ᠣᠯᠭᠣᠯᠲᠠ᠎ᠳᠤ ᠦᠵᠡᠭᠦᠯᠬᠦ᠌ ᠨᠥᠯᠥᠭᠡ᠎ᠶ᠋ᠢ ᠶᠡᠷᠦᠩᠬᠡᠢᠯᠡᠨ ᠠᠷᠭᠠᠴᠠᠭᠠᠪᠠ ᠁
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠤᠨ ᠵᠢᠷᠤᠭ᠎ᠢ ᠵᠢᠷᠤᠭ᠍ᠯᠠᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ᠎ᠳᠤ ᠥᠷᠭᠡᠨ ᠠᠭᠤᠳᠠᠮ ᠣᠷᠣᠨ ᠵᠠᠢ᠎ᠶ᠋ᠢ ᠨᠡᠭᠡᠭᠡᠵᠦ᠍ ᠥᠭ᠌ᠪᠡ᠃
ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ ᠠᠵᠢᠯ ᠣᠯᠭᠣᠯᠲᠠ᠎ᠶ᠋ᠢᠨ ᠬᠦᠷᠢᠶᠡᠨ᠎ᠳᠦ ᠢᠯᠡᠷᠡᠭ᠌ᠰᠡᠨ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠠᠩᠬᠠᠷᠴᠤ᠌᠂ ᠠᠯᠢ ᠣᠯᠠᠨ ᠴᠢᠬᠤᠯᠠ ᠵᠢᠭᠠᠪᠤᠷᠢ ᠥᠭ᠌ᠴᠦ᠂ ᠱᠢᠶ᠋ᠳᠪᠦᠷᠢᠯᠡᠬᠦ᠌ ᠠᠷᠭ᠎ᠠ ᠵᠠᠮ᠎ᠢ ᠬᠠᠢᠨ ᠰᠦᠪᠡᠭ᠌ᠴᠢᠯᠡᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃
ᠠᠵᠢᠯ ᠣᠯᠭᠣᠯᠲᠠ᠎ᠶ᠋ᠢᠨ ᠬᠦᠷᠢᠶᠡᠨ᠎ᠳᠡᠬᠢ ᠪᠦᠲᠦᠴᠡ᠎ᠶ᠋ᠢᠨ ᠴᠢᠨᠠᠷᠲᠠᠢ ᠵᠥᠷᠢᠴᠡᠯ᠎ᠳᠦ ᠴᠢᠭ᠌ᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ᠂ 《ᠤᠳᠤ᠎ᠶ᠋ᠢᠨ ᠬᠥᠳᠡᠯᠮᠦᠷᠢ ᠬᠦᠴᠦᠨ᠎ᠦ ᠵᠠᠬ᠎ᠠ ᠳᠡᠯᠭᠡᠭᠦᠷ᠎ᠲᠦ᠂ ᠵᠠᠷᠢᠮ ᠨᠢ ᠬᠥᠮᠦᠨ ᠬᠠᠷ᠎ᠠ ᠬᠣᠮᠰᠠᠳᠠᠵᠤ᠂ ᠴᠢᠳᠠᠪᠤᠷᠢᠲᠠᠨ ᠬᠣᠮᠰᠠᠳᠠᠵᠤ᠂ ᠵᠠᠷᠢᠮ ᠨᠢ ᠬᠠᠩᠭᠠᠯᠭ᠎ᠠ ᠨᠢ ᠬᠡᠷᠡᠭ᠌ᠴᠡᠭᠡ᠎ᠡᠴᠡ᠎ᠪᠡᠨ ᠬᠡᠲᠦᠷᠡᠵᠦ᠍᠂ ᠪᠦᠲᠦᠴᠡ᠎ᠶ᠋ᠢᠨ ᠴᠢᠨᠠᠷᠲᠠᠢ ᠠᠰᠠᠭᠤᠳᠠᠯ ᠪᠤᠯᠵᠤ ᠪᠠᠢᠨ᠎ᠠ》 ᠭᠡᠵᠦ᠍ ᠵᠢᠭᠠᠵᠤ ᠭᠠᠷᠭᠠᠭᠠᠳ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ;
ᠭᠣᠣᠯᠳᠠᠯᠭ᠎ᠠ᠎ᠲᠠᠶ ᠬᠥᠮᠦᠰ᠎ᠲᠦ ᠠᠵᠢᠯ ᠣᠯᠭᠣᠬᠤ ᠲᠤᠬᠠᠢ ᠰᠠᠨᠠᠭᠠᠱᠢᠷᠠᠵᠤ᠂ ᠶᠡᠷᠦᠩᠬᠡᠢ ᠱᠦᠵᠢ ᠰᠢ ᠵᠢᠨ ᠫᠢᠩ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠠᠵᠢᠯ ᠣᠯᠭᠣᠬᠤ ᠠᠵᠢᠯ᠎ᠢ ᠲᠤᠬᠠᠢ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ᠂ 《ᠤᠯᠤᠰ᠎ᠤᠨ ᠬᠥᠭ᠌ᠵᠢᠯᠲᠡ᠎ᠶᠢᠨ ᠡᠯ᠎ᠡ ᠲᠠᠯ᠎ᠠ᠎ᠳᠤ ᠪᠦᠷ ᠴᠢᠳᠠᠪᠤᠷᠢᠲᠠᠨ ᠬᠡᠷᠡᠭ᠌ᠰᠡᠨ᠎ᠡ᠂ ᠵᠠᠩᠭᠢᠯᠠᠭ᠎ᠠ ᠨᠢ ᠬᠥᠮᠦᠨ᠎ᠦ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠪᠠᠢᠨ᠎ᠠ᠃ ᠬᠡᠯᠡᠯᠭᠡᠨ ᠦᠭᠡᠢ᠂ ᠰᠤᠷᠭᠠᠭᠤᠯᠢ᠎ᠶ᠋ᠢᠨ ᠲᠤᠰᠭᠠᠢ ᠮᠡᠷᠭᠡᠵᠢᠯ᠎ᠦᠨ ᠲᠤᠬᠢᠷᠠᠭᠤᠯᠤᠯᠳᠠ᠂ ᠰᠤᠷᠤᠭ᠍ᠴᠢᠳ᠎ᠤᠨ ᠮᠡᠳᠡᠯᠭᠡ᠎ᠶ᠋ᠢᠨ ᠪᠦᠲᠦᠴᠡ᠎ᠶ᠋ᠢ ᠨᠡᠢᠭᠡᠮ᠎ᠦᠨ ᠠᠵᠢᠯ ᠣᠯᠭᠣᠯᠲᠠ᠎ᠶ᠋ᠢᠨ ᠪᠦᠲᠦᠴᠡ᠎ᠲᠡᠶ ᠵᠣᠬᠢᠴᠠᠭᠤᠯᠬᠤ᠎ᠶ᠋ᠢᠨ ᠬᠠᠮᠲᠤ ᠴᠢᠳᠠᠪᠤᠷᠢᠲᠠᠨ᠎ᠳᠤ ᠪᠠᠢᠪᠠᠰᠤ ᠵᠣᠬᠢᠬᠤ ᠪᠠᠢᠷᠢ ᠰᠠᠭᠤᠷᠢ ᠪᠠ ᠬᠠᠷᠠᠭᠠᠯᠵᠠᠯ ᠦᠵᠡᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ;
ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠢ ᠬᠠᠯᠠᠮᠵᠢᠯᠠᠵᠤ᠂ ᠡᠨᠡ ᠵᠢᠯ᠎ᠦᠨ ᠴᠠᠭᠠᠨ ᠰᠠᠷ᠎ᠠ᠎ᠡᠴᠡ ᠡᠮᠦᠨᠡᠬᠡᠨ᠂ ᠶᠡᠷᠦᠩᠬᠡᠶ ᠱᠦᠵᠢ ᠰᠢ ᠵᠢᠨ ᠫᠢᠩ ᠪᠡᠭᠡᠵᠢᠩ᠎ᠳᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ ᠲᠦᠷᠭᠡᠨ ᠬᠦᠷᠭᠡᠭ᠌ᠴᠢ᠎ᠶ᠋ᠢ ᠡᠷᠬᠢᠨ ᠦᠵᠡᠵᠦ᠍᠂ 《ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠠᠪᠠᠯ ᠲᠡᠳᠡᠨ᠎ᠢ ᠬᠠᠯᠠᠮᠵᠢᠯᠠᠵᠤ᠂ ᠲᠡᠳᠡᠨ᠎ᠦ ᠠᠮᠢᠳᠤᠷᠠᠯ᠂ ᠠᠵᠢᠯ᠂ ᠰᠤᠷᠤᠯᠴᠠᠯᠭ᠎ᠠ᠎ᠳᠤ ᠰᠠᠢᠨ ᠦᠶ᠋ᠯᠡᠴᠢᠯᠡᠭᠡ ᠬᠠᠩᠭᠠᠬᠤ ᠬᠡᠷᠡᠭ᠌ᠲᠡᠶ》 ᠭᠡᠵᠦ᠍ ᠵᠠᠬᠢᠪᠠ;
᠁
ᠤᠳᠤ ᠦᠶ᠎ᠡ᠎ᠶ᠋ᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠱᠢᠰᠲᠸᠮ᠎ᠤᠨ ᠪᠠᠢᠭᠤᠯᠤᠯᠲᠠ᠎ᠶ᠋ᠢ ᠠᠬᠢᠭᠤᠯᠬᠤ᠂ ᠨᠠᠰᠤᠨ ᠲᠤᠷᠱᠢᠳᠠ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠲᠦᠷᠢᠮ᠎ᠢ ᠪᠦᠷᠢᠨᠱᠢᠬᠦᠯᠬᠦ᠌ ᠡᠴᠡ ᠠᠮᠢᠳᠤᠯᠢᠭ ᠠᠵᠢᠯ ᠣᠯᠭᠣᠯᠲᠠ᠂ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠳ᠎ᠦᠨ ᠡᠷᠬᠡ ᠠᠱᠢᠭ᠎ᠢ ᠪᠠᠲᠤᠯᠠᠬᠤ ᠲᠦᠷᠢᠮ᠎ᠢ ᠪᠦᠷᠢᠨᠱᠢᠬᠦᠯᠬᠦ᠌ ᠬᠦᠷᠲᠡᠯ᠎ᠡ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠲᠠᠷᠢᠶᠠᠴᠢᠨ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠵᠡᠷᠭᠡ ᠭᠣᠣᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌᠎ᠡᠴᠡ ᠬᠦᠴᠢᠷᠳᠡᠯᠲᠡᠢ ᠬᠥᠮᠦᠰ᠎ᠦᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠬᠤ ᠬᠦᠷᠲᠡᠯ᠎ᠡ ᠁ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ᠎ᠳᠤ ᠲᠦᠷᠦ᠍᠎ᠶ᠋ᠢᠨ ᠪᠤᠳᠤᠯᠭ᠎ᠠ ᠲᠦᠷᠢᠮ᠎ᠦᠨ ᠪᠠᠲᠤᠯᠠᠭ᠎ᠠ᠎ᠶ᠋ᠢ ᠪᠠᠲᠤ ᠴᠣᠭ᠍ᠴᠠᠯᠠᠪᠠ᠃
ᠠᠵᠢᠯ ᠣᠯᠭᠣᠯᠲᠠ ᠪᠣᠯ ᠭᠡᠷ᠎ᠦᠨ ᠶᠠᠪᠤᠳᠠᠯ᠂ ᠨᠡᠩ ᠴᠤ᠌ ᠤᠯᠤᠰ᠎ᠤᠨ ᠶᠠᠪᠤᠳᠠᠯ ᠮᠥᠨ᠃ ᠠᠵᠢᠯ ᠣᠯᠭᠣᠯᠲᠠ᠎ᠶ᠋ᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠭᠤᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠡᠶᠡᠯᠡᠭᠦᠯᠵᠦ᠍᠂ ᠠᠵᠢᠯ ᠣᠯᠭᠣᠯᠲᠠ᠎ᠳ᠋ᠦ ᠨᠥᠬᠥᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠪᠠᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ᠎ᠳᠤ ᠪᠠᠲᠤ ᠪᠡᠬᠢ ᠠᠯᠬᠤᠮ᠎ᠢ ᠠᠯᠬᠤᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 20 ᠤ᠋ ᠴᠠᠬᠢᠯᠭᠠᠨ ᠮᠡᠳᠡᠭᠡ ᠡᠴᠡ)