ᠦᠪᠦᠷ ᠮᠤᠩᠭᠤᠯ ᠤ᠋ᠨ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠴᠢᠬᠤᠯᠠ ᠶᠡᠬᠡ ᠲᠦᠷᠦᠯ ᠵᠦᠢᠯ ᠤ᠋ᠨ ᠬᠡᠷᠡᠭᠰᠡᠬᠦ ᠭᠠᠵᠠᠷ ᠰᠢᠷᠤᠢ ᠶ᠋ᠢ ᠬᠢᠨᠡᠨ ᠵᠦᠪᠰᠢᠶᠡᠷᠡᠬᠦ ᠶ᠋ᠢ ᠠᠬᠢᠭᠤᠯᠵᠠᠢ
2026-03-23 10:41:32
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠶ᠋ᠢᠨ  ᠡᠬᠢ   ᠪᠠᠶᠠᠯᠢᠭ  ᠤ᠋ᠨ ᠲᠢᠩᠬᠢᠮ   ᠴᠢᠬᠤᠯᠠ  ᠶᠡᠬᠡ   ᠲᠦᠷᠦᠯ ᠵᠦᠢᠯ ᠤ᠋ᠨ ᠬᠡᠷᠡᠭᠰᠡᠬᠦ  ᠭᠠᠵᠠᠷ  ᠰᠢᠷᠤᠢ ᠶ᠋ᠢ  ᠬᠢᠨᠡᠨ ᠵᠦᠪᠰᠢᠶᠡᠷᠡᠬᠦ  ᠠᠵᠢᠯ ᠢ᠋  ᠱᠠᠯᠠᠪᠳᠠᠭᠤᠯᠤᠨ ᠠᠬᠢᠭᠤᠯᠬᠤ ᠸᠢᠳᠢᠤ᠋ ᠬᠤᠷᠠᠯ ᠬᠢᠪᠡ᠃

ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ 《1571 》 ᠠᠵᠢᠯ ᠤ᠋ᠨ ᠪᠠᠢᠷᠢᠯᠠᠭᠤᠯᠤᠯᠳᠠ ᠪᠠ  ᠪᠦᠬᠦ  ᠤᠷᠤᠨ ᠤ᠋  ᠴᠢᠨᠠᠷ  ᠰᠠᠢᠳᠠᠢ  ᠬᠦᠭᠵᠢᠯᠳᠡ ᠶ᠋ᠢ  ᠠᠬᠢᠭᠤᠯᠬᠤ  ᠶᠡᠬᠡ ᠬᠤᠷᠠᠯ ᠤ᠋ᠨ ᠵᠤᠷᠢᠭ ᠰᠠᠨᠠᠭ᠎ᠠ ᠶ᠋ᠢ ᠨᠠᠷᠢᠨ  ᠬᠢᠨᠠᠮᠠᠭᠠᠢ  ᠨᠠᠢᠳᠠᠪᠤᠷᠢᠵᠢᠭᠤᠯᠵᠤ᠂ ᠤᠳᠤᠬᠠᠨ ᠤ᠋ ᠪᠠᠢᠳᠠᠯ ᠢ᠋ ᠵᠠᠳᠠᠯᠵᠤ᠂ ᠡᠯ᠎ᠠ ᠲᠠᠯ᠎ᠠ ᠶ᠋ᠢᠨ ᠡᠭᠦᠷᠭᠡ ᠶ᠋ᠢ ᠲᠤᠳᠤᠷᠬᠠᠢᠯᠠᠨ᠂ ᠬᠠᠷᠢᠭᠤᠴᠠᠯᠭ᠎ᠠ ᠶ᠋ᠢ  ᠪᠤᠳᠠᠳᠠᠢᠵᠢᠭᠤᠯᠵᠤ ᠂ 2026   ᠤᠨ ᠤ᠋  ᠳᠡᠭᠡᠷ᠎ᠠ ᠬᠠᠭᠠᠰ ᠵᠢᠯ ᠳ᠋ᠤ ᠪᠠᠷᠢᠯᠭ᠎ᠠ  ᠡᠬᠢᠯᠡᠭᠦᠯᠬᠦ ᠪᠡᠷ  ᠪᠠᠢᠭ᠎ᠠ ᠴᠢᠬᠤᠯᠠ ᠶᠡᠬᠡ ᠲᠦᠷᠦᠯ ᠵᠦᠢᠯ  ᠵᠢᠴᠢ   ᠡᠯ᠎ᠠ  ᠠᠢᠮᠠᠭ ᠬᠤᠳᠠ ᠶ᠋ᠢᠨ ᠬᠦᠯᠢᠶᠡᠵᠦ ᠠᠪᠤᠭᠰᠠᠨ ᠴᠢᠬᠤᠯᠠ ᠶᠡᠬᠡ ᠲᠦᠷᠦᠯ ᠵᠦᠢᠯ ᠤ᠋ᠨ ᠬᠡᠷᠡᠭᠰᠡᠬᠦ ᠭᠠᠵᠠᠷ ᠰᠢᠷᠤᠢ ᠶ᠋ᠢᠨ ᠬᠡᠷᠡᠭᠯᠡᠬᠦ ᠡᠷᠬᠡ ᠶ᠋ᠢᠨ ᠵᠦᠪᠰᠢᠶᠡᠷᠡᠯ ᠤ᠋ᠨ ᠪᠠᠢᠳᠠᠯ ᠢ᠋  ᠮᠡᠳᠡᠭᠳᠡᠵᠠᠢ᠃

ᠬᠤᠷᠠᠯ ᠡᠴᠡ᠂ ᠡᠯ᠎ᠠ ᠱᠠᠳᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠰᠠᠯᠠᠭ᠎ᠠ ᠮᠦᠴᠢᠷ ᠤ᠋ᠨ ᠬᠢᠨ ᠴᠢᠬᠤᠯᠠ ᠶᠡᠬᠡ ᠲᠦᠷᠦᠯ ᠵᠦᠢᠯ ᠤ᠋ᠨ ᠬᠡᠷᠡᠭᠰᠡᠬᠦ ᠭᠠᠵᠠᠷ ᠰᠢᠷᠤᠢ ᠶ᠋ᠢᠨ ᠬᠡᠷᠡᠭᠯᠡᠬᠦ ᠡᠷᠬᠡ ᠶ᠋ᠢᠨ ᠭᠠᠷᠳᠠᠮ ᠢ᠋ ᠭᠦᠢᠴᠡᠳᠭᠡᠬᠦ ᠠᠵᠢᠯ ᠢ᠋ ᠲᠤᠭᠤᠰᠢᠳᠠᠢ ᠰᠠᠢᠳᠦᠷ ᠬᠢᠬᠦ ᠬᠡᠷᠡᠭᠳᠠᠢ᠃ ᠡᠯ᠎ᠠ ᠠᠢᠮᠠᠭ ᠬᠤᠳᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤ᠋ᠨ ᠲᠤᠪᠴᠢᠶ᠎ᠠ ᠵᠤᠯᠭᠠᠯᠴᠠᠭᠤᠯᠬᠤ ᠱᠠᠯᠠᠪᠳᠠᠭᠤᠯᠬᠤ ᠵᠤᠬᠢᠴᠠᠭᠤᠯᠬᠤ ᠠᠵᠢᠯ ᠢ᠋ ᠰᠠᠢᠳᠦᠷ ᠬᠢᠵᠦ᠂ ᠡᠯ᠎ᠠ ᠬᠤᠰᠢᠭᠤ ᠰᠢᠶᠠᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠤᠪᠴᠢᠶ᠎ᠠ ᠤᠯᠠᠨ ᠤ᠋ ᠡᠮᠦᠨ᠎ᠠ ᠮᠡᠷᠡᠢᠵᠦ᠂ 《ᠨᠢᠭᠡᠳᠦᠭᠡᠷ ᠹᠷᠤᠨᠲ ᠤ᠋ᠨ ᠪᠠᠢᠯᠳᠤᠭᠴᠢ》 ᠶ᠋ᠢᠨ ᠡᠭᠦᠷᠭᠡ ᠪᠡᠨ ᠰᠠᠢᠳᠦᠷ ᠭᠦᠢᠴᠡᠳᠭᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ ᠠᠵᠢᠯ ᠶ᠋ᠢᠡᠨ ᠰᠠᠢᠳᠦᠷ ᠵᠤᠯᠭᠠᠭᠤᠯᠤᠨ᠂ ᠤᠮᠳᠤᠭᠠᠢᠯᠠᠬᠤ ᠦᠭᠡᠢ ᠴᠠᠯᠠᠭᠠᠢᠷᠠᠬᠤ ᠦᠭᠡᠢ ᠪᠠᠢᠬᠤ ᠶ᠋ᠢ ᠪᠠᠳᠤᠯᠠᠵᠤ᠂ 《ᠳᠡᠭᠡᠳᠦ ᠳᠠᠪᠬᠤᠷᠭ᠎ᠠ ᠨᠢ ᠬᠠᠯᠠᠭᠤᠨ ᠳᠤᠮᠳᠠ ᠳᠠᠪᠬᠤᠷᠭ᠎ᠠ ᠨᠢ ᠪᠦᠯᠢᠶᠡᠨ ᠳᠤᠤᠷᠠᠳᠦ ᠳᠠᠪᠬᠤᠷᠭ᠎ᠠ ᠨᠢ ᠬᠦᠢᠳᠡᠨ》 ᠪᠠᠢᠬᠤ ᠦᠵᠡᠭᠳᠡᠯ ᠭᠠᠷᠬᠤ ᠶ᠋ᠢ ᠰᠡᠷᠭᠡᠢᠯᠡᠨ᠂ ᠡᠯ᠎ᠠ ᠱᠠᠳᠤᠨ ᠤ᠋ ᠬᠢᠨ ᠦᠨᠡᠨ ᠬᠦ᠌ ᠰᠡᠳᠬᠢᠯ ᠨᠢᠭᠡᠳᠦᠨ ᠬᠦᠴᠦ ᠪᠡᠨ ᠬᠠᠮᠳᠤᠳᠬᠠᠵᠤ᠂ ᠦᠢᠯᠡᠴᠢᠯᠡᠭᠡᠨ ᠤ᠋ ᠠᠵᠢᠯ ᠶ᠋ᠢᠡᠨ ᠪᠦᠬᠦ ᠶᠠᠪᠤᠴᠠ ᠪᠡᠷ ᠰᠠᠢᠳᠦᠷ ᠬᠢᠵᠦ᠂ ᠴᠢᠬᠤᠯᠠ ᠶᠡᠬᠡ ᠲᠦᠷᠦᠯ ᠵᠦᠢᠯ ᠤ᠋ᠨ ᠬᠡᠷᠡᠭᠰᠡᠬᠦ ᠭᠠᠵᠠᠷ ᠰᠢᠷᠤᠢ ᠶ᠋ᠢ ᠬᠢᠨᠡᠨ ᠵᠦᠪᠰᠢᠶᠡᠷᠡᠬᠦ ᠠᠵᠢᠯ ᠢ᠋ ᠰᠠᠢᠳᠦᠷ ᠪᠡᠶᠡᠯᠡᠭᠦᠯᠬᠦ ᠬᠡᠷᠡᠭᠳᠠᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号