ᠥᠪᠥᠷ ᠮᠣᠩᠭᠣᠯ 《ᠵᠣᠬᠢᠶᠠᠮᠠᠯ ᠣᠶᠤᠨ ᠴᠢᠳᠠᠪᠤᠷᠢ + ᠱᠢᠤᠳᠠᠨ᠎ᠤ ᠲᠦᠷᠭᠡᠨ ᠬᠦᠷᠭᠡᠯᠲᠡ》 ᠶ᠋ᠢᠨ ᠠᠭᠤᠰᠤᠯᠴᠠᠨ ᠬᠥᠭ᠌ᠵᠢᠬᠦ᠌ ᠵᠠᠭ᠍ᠪᠤᠷ᠎ᠢ᠋ ᠡᠭᠦᠳᠴᠡᠢ
2026-03-23 10:57:33
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠳᠤ᠂ ᠥᠪᠥᠷ ᠮᠣᠩᠭᠣᠯ ᠤᠢᠷ᠎ᠠ ᠤᠬᠲᠠᠷᠭᠤᠢ᠎ᠶᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠲᠦᠷᠦ᠍᠎ᠶ᠋ᠢᠨ ᠪᠤᠳᠤᠯᠭ᠎ᠠ᠎ᠪᠠᠷ ᠵᠢᠯᠣᠭᠣᠳᠤᠮᠵᠢ ᠪᠣᠯᠭᠠᠵᠤ᠂ ᠠᠵᠤ ᠠᠬᠤᠢᠯᠠᠯ᠎ᠢᠶᠠᠷ ᠭᠣᠣᠯ ᠴᠣᠭ᠍ᠴᠠ ᠪᠣᠯᠭᠠᠵᠤ᠂ ᠱᠢᠦᠳᠠᠨ᠎ᠤ ᠲᠦᠷᠭᠡᠨ ᠬᠦᠷᠭᠡᠯᠲᠡ᠎ᠶ᠋ᠢᠨ ᠬᠦᠷᠢᠶᠡᠨ᠎ᠳᠦ ᠵᠢᠯᠣᠭᠣᠴᠢ ᠦᠭᠡᠢ ᠨᠢᠰᠭᠡᠯ᠂ ᠵᠢᠯᠣᠭᠣᠴᠢ ᠦᠭᠡᠢ ᠬᠦᠷᠭᠡᠯᠳᠡ᠎ᠶᠢᠨ ᠲᠡᠷᠭᠡ ᠵᠡᠷᠭᠡ ᠤᠶᠤᠨᠲᠤ ᠲᠣᠨᠣᠭ᠍ᠯᠠᠯ᠎ᠢ ᠴᠠᠭ ᠲᠤᠬᠠᠢ᠎ᠳᠤᠨᠢ ᠳᠡᠯᠭᠡᠷᠡᠭᠦᠯᠵᠦ᠍᠂  《ᠵᠣᠬᠢᠶᠠᠮᠠᠯ ᠤᠶᠤᠨ ᠴᠢᠳᠠᠪᠤᠷᠢ + ᠱᠢᠦᠳᠠᠨ᠎ᠤ ᠲᠦᠷᠭᠡᠨ ᠬᠦᠷᠭᠡᠯᠲᠡ》 ᠵᠢᠨ ᠠᠭᠤᠰᠤᠯᠴᠠᠨ ᠬᠥᠭ᠌ᠵᠢᠬᠦ᠌ ᠵᠠᠭ᠍ᠪᠤᠷ᠎ᠢ ᠡᠭᠦᠳᠴᠦ᠂ ᠰᠢᠥᠳᠠᠨ᠎ᠤ ᠠᠵᠢᠯ ᠲᠦᠷᠦᠯ᠎ᠦᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ᠎ᠳᠤ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠵᠠᠢ᠃

ᠲᠥᠷᠥ᠎ᠶ᠋ᠢᠨ ᠪᠣᠳᠣᠯᠭ᠎ᠠ᠎ᠶᠢᠨ ᠪᠠᠳᠤᠯᠠᠭ᠎ᠠ ᠬᠠᠡᠭᠭᠠᠬᠤ ᠲᠠᠯ᠎ᠠ᠎ᠪᠠᠷ᠂ ᠥᠪᠥᠷ ᠮᠣᠩᠭᠣᠯ ᠵᠢᠯᠣᠭᠣᠴᠢ ᠥᠬᠡᠶ ᠨᠢᠰᠭᠡᠯ᠎ᠦᠨ ᠲᠦᠷᠭᠡᠨ ᠬᠦᠷᠭᠡᠯᠲᠡ᠎ᠶ᠋ᠢᠨ ᠲᠤᠷᠱᠢᠯᠲᠠ᠂ ᠳᠣᠭᠢᠷᠠᠭᠤᠯᠤᠨ ᠬᠦᠷᠭᠡᠬᠦ᠌ ᠰᠦᠯᠵᠢᠶᠡᠨ᠎ᠦ ᠪᠠᠢᠭᠤᠯᠤᠯᠲᠠ ᠵᠡᠷᠭᠡ᠎ᠶ᠋ᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢᠷ᠎ᠠ ᠤᠬᠲᠠᠷᠭᠤᠢ᠎ᠶᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠵᠢᠭᠦᠯᠬᠦ᠌ ᠲᠥᠰᠦᠯ (2024 — 2027 ᠣᠨ)》 ᠳ᠋ᠤ ᠣᠷᠣᠭᠤᠯᠵᠤ᠂ ᠬᠥᠬᠡᠬᠣᠲᠠ᠂ ᠪᠤᠭᠤᠲᠤ ᠵᠡᠷᠭᠡ ᠭᠠᠵᠠᠷ ᠤᠷᠢᠳ ᠬᠣᠵᠢᠳ ᠳᠤᠤᠷ᠎ᠠ ᠬᠤᠷᠳᠤᠴᠠᠲᠤ ᠵᠢᠯᠣᠭᠣᠴᠢ ᠥᠬᠡᠶ ᠲᠡᠷᠭᠡᠨ᠎ᠦ ᠵᠠᠮ᠎ᠤᠨ ᠬᠢᠨᠠᠨ ᠱᠢᠯᠭᠠᠯᠲᠠ ᠬᠢᠭᠡᠳ ᠬᠤᠳᠠᠯᠳᠤᠭᠠᠨ᠎ᠤ ᠵᠢᠱ᠌ᠢᠶ᠎ᠡ ᠦᠵᠡᠭᠦᠯᠬᠦ᠌ ᠬᠠᠮᠢᠶᠠᠷᠤᠯᠲᠠ᠎ᠶ᠋ᠢᠨ ᠨᠠᠷᠢᠨ ᠲᠦᠷᠢᠮ᠎ᠢ ᠨᠡᠢᠲᠡᠯᠡᠵᠦ᠍᠂ ᠵᠠᠮ᠎ᠤᠨ ᠡᠷᠬᠡ᠎ᠶ᠋ᠢᠨ ᠳᠡᠮᠵᠢᠯᠭᠡ ᠬᠢᠭᠡᠳ ᠡᠵᠡᠩᠨᠡᠯᠲᠡ᠎ᠶ᠋ᠢᠨ ᠲᠦᠷᠢᠮᠵᠢᠯ᠎ᠢ ᠲᠣᠳᠣᠷᠬᠠᠢᠯᠠᠵᠠᠢ᠃ ᠤᠢᠷ᠎ᠠ ᠤᠬᠲᠠᠷᠭᠤᠢ᠎ᠶᠢᠨ ᠬᠦᠷᠭᠡᠯᠲᠡ᠎ᠶ᠋ᠢᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ᠂ ᠠᠯᠠᠱᠠ ᠠᠢᠮᠠᠭ ᠵᠢᠯᠣᠭᠣᠴᠢ ᠥᠬᠡᠶ ᠨᠢᠰᠭᠡᠯ᠎ᠦᠨ ᠢᠩᠭᠡᠨ ᠰᠦ᠎ᠶᠢᠨ ᠲᠡᠭᠡᠭᠡᠪᠦᠷᠢ᠎ᠶ᠋ᠢᠨ ᠲᠤᠷᠱᠢᠯᠲᠠ᠎ᠶ᠋ᠢ ᠥᠷᠨᠢᠭᠦᠯᠵᠦ᠍᠂ ᠣᠷᠳᠣᠰ ᠠᠩᠬᠠᠳᠠᠭ᠍ᠴᠢ ᠵᠢᠯᠤᠭᠤᠴᠢ ᠦᠭᠡᠢ ᠨᠢᠰᠭᠡᠯ ᠪᠡ ᠵᠢᠯᠤᠭᠤᠴᠢ ᠦᠭᠡᠢ ᠮᠠᠰᠢᠨ ᠲᠡᠷᠭᠡ ᠬᠠᠮᠵᠢᠯᠴᠠᠨ ᠲᠦᠷᠭᠡᠨ ᠬᠦᠷᠬᠡᠬᠦ ᠵᠠᠭ᠍ᠪᠤᠷ᠎ᠢ ᠡᠭᠦᠳᠴᠡᠢ᠃

2026 ᠣᠨ᠎ᠳᠤ᠂ ᠥᠪᠥᠷ ᠮᠣᠩᠭᠣᠯ ᠵᠢᠯᠣᠭᠣᠴᠢ ᠥᠬᠡᠶ ᠮᠠᠰᠢᠨ ᠲᠡᠷᠭᠡ᠂ ᠵᠢᠯᠣᠭᠣᠴᠢ ᠥᠬᠡᠶ ᠨᠢᠰᠭᠡᠯ ᠵᠡᠷᠭᠡ᠎ᠶ᠋ᠢ ᠠᠵᠢᠯ ᠲᠥᠷᠥᠯ᠎ᠳᠦ ᠲᠤᠷᠱᠢᠨ ᠬᠡᠷᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠤᠤᠯᠳᠠᠭᠤ ᠬᠥᠬᠡᠬᠣᠲᠠ ᠪᠤᠭᠤᠲᠤ ᠣᠷᠳᠣᠰ ᠵᠡᠷᠭᠡ ᠭᠠᠵᠠᠷ ᠣᠷᠣᠨ᠎ᠳᠤ ᠬᠣᠲᠠ᠎ᠶ᠋ᠢᠨ ᠬᠣᠭᠣᠷᠣᠨᠳᠣᠬᠢ ᠵᠢᠯᠣᠭᠣᠴᠢ ᠥᠬᠡᠶ ᠨᠢᠰᠭᠡᠯ᠎ᠦᠨ ᠲᠡᠭᠡᠭᠡᠪᠦᠷᠢ ᠵᠢᠴᠢ ᠪᠠᠷᠠᠭᠠᠨ᠎ᠤ ᠭᠦᠶ᠋ᠯᠭᠡᠭᠡ᠎ᠶᠢᠨ ᠲᠣᠬᠢᠷᠠᠭᠤᠯᠤᠨ ᠬᠦᠷᠭᠡᠬᠦ᠌ ᠠᠬᠤᠶ ᠦᠵᠡᠭᠳᠡᠯ᠎ᠢ ᠰᠦᠪᠡᠭ᠌ᠴᠢᠯᠡᠨ ᠥᠷᠨᠢᠭᠦᠯᠵᠦ᠍᠂ 2 ᠵᠤᠷᠪᠤᠰ᠎ᠠᠴᠠ ᠳᠡᠭᠡᠭ᠌ᠰᠢᠬᠢ ᠵᠢᠯᠣᠭᠣᠴᠢ ᠥᠬᠡᠶ ᠨᠢᠰᠭᠡᠯ᠎ᠦᠨ ᠪᠠᠷᠠᠭ᠎ᠠ ᠲᠡᠭᠡᠭᠡᠪᠦᠷᠢᠯᠡᠬᠦ᠌ ᠠᠶᠠᠯᠠᠯ᠎ᠤᠨ ᠱᠤᠭᠤᠮ᠎ᠢ ᠪᠦᠷᠢᠯᠳᠦᠭᠦᠯᠬᠦ᠌᠎ᠪᠡᠷ ᠴᠢᠷᠮᠠᠢᠨ᠎ᠠ᠃ ᠡᠭᠦᠨ᠎ᠦ ᠬᠠᠮᠲᠤ᠂ ᠣᠶᠤᠨᠴᠢ᠎ᠪᠠᠷ ᠢᠯᠭᠠᠨ ᠰᠠᠯᠭᠠᠬᠤ᠂ ᠣᠶᠤᠨᠴᠢ ᠡᠭᠦᠯᠡᠨ ᠬᠥᠮᠥᠷᠭᠡ᠂ ᠣᠶᠤᠨᠴᠢ ᠠᠮᠤᠷ ᠲᠦᠪᠱᠢᠨ᠎ᠦ ᠪᠠᠢᠴᠠᠭᠠᠯᠲᠠ ᠵᠡᠷᠭᠡ ᠠᠦ᠋ᠲ᠋ᠣᠴᠢᠯᠠᠭ᠍ᠰᠠᠨ ᠲᠤᠨᠤᠬ ᠲᠥᠬᠥᠭᠡᠷᠦᠮᠵᠢ᠎ᠶ᠋ᠢ ᠳᠡᠯᠭᠡᠷᠡᠭᠦᠯᠵᠦ᠍᠂ ᠲᠦᠷᠭᠡᠨ ᠬᠦᠷᠭᠡᠯᠳᠡ᠎ᠶ᠋ᠢᠨ ᠪᠠᠷᠠᠭᠠᠨ᠎ᠤ ᠭᠦᠶ᠋ᠯᠭᠡᠭᠡ᠎ᠶ᠋ᠢᠨ ᠬᠦᠷᠢᠶᠡᠯᠡᠩ ᠲᠣᠭᠣᠷᠢᠭ ᠪᠠ ᠱᠢᠶ᠋ᠳᠪᠦᠷᠢᠯᠡᠬᠦ᠌ ᠲᠠᠯᠠᠪᠤᠷ ᠭᠠᠵᠠᠷ᠎ᠤᠨ ᠠᠦ᠋ᠲ᠋ᠣᠴᠢᠯᠠᠯᠲᠠ᠂ ᠮᠡᠳᠡᠭᠡ ᠵᠠᠩᠭᠢᠴᠢᠯᠠᠯᠲᠠ ᠪᠠ ᠣᠶᠤᠨᠴᠢᠯᠠᠭ᠍ᠰᠠᠨ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠲᠦᠷᠭᠡᠳᠭᠡᠨ᠂ ᠣᠶᠤᠨᠴᠢ ᠡᠭᠦᠯᠡᠨ ᠬᠥᠮᠥᠷᠭᠡ᠂ ᠤᠢᠷ᠎ᠠ ᠤᠬᠲᠠᠷᠭᠤᠢ᠎ᠶᠢᠨ ᠪᠠᠷᠠᠭᠠᠨ᠎ᠤ ᠭᠦᠶ᠋ᠯᠭᠡᠭᠡ ᠵᠡᠷᠭᠡ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠲᠡᠮᠵᠢᠬᠦ ᠵᠡᠷᠭᠡ ᠲᠦᠯᠦᠪᠯᠡᠭᠡ ᠲᠤᠭᠳᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号