ᠥᠪᠥᠷ ᠮᠣᠩᠭᠣᠯ ᠤ᠋ᠨ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠬᠡᠷᠡᠭ᠌ᠯᠡᠭ᠌ᠴᠢᠳ᠎ᠲᠦ 6031 ᠲᠦᠮᠡᠨ ᠲᠥᠭᠥᠷᠢᠭ ᠤ᠋ᠨ ᠠᠵᠤ ᠠᠬᠤᠶ ᠶ᠋ᠢᠨ ᠬᠣᠬᠢᠷᠠᠯ ᠢ᠋ ᠡᠭᠡᠭᠦᠯᠪᠡ
2026-03-23 11:18:25
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠥᠪᠥᠷ ᠮᠣᠩᠭᠣᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ ᠲᠠᠢ ᠬᠠᠮᠵᠢᠯᠴᠠᠨ ᠬᠦᠴᠦᠯᠡᠵᠦ᠍᠂ ᠲᠤᠰᠬᠠᠢ ᠬᠠᠤᠯᠢ ᠬᠡᠷᠡᠭ᠌ᠵᠢᠭᠦᠯᠬᠦ᠌ ᠪᠠ ᠡᠷᠬᠡ ᠠᠱᠢᠭ ᠢ᠋ ᠬᠠᠮᠠᠭᠠᠯᠠᠬᠤ ᠦᠶ᠋ᠯᠡᠴᠢᠯᠡᠭᠡ ᠶ᠋ᠢᠨ ᠰᠢᠷᠢᠰ ᠠᠵᠢᠯᠯᠠᠭ᠎ᠠ ᠪᠠᠷ ᠳᠠᠮᠵᠢᠨ᠂ ᠪᠥᠬᠥ᠌ ᠵᠢᠯ ᠳ᠋ᠤ ᠬᠡᠷᠡᠭ᠌ᠯᠡᠭ᠌ᠴᠢᠳ ᠤ᠋ᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠭ᠎ᠠ ᠵᠢ 45.5 ᠲᠦᠮᠡᠨ ᠬᠤᠪᠢ ᠱᠢᠶ᠋ᠳᠪᠦᠷᠢᠯᠡᠵᠦ᠍᠂ ᠬᠡᠷᠡᠭ᠌ᠯᠡᠭ᠌ᠴᠢᠳ᠎ᠲᠦ 6031 ᠲᠦᠮᠡᠨ ᠲᠥᠭᠥᠷᠢᠭ ᠤ᠋ᠨ ᠠᠵᠤ ᠠᠬᠤᠶ ᠶ᠋ᠢᠨ ᠬᠣᠬᠢᠷᠠᠯ ᠢ᠋ ᠡᠭᠡᠭᠦᠯᠦᠨ ᠠᠪᠴᠢᠷᠠᠵᠤ᠂ ᠵᠠᠬ᠎ᠠ ᠳᠡᠯᠭᠡᠭᠦᠷ ᠤ᠋ᠨ ᠲᠦᠪ ᠭᠤᠤᠯᠴᠢ ᠥᠷᠢᠰᠥᠯᠳᠦᠭᠡᠨ ᠤ᠋ ᠡᠮᠬᠢ ᠵᠢᠷᠤᠮ ᠢ᠋ ᠦᠷᠭᠦᠯᠵᠢᠯᠡᠨ ᠱᠢᠯᠢᠳᠡᠭ᠌ᠵᠢᠭᠦᠯᠪᠡ᠃

2025 ᠣᠨ ᠳ᠋ᠤ ᠥᠪᠥᠷ ᠮᠣᠩᠭᠣᠯ ᠠᠷᠠᠳ ᠤ᠋ᠨ ᠠᠮᠢᠳᠤᠷᠠᠯ ᠤ᠋ᠨ ᠬᠡᠷᠡᠭ᠌ᠯᠡᠭᠡᠨ ᠤ᠋ ᠬᠦᠴᠢᠷ ᠠᠰᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ ᠬᠡᠷᠡᠭ ᠢ᠋ ᠪᠠᠢᠴᠠᠭᠠᠨ ᠱᠢᠶ᠋ᠳᠪᠦᠷᠢᠯᠡᠬᠦ᠌ 《ᠲᠡᠮᠦᠷ ᠨᠢᠳᠤᠷᠭ᠎ᠠ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠍᠂ ᠢᠳᠡᠭᠡᠨ ᠤ᠋ ᠠᠮᠤᠷ ᠲᠦᠪᠱᠢᠨ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ᠂ ᠲᠠᠸᠠᠷ ᠤ᠋ᠨ ᠲᠡᠮᠳᠡᠭ ᠤ᠋ᠨ ᠡᠷᠬᠡ ᠳ᠋ᠤ ᠬᠠᠯᠳᠠᠬᠤ᠂ ᠬᠡᠮᠵᠢᠯᠲᠡ ᠳ᠋ᠤ ᠬᠡᠮ ᠬᠢᠬᠦ᠌ ᠵᠡᠷᠭᠡ ᠭᠤᠤᠯᠳᠠᠯᠭ᠎ᠠ ᠲᠠᠢ ᠠᠰᠠᠭᠤᠳᠠᠯ ᠳ᠋ᠤ ᠴᠢᠭ᠌ᠯᠡᠭᠦᠯᠦᠨ 55 ᠲᠤᠰᠭᠠᠶ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠥᠷᠨᠢᠭᠦᠯᠪᠡ᠃ ᠲᠦᠷᠢᠮ ᠤ᠋ᠨ ᠱᠢᠨ᠎ᠡ ᠵᠢ ᠡᠭᠦᠳᠬᠦ᠌ ᠲᠠᠯ᠎ᠠ ᠪᠡᠷ᠂ ᠥᠪᠥᠷ ᠮᠣᠩᠭᠣᠯ ᠪᠥᠬᠥ᠌ ᠤᠯᠤᠰ ᠲᠦ᠍ ᠡᠩ ᠲᠡᠷᠢᠭᠦᠨ ᠳ᠋ᠤ ᠠᠵᠢᠯ ᠮᠡᠷᠭᠡᠵᠢᠯ ᠤ᠋ᠨ ᠲᠥᠯᠥᠪᠦᠷᠢ ᠨᠡᠬᠡᠬᠦ᠌ ᠠᠵᠢᠯᠯᠠᠭ᠎ᠠ ᠶ᠋ᠢ ᠵᠢᠷᠤᠮᠵᠢᠭᠤᠯᠵᠤ ᠬᠢᠵᠠᠭᠠᠷᠯᠠᠬᠤ ᠵᠢᠯᠣᠭᠣᠳᠭᠤ ᠰᠠᠨᠠᠯ ᠢ᠋ ᠨᠡᠢᠲᠡᠯᠡᠵᠦ᠍᠂ ᠱᠢᠭᠤᠳ ᠨᠡᠪᠲᠡᠷᠡᠭᠦᠯᠭᠡ ᠶ᠋ᠢᠨ ᠡᠯᠧᠺᠲ᠋ᠷᠣᠨ ᠬᠤᠳᠠᠯᠳᠤᠭᠠᠨ ᠤ᠋ ᠬᠠᠮᠢᠶᠠᠷᠤᠯᠲᠠ ᠦᠶ᠋ᠯᠡᠴᠢᠯᠡᠭᠡᠨ ᠤ᠋ ᠵᠢᠷᠤᠮᠵᠢᠯ ᠢ᠋ ᠨᠡᠢᠲᠡᠯᠡᠵᠦ᠍᠂ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠬᠡᠷᠡᠭ᠌ᠯᠡᠭᠡ ᠶ᠋ᠢᠨ ᠡᠷᠬᠡ ᠪᠠᠨ ᠬᠠᠮᠠᠭᠠᠯᠠᠬᠤ ᠳ᠋ᠤ ᠲᠦᠷᠢᠮ ᠤ᠋ᠨ ᠪᠠᠲᠤᠯᠠᠭ᠎ᠠ ᠬᠠᠩᠭᠠᠪᠠ᠃ ᠪᠥᠬᠥ᠌ ᠵᠢᠯ ᠳ᠋ᠤ 12315 ᠲᠠᠪᠴᠠᠩ ᠢ᠋ᠶ᠋ᠡᠷ ᠳᠠᠮᠵᠢᠭᠤᠯᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠭ᠎ᠠ ᠵᠢ ᠬᠦᠯᠢᠶᠡᠨ ᠠᠪᠤᠬᠰᠠᠨ ᠶᠡᠷᠦᠩᠬᠡᠶ ᠬᠡᠮᠵᠢᠶ᠎ᠡ ᠳᠡᠭᠡᠷ᠎ᠡ ᠵᠢᠯ ᠤ᠋ᠨ ᠬᠢ ᠡᠴᠡ 22.14% ᠪᠡᠷ ᠨᠡᠮᠡᠭ᠌ᠳᠡᠪᠡ᠃

2026 ᠣᠨ᠎ᠳᠤ ᠥᠪᠥᠷ ᠮᠣᠩᠭᠣᠯ ᠡᠯ᠎ᠡ ᠱᠠᠲᠤᠨ ᠤ᠋ ᠬᠡᠷᠡᠭ᠌ᠯᠡᠭ᠌ᠴᠢᠳ ᠤ᠋ᠨ ᠨᠡᠢᠭᠡᠮᠯᠢᠭ ᠤ᠋ᠨ ᠵᠣᠬᠢᠶᠠᠨ ᠪᠠᠢᠭᠤᠯᠤᠯᠲᠠ ᠵᠢ ᠪᠦᠷᠢᠨᠱᠢᠭᠦᠯᠵᠦ᠍᠂ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠵᠣᠬᠢᠶᠠᠨ ᠪᠠᠢᠭᠤᠯᠤᠯᠲᠠ ᠶ᠋ᠢᠨ ᠰᠠᠭᠤᠷᠢ ᠵᠢ ᠪᠡᠬᠢᠵᠢᠭᠦᠯᠦᠨ᠎ᠡ᠃ ᠰᠠᠨᠠᠭ᠎ᠠ ᠠᠮᠤᠷ  ᠬᠡᠷᠡᠭ᠌ᠯᠡᠭᠡᠨ ᠤ᠋ ᠬᠤᠳᠠᠯᠳᠤᠭᠠᠨ ᠤ᠋ ᠲᠣᠭᠣᠷᠢᠭ᠂ ᠵᠡᠭᠡᠯᠢ ᠲᠣᠭᠣᠷᠢᠭ ᠬᠢᠭᠡᠳ ᠦᠵᠡᠮᠵᠢ ᠶ᠋ᠢᠨ ᠣᠷᠣᠨ ᠢ᠋ ᠪᠣᠶ ᠪᠣᠯᠭᠠᠬᠤ ᠶ᠋ᠢᠨ ᠬᠠᠮᠲᠤ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠬᠢᠨᠠᠯᠲᠠ ᠬᠠᠮᠢᠶᠠᠷᠤᠯᠲᠠ ᠦᠶ᠋ᠯᠡᠴᠢᠯᠡᠭᠡᠨ ᠤ᠋ ᠵᠠᠭ᠍ᠪᠤᠷ ᠢ᠋ ᠤᠷᠢᠳᠠᠴᠢ ᠴᠢᠨᠠᠷᠲᠠᠢ ᠪᠠᠷ ᠪᠠᠢᠷᠢᠱᠢᠭᠤᠯᠤᠨ᠎ᠠ᠃ 《ᠬᠡᠷᠡᠭ᠌ᠯᠡᠭᠡ ᠵᠢ ᠬᠠᠮᠠᠭᠠᠯᠠᠬᠤ》 ᠲᠡᠮᠦᠷ ᠨᠢᠳᠤᠷᠭ᠎ᠠ ᠶ᠋ᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠢᠳᠡᠭᠡᠨ ᠤ᠋ ᠵᠦᠶ᠋ᠯ ᠤ᠋ᠨ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠭᠤᠤᠯᠳᠠᠯᠭ᠎ᠠ᠎ᠲᠠᠶ ᠪᠠᠢᠴᠠᠭᠠᠨ ᠱᠢᠶ᠋ᠳᠪᠦᠷᠢᠯᠡᠵᠦ᠍᠂ ᠨᠠᠰᠤᠲᠠᠢᠴᠤᠳ ᠪᠠ ᠨᠢᠯᠬ᠎ᠠ ᠬᠡᠦᠬᠡᠳ ᠤ᠋ᠨ ᠬᠡᠷᠡᠭ᠌ᠯᠡᠭᠡᠨ ᠤ᠋ ᠵᠦᠶ᠋ᠯ ᠤ᠋ᠨ ᠠᠮᠤᠷ ᠲᠦᠪᠱᠢᠨ᠂ ᠤᠷᠢᠳᠴᠢᠯᠠᠨ ᠥᠭ᠌ᠬᠦ ᠬᠡᠯᠪᠡᠷᠢ ᠶ᠋ᠢᠨ ᠬᠡᠷᠡᠭ᠌ᠯᠡᠭᠡ ᠵᠡᠷᠭᠡ ᠠᠷᠠᠳ ᠤᠯᠠᠨ ᠤ᠋ ᠠᠩᠬᠠᠷᠴᠤ᠌ ᠪᠠᠢᠭ᠎ᠠ ᠠᠰᠠᠭᠤᠳᠠᠯ ᠢ᠋ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠬᠡᠷᠡᠭ᠌ᠯᠡᠭᠡᠨ ᠤ᠋ ᠵᠠᠭᠠᠯᠳᠤᠯᠭ᠎ᠠ ᠶ᠋ᠢᠨ ᠲᠣᠭ᠎ᠠ ᠪᠠᠷᠢᠮᠲᠠ ᠵᠢ ᠣᠨᠣᠴᠠᠲᠠᠢ ᠬᠡᠷᠡᠭ᠌ᠯᠡᠬᠦ᠌ ᠪᠡᠷ ᠳᠠᠮᠵᠢᠨ ᠬᠠᠨᠳᠤᠯᠭᠠᠲᠤ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号