《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠡᠷᠬᠡᠪᠰᠢ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠩᠭᠠᠯᠭ᠎ᠠ᠎ᠪᠠᠷ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠬᠦᠴᠦᠲᠡᠶ ᠲᠤᠯᠭᠠᠭᠤᠷᠢᠯᠠᠵᠤ᠂ ᠱᠢᠨ᠎ᠡ ᠴᠢᠨᠠᠷ ᠰᠠᠢᠲᠠᠶ ᠦᠶ᠋ᠯᠡᠳᠪᠦᠷᠢᠯᠡᠯ᠎ᠦᠨ ᠬᠦᠴᠦᠨ᠎ᠢ ᠨᠠᠩ ᠰᠠᠢᠲᠤᠷ ᠪᠣᠢᠵᠢᠭᠤᠯᠬᠤ ᠬᠡᠷᠡᠭ᠌ᠲᠡᠶ᠃ ᠡᠬᠦᠨ᠎ᠳᠦ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠭᠣᠮᠲᠠ ᠱᠢᠪᠲᠤᠯᠬᠤ ᠣᠷᠭᠢᠯ᠎ᠳᠤ ᠠᠪᠠᠷᠢᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠭᠦᠷᠭᠡ᠎ᠶ᠋ᠢᠨ ᠪᠠᠢᠷᠢᠱᠢᠭᠤᠯᠤᠯᠲᠠ᠂ ᠲᠥᠷᠥᠯ ᠵᠦᠶ᠋ᠯ᠎ᠦᠨ ᠵᠣᠬᠢᠶᠠᠨ ᠪᠠᠢᠭᠤᠯᠤᠯᠲᠠ᠂ ᠡᠬᠢ ᠪᠠᠶᠠᠯᠢᠭ᠎ᠤᠨ ᠪᠠᠲᠤᠯᠠᠭ᠎ᠠ ᠵᠡᠷᠭᠡ ᠭᠤᠷᠪᠠᠨ ᠲᠠᠯ᠎ᠠ᠎ᠪᠠᠷ ᠭᠤᠤᠯᠳᠠᠯᠭ᠎ᠠ᠎ᠲᠠᠶ ᠦᠷᠭᠦᠯᠵᠢᠯᠡᠨ ᠬᠦᠴᠦᠯᠡᠬᠦ᠌ ᠪᠣᠯᠤᠨ᠎ᠠ᠃
ᠡᠭᠦᠷᠭᠡ᠎ᠶ᠋ᠢ ᠪᠠᠢᠷᠢᠱᠢᠭᠤᠯᠬᠤ ᠲᠠᠯ᠎ᠠ᠎ᠪᠠᠷ᠂ ᠤᠨᠴᠠᠯᠢᠬ᠍ᠳᠤ ᠠᠵᠤ ᠦᠢᠯᠡᠰ᠎ᠢ ᠤᠷᠢᠳ ᠵᠢᠡᠷ ᠪᠣᠳᠣᠯᠬᠢᠯᠠᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠬᠠᠯᠠᠮᠵᠢᠯᠠᠨ ᠠᠩᠬᠠᠷᠴᠤ᠌᠂ ᠰᠠᠭᠤᠷᠢ ᠰᠤᠳᠤᠯᠭᠠᠨ ᠪᠠ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠴᠢᠩᠭᠠᠳᠭᠠᠨ᠎ᠠ᠃ ᠨᠢᠭᠡ᠎ᠳᠦ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠰᠠᠭᠤᠷᠢ᠎ᠪᠠᠨ ᠪᠡᠬᠢᠵᠢᠭᠦᠯᠦᠨ ᠳᠡᠰ ᠳᠡᠪᠱᠢᠭᠦᠯᠬᠦ᠂ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠤᠨ᠎ᠠ᠃ ᠬᠣᠪᠣᠷ ᠱᠢᠷᠣᠶ᠎ᠶ᠋ᠢᠨ ᠴᠢᠬᠤᠯᠠ ᠶᠡᠬᠡ ᠲᠤᠰᠬᠠᠢ ᠲᠦᠷᠦᠯ ᠵᠦᠢᠯ᠎ᠤᠨ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠴᠢᠳᠠᠪᠤᠷᠢ ᠣᠯᠭᠣᠬᠤ ᠠᠵᠤ ᠦᠶ᠋ᠯᠡᠰ᠎ᠦᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ》 ᠶ᠋ᠢ ᠨᠠᠢᠷᠠᠭᠤᠯᠤᠨ ᠵᠣᠬᠢᠶᠠᠵᠤ᠂ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠳᠠᠢ ᠦᠷ᠎ᠡ ᠪᠦᠲᠦᠭᠡᠯ ᠭᠠᠷᠭᠠᠬᠤ ᠪᠠ ᠵᠢᠱ᠌ᠢᠶ᠎ᠡ ᠦᠵᠡᠭᠦᠯᠬᠦ᠌ ᠴᠢᠨᠠᠷᠳᠠᠢ ᠬᠡᠷᠡᠭ᠌ᠯᠡᠭᠡᠨ᠎ᠦ ᠭᠤᠤᠯ ᠱᠢᠪᠲᠤᠯᠤᠯᠲᠠ᠎ᠬᠢᠬᠦ ᠴᠢᠭ᠌ᠯᠡᠯ᠎ᠢ ᠤᠯᠠᠮ ᠨᠢᠭᠡ ᠠᠯᠬᠤᠮ ᠲᠣᠳᠣᠷᠬᠠᠢᠯᠠᠨ᠂ ᠡᠮᠬᠢ ᠵᠢᠷᠤᠮ᠎ᠲᠠᠶ ᠠᠬᠢᠭᠤᠯᠵᠤ᠂ ᠱᠢᠨ᠎ᠡ ᠡᠨᠧᠷᠭᠢ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠡᠪᠡᠰᠦᠨ᠎ᠦ ᠦᠶ᠋ᠯᠡᠰ᠂ ᠰᠦ᠎ᠶᠢᠨ ᠦᠶ᠋ᠯᠡᠰ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ᠎ᠦᠨ ᠠᠰᠠᠭᠤᠳᠠᠯ᠎ᠢ ᠠᠯᠬᠤᠮ ᠠᠯᠬᠤᠮ᠎ᠢᠶᠠᠷ ᠱᠢᠶ᠋ᠳᠪᠦᠷᠢᠯᠡᠨ᠎ᠡ᠃ ᠬᠣᠶᠠᠷ᠎ᠲᠤ᠂ ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠥᠪᠥᠷ ᠮᠣᠩᠭᠣᠯ᠎ᠤᠨ ᠬᠡᠷᠡᠭ᠌ᠯᠡᠭᠡᠨ᠎ᠦ ᠲᠠᠯᠠᠪᠠᠶ᠎ᠶ᠋ᠢᠨ ᠳᠠᠪᠠᠭᠤᠯᠢᠭ᠎ᠲᠠᠶ ᠤᠶᠠᠯᠳᠤᠭᠤᠯᠤᠨ᠂ ᠤᠢᠷ᠎ᠠ ᠤᠭᠳᠠᠷᠭᠤᠢ ᠵᠢᠨ ᠠᠵᠤ ᠠᠬᠤᠶ᠂ ᠪᠤᠳᠤᠯᠳᠠ ᠵᠢᠨ ᠠᠵᠤ ᠦᠢᠯᠡᠰ ᠪᠠ ᠴᠠᠬᠢᠯᠭᠠᠨ ᠬᠦᠴᠦᠨ᠎ᠢ ᠬᠠᠮᠵᠢᠯᠴᠠᠭᠤᠯᠤᠨ ᠬᠦᠭᠵᠢᠬᠦᠯᠬᠦ᠂ ᠰᠠᠯᠬᠢᠨ ᠡᠨ᠋ᠸᠷᠬᠢ ᠬᠡᠷᠡᠯᠴᠢ ᠴᠡᠨᠡᠭ ᠤᠰᠤᠲᠥ᠋ᠷᠥᠭ᠌ᠴᠢ ᠬᠠᠳᠠᠭᠠᠯᠠᠬᠤ᠂ 《ᠵᠣᠬᠢᠶᠠᠮᠠᠯ ᠣᠶᠤᠨ ᠴᠢᠳᠠᠪᠤᠷᠢ +》᠂ ᠠᠮᠢᠳᠤ ᠪᠣᠳᠠᠰ᠎ᠤᠨ ᠦᠶ᠋ᠯᠡᠳᠬᠡᠯ ᠵᠡᠷᠭᠡ ᠬᠦᠷᠢᠶᠡᠨ᠎ᠳᠦ ᠨᠢᠭᠡ ᠪᠦᠯᠦᠭ ᠤᠳᠤᠷᠢᠳᠤᠮᠵᠢ᠎ᠶ᠋ᠢᠨ ᠴᠢᠨᠠᠷᠲᠠᠶ ᠲᠥᠷᠥᠯ ᠵᠦᠶ᠋ᠯ᠎ᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠪᠠᠢᠷᠢᠱᠢᠭᠤᠯᠵᠤ᠂ ᠨᠠᠩ ᠣᠯᠠᠨ ᠪᠡᠯᠭᠡ ᠲᠡᠮᠳᠡᠭ᠎ᠦᠨ ᠴᠢᠨᠠᠷᠲᠠᠶ ᠤᠤᠭᠠᠯ ᠡᠬᠦᠳᠦᠯᠳᠡ ᠵᠢᠨ ᠦᠷ᠎ᠡ ᠪᠦᠲᠦᠭᠡᠯ ᠭᠠᠷᠭᠠᠵᠤ᠂ ᠡᠬᠢ ᠪᠠᠶᠠᠯᠢᠭ᠎ᠢ ᠲᠡᠳᠡᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠬᠡᠪᠴᠢᠶ᠎ᠡ᠎ᠶ᠋ᠢ ᠥᠷᠭᠡᠳᠭᠡᠨ᠎ᠡ᠃ ᠭᠤᠷᠪᠠ᠎ᠳᠤ᠂ ᠬᠡᠷᠡᠭ᠌ᠯᠡᠭᠡᠨ ᠵᠢᠡᠷ ᠤᠳᠤᠷᠢᠳᠤᠮᠵᠢᠪᠤᠯᠭᠠᠵᠤ ᠰᠠᠭᠤᠷᠢ ᠰᠤᠳᠤᠯᠭᠠᠨ᠎ᠢ ᠴᠢᠩᠭᠠᠳᠭᠠᠨ᠎ᠠ᠃ ᠰᠠᠭᠤᠷᠢ ᠰᠤᠳᠤᠯᠭᠠᠨ᠎ᠢ ᠳᠡᠮᠵᠢᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠡᠷᠡᠭ᠌ᠯᠡᠭᠡ᠎ᠪᠡᠷ ᠤᠳᠤᠷᠢᠳᠤᠮᠵᠢ ᠪᠣᠯᠭᠠᠭ᠍ᠰᠠᠨ ᠰᠠᠭᠤᠷᠢ ᠰᠤᠳᠤᠯᠭᠠᠨ᠎ᠢ ᠪᠠᠢᠷᠢᠱᠢᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢ᠎ᠶ᠋ᠢ ᠪᠡᠬᠢᠵᠢᠭᠦᠯᠦᠨ᠎ᠡ᠃
ᠲᠥᠷᠥᠯ ᠵᠦᠶ᠋ᠯ᠎ᠢ ᠵᠣᠬᠢᠶᠠᠨ ᠪᠠᠢᠭᠤᠯᠬᠤ ᠲᠠᠯ᠎ᠠ᠎ᠪᠠᠷ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠤᠯᠠᠮ ᠱᠢᠯᠢᠳᠡᠭ᠌ᠵᠢᠭᠦᠯᠦᠨ᠎ᠡ᠃ ᠴᠢᠬᠤᠯᠠ ᠶᠡᠬᠡ ᠡᠭᠦᠷᠭᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠵᠠᠭ᠍ᠪᠤᠷ᠎ᠢ ᠲᠡᠭᠦᠯᠳᠡᠷᠵᠢᠭᠦᠯᠵᠦ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠮᠡᠷᠭᠡᠵᠢᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ᠂ 《ᠨᠢᠭᠡ ᠪᠦᠯᠦᠭ᠎ᠢ ᠲᠥᠰᠦᠪᠯᠡᠬᠦ᠌᠂ ᠨᠢᠭᠡ ᠪᠦᠯᠦᠭ᠎ᠢ ᠨᠤᠲᠠᠯᠠᠬᠤ᠂ ᠨᠢᠭᠡ ᠪᠦᠯᠦᠭ᠎ᠢ ᠡᠬᠢᠯᠡᠭᠦᠯᠬᠦ᠌᠂ ᠨᠢᠭᠡ ᠪᠦᠯᠦᠭ᠎ᠢ ᠨᠥᠭᠡᠴᠡᠯᠡᠬᠦ᠌》 ᠴᠢᠬᠤᠯᠠ ᠶᠡᠬᠡ ᠲᠥᠷᠥᠯ ᠵᠦᠶ᠋ᠯ᠎ᠦᠨ ᠲᠣᠭ᠍ᠲᠠᠴᠠ᠎ᠶ᠋ᠢ ᠪᠠᠢᠭᠤᠯᠤᠨ᠎ᠠ᠃
ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠲᠠᠯ᠎ᠠ᠎ᠪᠠᠷ᠂ ᠣᠷᠣᠭᠤᠯᠤᠯᠲᠠ᠎ᠶ᠋ᠢᠨ ᠲᠣᠭ᠍ᠲᠠᠴᠠ ᠬᠢᠭᠡᠳ ᠬᠦᠴᠦᠨ ᠵᠦᠢᠯ᠎ᠦᠨ ᠲᠣᠬᠢᠷᠠᠭᠤᠯᠤᠯᠲᠠ᠎ᠶ᠋ᠢ ᠴᠢᠩᠭᠠᠳᠬᠠᠨ᠂ ᠣᠯᠠᠨ ᠲᠠᠯ᠎ᠠ᠎ᠠᠴᠠ ᠣᠷᠣᠭᠤᠯᠤᠯᠲᠠ ᠬᠢᠬᠦ᠌᠂ ᠴᠢᠳᠠᠪᠤᠷᠢᠲᠠᠨ ᠲᠤᠯᠭᠠᠭᠤᠷᠢᠯᠠᠬᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ᠌ ᠠᠵᠢᠯ᠎ᠤᠨ ᠨᠡᠢᠯᠡᠯ ᠬᠦᠴᠦᠨ᠎ᠢ ᠪᠤᠶ ᠪᠣᠯᠭᠠᠨ᠎ᠠ᠃ ᠨᠢᠭᠡ᠎ᠳᠦ᠂ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠤᠨ᠎ᠠ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠨᠡᠢᠭᠡᠮ᠎ᠢ ᠬᠥᠲᠥᠯᠥᠨ ᠵᠢᠯᠣᠭᠣᠳᠴᠤ᠌ ᠪᠠᠢᠭᠠᠳ ᠨᠡᠭᠡᠭᠡᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠦᠨ᠂ ᠥᠷᠢᠰᠥᠯᠳᠦᠭᠡᠨ᠎ᠦ ᠴᠢᠨᠠᠷᠲᠠᠶ ᠳᠡᠮᠵᠢᠯᠭᠡ ᠪᠠ ᠲᠣᠭ᠍ᠲᠠᠪᠤᠷᠢᠲᠤ ᠴᠢᠨᠠᠷᠲᠠᠶ ᠳᠡᠮᠵᠢᠯᠭᠡ᠎ᠶ᠋ᠢ ᠬᠠᠷᠢᠯᠴᠠᠨ ᠤᠶᠠᠯᠳᠤᠭᠤᠯᠤᠭ᠍ᠰᠠᠨ ᠣᠷᠣᠭᠤᠯᠤᠯᠲᠠ᠎ᠶ᠋ᠢᠨ ᠠᠷᠭ᠎ᠠ ᠮᠠᠶᠢᠭ᠎ᠢ ᠲᠡᠭᠦᠯᠳᠡᠷᠵᠢᠭᠦᠯᠵᠦ᠍᠂ ᠴᠢᠬᠤᠯᠠ ᠶᠡᠬᠡ ᠡᠭᠦᠷᠭᠡ᠎ᠶ᠋ᠢᠨ ᠦᠷᠭᠦᠯᠵᠢᠯᠡᠭ᠌ᠰᠡᠨ ᠪᠡᠯᠡ ᠮᠥᠩᠭᠥ᠎ᠶ᠋ᠢᠨ ᠬᠠᠩᠭᠠᠯᠭ᠎ᠠ᠎ᠶ᠋ᠢ ᠴᠢᠩᠭᠠᠳᠬᠠᠨ᠎ᠠ᠃ ᠬᠣᠶᠠᠷ᠎ᠲᠤ᠂ ᠬᠦᠴᠦᠨ᠎ᠢᠶᠡᠨ ᠲᠥᠪᠯᠡᠷᠡᠭᠦᠯᠦᠨ ᠠᠵᠤ ᠦᠢᠯᠡᠰ᠎ᠦᠨ ᠴᠢᠳᠠᠪᠤᠷᠢᠲᠠᠨ᠎ᠤ ᠡᠩᠨᠡᠭᠡ᠎ᠶ᠋ᠢ ᠰᠠᠢᠲᠤᠷ ᠪᠠᠢᠭᠤᠯᠤᠨ᠎ᠠ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠨᠣᠭ ᠲᠥᠬᠥᠭᠡᠷᠦᠮᠵᠢ ᠦᠶ᠋ᠯᠡᠳᠬᠦ᠌ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠠᠢᠷᠢᠱᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠡᠷᠢᠬᠦᠨ ᠲᠤᠰᠭᠠᠶ ᠮᠡᠷᠭᠡᠵᠢᠯᠲᠡᠨ᠎ᠦ ᠱᠢᠰᠲ᠋ᠧᠮ᠎ᠢ ᠪᠠᠢᠭᠤᠯᠤᠨ᠂ ᠳᠡᠭᠡᠳᠦ ᠳᠤᠤᠷᠠᠳᠤ ᠬᠡᠯᠬᠢᠶ᠎ᠡ᠎ᠶ᠋ᠢᠨ ᠬᠠᠮᠵᠢᠯᠴᠠᠭ᠎ᠠ᠎ᠶ᠋ᠢ ᠠᠯᠬᠤᠮ ᠠᠯᠬᠤᠮ᠎ᠢᠶᠠᠷ ᠪᠠᠢᠭᠤᠯᠵᠤ᠂ ᠦᠨᠡᠨ ᠠᠰᠠᠭᠤᠳᠠᠯ᠎ᠢ ᠳᠤᠷᠠᠳᠴᠤ᠌ ᠦᠨᠡᠨ ᠠᠰᠠᠭᠤᠳᠠᠯ᠎ᠢ ᠱᠢᠶ᠋ᠳᠪᠦᠷᠢᠯᠡᠵᠦ᠍ ᠳᠡᠢᠯᠬᠦ᠌ ᠴᠢᠳᠠᠪᠤᠷᠢᠲᠠᠨ᠎ᠤ ᠪᠦᠯᠬᠦᠮ᠎ᠢ ᠲᠣᠭ᠍ᠲᠠᠪᠤᠷᠢᠵᠢᠭᠤᠯᠤᠨ᠎ᠠ᠃ ᠭᠤᠷᠪᠠ᠎ᠳᠤ᠂ ᠬᠠᠮᠵᠢᠯᠴᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃