ᠥᠪᠥᠷ ᠮᠣᠩᠭᠣᠯ ᠡᠪᠡᠰᠦᠨ ᠤ᠋ ᠠᠵᠤ ᠦᠶ᠋ᠯᠡᠰ ᠤ᠋ᠨ ᠬᠦᠴᠦᠷᠬᠡᠭ ᠣᠷᠣᠨ ᠢ᠋ ᠬᠦᠴᠦᠯᠡᠨ ᠪᠠᠢᠭᠤᠯᠵᠤ ᠪᠤᠢ
2026-03-23 12:00:03
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠮᠠᠨ ᠤ᠋ ᠤᠷᠤᠨ ᠮᠠᠯ ᠠᠵᠤ ᠠᠬᠤᠶ ᠲᠠᠷᠢᠶᠠᠯᠠᠡᠭ ᠤᠶᠠᠯᠳᠤᠭᠰᠠᠨ ᠳᠠᠪᠠᠭᠤᠯᠢᠭ ᠶ᠋ᠢᠡᠨ ᠭᠦᠶ᠋ᠴᠡᠳ ᠪᠠᠳᠠᠷᠠᠭᠤᠯᠵᠤ᠂ ᠨᠤᠲᠤᠭ ᠪᠡᠯᠴᠢᠭᠡᠷ ᠪᠠ ᠲᠠᠷᠢᠮᠠᠯ ᠤ᠋ᠨ ᠦᠶ᠋ᠯᠡᠰ ᠤ᠋ᠨ ᠡᠬᠢ ᠪᠠᠶᠠᠯᠢᠭ ᠲᠦ᠍ ᠲᠦᠱᠢᠭ᠌ᠯᠡᠨ᠂ ᠵᠠᠬ᠎ᠠ ᠳᠡᠯᠭᠡᠭᠦᠷ ᠤ᠋ᠨ ᠤᠳᠤᠷᠢᠳᠤᠮᠵᠢ ᠶ᠋ᠢ ᠳᠣᠪᠣᠢᠯᠭᠠᠵᠤ᠂ ᠲᠥᠷᠥ ᠶ᠋ᠢᠨ ᠪᠣᠳᠣᠯᠭ᠎ᠠ ᠪᠠᠷ ᠬᠥᠲᠥᠯᠥᠨ ᠵᠢᠯᠣᠭᠣᠳᠭᠤ ᠶ᠋ᠢ ᠴᠢᠩᠭᠠᠳᠭᠠᠨ᠂ ᠡᠪᠡᠰᠦᠨ ᠤ᠋ ᠠᠵᠤ ᠦᠶ᠋ᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠡᠪᠡᠰᠦᠨ ᠤ᠋ ᠡᠬᠢ ᠪᠠᠶᠠᠯᠢᠭ ᠤ᠋ᠨ ᠲᠣᠮᠣ ᠣᠷᠣᠨ ᠡᠴᠡ ᠡᠪᠡᠰᠦᠨ ᠤ᠋ ᠠᠵᠤ ᠦᠶ᠋ᠯᠡᠰ ᠤ᠋ᠨ ᠬᠦᠴᠦᠷᠬᠡᠭ ᠣᠷᠣᠨ ᠲᠠᠢᠰᠢ ᠬᠡᠯᠪᠡᠷᠢ ᠪᠠᠨ ᠬᠤᠪᠢᠷᠠᠭᠤᠯᠬᠤ ᠶ᠋ᠢ ᠡᠷᠴᠢᠮᠲᠡᠢ ᠠᠬᠢᠭᠤᠯᠵᠤ ᠪᠠᠢᠨ᠎ᠠ᠃

ᠦᠪᠦᠷ ᠮᠤᠡᠭᠭᠤᠯ ᠪᠣᠯ ᠮᠠᠯ ᠠᠵᠤ ᠠᠬᠤᠶ ᠶ᠋ᠢᠨ ᠲᠣᠮᠣ ᠣᠷᠣᠨ ᠪᠠᠢᠵᠤ᠂ ᠵᠢᠯ ᠤ᠋ᠨ ᠡᠪᠡᠰᠦᠨ ᠲᠡᠵᠢᠭᠡᠯᠲᠦ ᠬᠡᠷ ᠤ᠋ᠨ ᠲᠡᠵᠢᠭᠡᠪᠦᠷᠢ ᠶ᠋ᠢᠨ ᠲᠤᠭ᠎ᠠ 1.4 ᠳ᠋ᠦᠩᠱᠢᠭᠤᠷ᠎ᠢ ᠳᠠᠪᠠᠵᠤ᠂ ᠲᠡᠵᠢᠭᠡᠯ ᠡᠪᠡᠰᠦ ᠬᠡᠷᠡᠭ᠌ᠰᠡᠬᠦ᠌ ᠬᠡᠮᠵᠢᠶ᠎ᠡ ᠪᠡᠷ ᠨᠡᠯᠢᠶᠡᠳ ᠶᠡᠬᠡ ᠪᠠᠢᠳᠠᠭ᠃ ᠪᠠᠶᠠᠨᠨᠠᠭᠤᠷ ᠬᠣᠲᠠ᠂ ᠬᠥᠬᠡᠬᠣᠲᠠ᠂ ᠲᠦᠩᠯᠢᠶᠣᠤ ᠬᠣᠲᠠ ᠵᠡᠷᠭᠡ ᠭᠠᠵᠠᠷ ᠤᠷᠤᠨ ᠤ᠋ ᠬᠢᠨ ᠡᠪᠡᠰᠦ ᠲᠠᠷᠢᠬᠤ᠂ ᠪᠠᠢᠭᠠᠯᠢ ᠶ᠋ᠢᠨ ᠪᠡᠯᠴᠢᠭᠡᠷ ᠢ᠋ ᠰᠡᠷᠭᠦᠭᠡᠬᠦ᠌᠂ ᠬᠦᠭᠡ ᠳᠠᠷᠤᠰᠢ ᠳᠠᠷᠤᠰᠢᠭᠤᠯᠬᠤ ᠵᠡᠷᠭᠡ ᠠᠷᠭ᠎ᠠ ᠬᠡᠯᠪᠡᠷᠢ ᠪᠡᠷ ᠣᠳᠣ ᠦᠶ᠎ᠡ ᠶ᠋ᠢᠨ ᠡᠪᠡᠰᠦᠨ ᠤ᠋ ᠠᠵᠤ ᠦᠢᠯᠡᠰ ᠢ᠋ ᠬᠥᠭ᠌ᠵᠢᠭᠦᠯᠵᠦ᠍᠂ ᠮᠠᠯ ᠪᠡᠯᠴᠢᠭᠡᠷ ᠢ᠋ ᠨᠢᠭᠡ ᠴᠣᠭ᠍ᠴᠠᠵᠢᠭᠤᠯᠤᠨ ᠬᠦᠭᠵᠢᠭᠦᠯᠵᠤ ᠪᠠᠢᠨ᠎ᠠ᠃ ᠣᠢᠷ᠎ᠠ ᠶ᠋ᠢᠨ ᠵᠢᠯ ᠳ᠋ᠤ ᠮᠠᠨ ᠤ᠋ ᠤᠷᠤᠨ ᠡᠪᠡᠰᠦᠨ ᠤ᠋ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠥᠷᠥ ᠶ᠋ᠢᠨ ᠪᠣᠳᠣᠯᠭ᠎ᠠ ᠶ᠋ᠢᠨ ᠨᠠᠷᠢᠨ ᠳᠠᠡᠭᠰᠠ ᠶ᠋ᠢ ᠦᠷᠭᠦᠯᠵᠢᠯᠡᠨ ᠨᠡᠢᠲᠡᠯᠡᠵᠦ᠍᠂ ᠰᠠᠢᠨ ᠦᠷ᠎ᠡ ᠪᠣᠢᠵᠢᠭᠤᠯᠤᠨ᠂ ᠰᠦᠯ ᠰᠠᠢᠲᠠᠢ ᠡᠪᠡᠰᠦ ᠳᠠᠷᠢᠵᠤ᠂ ᠡᠪᠡᠰᠦᠨ ᠤ᠋ ᠠᠵᠤ ᠦᠶ᠋ᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ ᠳ᠋ᠦ ᠬᠦᠴᠦᠨ ᠨᠡᠮᠡᠷᠢᠯᠡᠭᠰᠡᠬᠡᠷ ᠢᠷᠡᠵᠠᠢ᠃ ᠰᠦᠯ ᠰᠠᠢᠲᠠᠶ ᠲᠡᠵᠢᠭᠡᠯ ᠡᠪᠡᠰᠦ ᠳᠠᠷᠢᠬᠤ ᠪᠠ ᠬᠣᠷᠢᠶᠠᠨ ᠬᠠᠳᠠᠭᠠᠯᠠᠵᠤ ᠠᠱᠢᠭ᠍ᠯᠠᠬᠤ ᠶ᠋ᠢ ᠲᠡᠳᠬᠦᠨ ᠬᠥᠭ᠌ᠵᠢᠭᠦᠯᠵᠦ᠍᠂ ᠴᠠᠷᠭᠠᠰᠤ ᠪᠠ ᠬᠢᠶᠠᠭ ᠵᠡᠷᠭᠡ ᠵᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠬᠤ᠎ᠳᠦ 3 ᠵᠢᠯ ᠬᠤᠪᠢᠶᠠᠨ ᠮᠥ᠍ ᠪᠦᠷᠢ ᠳ᠋ᠤ 1000 ᠲᠥᠭᠥᠷᠢᠭ ᠤ᠋ᠨ ᠨᠥᠬᠥᠪᠥᠷᠢ ᠤᠯᠭᠤᠵᠤ᠂ ᠲᠡᠵᠢᠭᠡᠯ ᠪᠤᠷᠳᠤᠭ᠎ᠠ ᠳ᠋ᠦ ᠬᠡᠷᠡᠭᠯᠡᠬᠦ ᠨᠤᠬᠠᠢ ᠵᠢᠨ ᠬᠤᠰᠢᠭᠤ ᠵᠢ 300 ᠮᠦ᠍ ᠡᠴᠡ ᠳᠡᠭᠡᠭᠰᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠬᠤ᠎ᠳᠦ ᠪᠠᠰᠠ ᠨᠦᠬᠦᠪᠦᠷᠢ ᠤᠯᠭᠤᠵᠤ ᠪᠠᠢᠨ᠎ᠠ᠃ ᠡᠬᠦᠨ ᠤ᠋ ᠬᠠᠮᠳᠤ 《ᠠᠮᠤ ᠪᠤᠳᠠᠭ᠎ᠠ ᠡᠪᠡᠰᠦ ᠪᠡᠯᠴᠢᠭᠡᠷ ᠭᠠᠵᠠᠷ ᠪᠤᠯᠢᠶᠠᠯᠳᠤᠬᠤ》 ᠵᠥᠷᠢᠴᠡᠯ ᠢ᠋ ᠱᠢᠶ᠋ᠳᠪᠦᠷᠢᠯᠡᠬᠦ᠌ ᠶ᠋ᠢᠨ ᠲᠥᠯᠥᠭᠡ᠂ ᠦᠪᠡᠷᠳᠡᠬᠡᠨ ᠵᠠᠰᠠᠬᠤ ᠤᠷᠤᠨ ᠡᠴᠡ ᠤᠯᠠᠭᠠᠨᠬᠠᠳᠠ ᠬᠣᠲᠠ ᠪᠠ ᠤᠯᠠᠭᠠᠨᠴᠠᠪ ᠬᠣᠲᠠ ᠵᠡᠷᠭᠡ ᠭᠠᠵᠠᠷ ᠲᠦ᠍ 《ᠲᠥᠮᠥᠰᠥ᠍ — ᠲᠡᠵᠢᠭᠡᠯ ᠪᠣᠷᠳᠣᠭ᠎ᠠ ᠳ᠋ᠤ ᠬᠡᠷᠡᠭ᠌ᠯᠡᠬᠦ᠌ ᠨᠣᠬᠠᠶ ᠶ᠋ᠢᠨ ᠬᠣᠱᠢᠭᠤ ᠶ᠋ᠢ ᠰᠡᠯᠬᠦᠨ ᠳᠠᠷᠢᠬᠤ》 ᠵᠡᠷᠭᠡ ᠦᠶ᠋ᠯᠡᠳᠪᠦᠷᠢᠯᠡᠯ ᠤ᠋ᠨ ᠠᠷᠭ᠎ᠠ ᠶ᠋ᠢ ᠰᠦᠪᠡᠭ᠌ᠴᠢᠯᠡᠨ ᠬᠡᠷᠡᠭᠵᠢᠬᠦᠯᠵᠤ᠂ ᠲᠠᠷᠢᠶᠠᠨ ᠭᠠᠵᠠᠷ ᠪᠠ ᠤᠯᠠᠨ ᠨᠠᠰᠤᠲᠤ ᠲᠠᠷᠢᠮᠠᠯ ᠡᠪᠡᠰᠦ ᠵᠢ ᠬᠠᠮᠠᠭᠠᠯᠠᠭᠰᠠᠨ ᠰᠠᠭᠤᠷᠢᠨ ᠳᠡᠭᠡᠷ᠎ᠡ ᠲᠡᠵᠢᠭᠡᠯ ᠪᠤᠷᠳᠤᠭ᠎ᠠ ᠳ᠋ᠦ ᠬᠡᠷᠡᠭᠯᠡᠬᠦ ᠨᠤᠬᠠᠢ ᠵᠢᠨ ᠬᠤᠰᠢᠭᠤ ᠶ᠋ᠢᠨ ᠲᠠᠷᠢᠮᠠᠯ ᠤ᠋ᠨ ᠬᠡᠪᠴᠢᠶ᠎ᠡ ᠵᠢ ᠦᠷᠭᠡᠳᠭᠡᠵᠦ᠂ ᠭᠠᠵᠠᠷ ᠰᠢᠷᠤᠢ ᠪᠠ ᠤᠰᠤᠨ ᠤ᠋ ᠡᠬᠢ ᠪᠠᠶᠠᠯᠢᠭ ᠢ᠋ ᠦᠨᠳᠦᠷ ᠪᠦᠲᠦᠮᠵᠢᠲᠡᠢ ᠪᠡᠷ ᠠᠰᠢᠭᠯᠠᠬᠤ ᠵᠢ ᠪᠡᠶᠡᠯᠡᠭᠦᠯᠪᠡ᠃

ᠤᠢᠯᠠᠭᠠᠭᠰᠠᠨ ᠵᠢᠡᠷ᠂ 2025 ᠣᠨ ᠳ᠋ᠤ ᠪᠦᠬᠦ ᠤᠷᠤᠨ ᠤ᠋ ᠲᠡᠷᠢᠮᠠᠯ ᠡᠪᠡᠰᠦᠨ ᠤ᠋ ᠲᠠᠯᠠᠪᠠᠶ 2090 ᠲᠦᠮᠡᠨ ᠮᠥ᠍ ᠶ᠋ᠢ ᠳᠠᠪᠠᠵᠤ᠂ ᠲᠠᠷᠢᠮᠠᠯ ᠡᠪᠡᠰᠦ᠂ ᠬᠠᠳᠤᠯᠠᠩ ᠡᠪᠡᠰᠦ ᠪᠤᠯᠤᠨ ᠲᠡᠵᠢᠭᠡᠯ ᠪᠣᠷᠳᠣᠭᠠᠨ ᠤ᠋ ᠡᠰᠢ ᠰᠦᠷᠡᠯ ᠤ᠋ᠨ ᠶᠡᠷᠦᠩᠬᠡᠶ ᠬᠡᠮᠵᠢᠶ᠎ᠡ 7500 ᠲᠦᠮᠡᠨ ᠲᠣᠨ ᠢ᠋ ᠳᠠᠪᠠᠵᠤ᠂ ᠰᠦ ᠰᠠᠭᠠᠯᠢ ᠶ᠋ᠢᠨ ᠦᠶ᠋ᠯᠡᠰ᠂ ᠮᠢᠬᠠᠨ ᠤ᠋ ᠦᠬᠡᠷ ᠮᠢᠬᠠᠨ ᠤ᠋ ᠬᠤᠨᠢ ᠵᠢᠨ ᠠᠵᠤ ᠦᠶ᠋ᠯᠡᠰ ᠵᠡᠷᠭᠡ ᠮᠠᠯ ᠠᠵᠤ ᠠᠬᠤᠶ ᠶ᠋ᠢᠨ ᠭᠤᠤᠯᠳᠠᠯᠭ᠎ᠠ ᠲᠠᠶ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠦᠷᠳᠡᠭ ᠤ᠋ᠨ 5000 ᠳ᠋ᠦᠩᠱᠢᠭᠤᠷ ᠲᠥᠭᠥᠷᠢᠭ ᠲᠦ᠍ ᠬᠦᠷᠬᠦ ᠳ᠋ᠤ ᠬᠦᠴᠦᠲᠡᠢ ᠲᠤᠯᠭᠠᠭᠤᠷᠢᠯᠠᠯ ᠬᠠᠡᠭᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号