ᠲᠥᠪ᠎ᠦᠨ ᠰᠦᠯᠵᠢᠶᠡᠨ᠎ᠤ ᠠᠮᠤᠷ ᠲᠦᠪᠰᠢᠨ ᠪᠤᠯᠤᠨ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠣᠬᠣᠷ ᠸᠢᠳᠢᠣ᠋᠎ᠶ᠋ᠢᠨ ᠠᠭᠤᠯᠭ᠎ᠠ᠎ᠶ᠋ᠢᠨ ᠲᠣᠳᠣᠷᠬᠠᠢᠯᠠᠯᠲᠠ᠎ᠶ᠋ᠢ ᠪᠥᠬᠥ᠌ ᠲᠠᠯ᠎ᠠ᠎ᠪᠠᠷ ᠵᠢᠷᠤᠮᠵᠢᠭᠤᠯᠤᠨ᠎ᠠ
2026-03-23 10:40:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 21᠎ᠤ᠋ ᠡᠳᠦᠷ ᠲᠥᠪ᠎ᠦᠨ ᠰᠦᠯᠵᠢᠶᠡᠨ᠎ᠤ ᠠᠮᠤᠷ ᠲᠦᠪᠰᠢᠨ ᠪᠤᠯᠤᠨ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠡᠴᠡ ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠰᠦᠯᠵᠢᠶᠡᠨ ᠲᠠᠪᠴᠠᠩ᠎ᠤᠨ ᠣᠬᠣᠷ ᠸᠢᠳᠢᠣ᠋᠎ᠶ᠋ᠢᠨ ᠠᠭᠤᠯᠭ᠎ᠠ᠎ᠳᠤ ᠲᠣᠳᠣᠷᠬᠠᠢᠯᠠᠯᠲᠠ ᠵᠢᠨ ᠪᠠᠷᠢᠮᠵᠢᠶ᠎ᠠ ᠪᠠ ᠬᠡᠮ ᠬᠡᠮᠵᠢᠶ᠎ᠡ ᠨᠢ ᠠᠳᠠᠯᠢ ᠥᠬᠡᠶ ᠪᠠᠢᠵᠤ᠂ ᠵᠠᠷᠢᠮ ᠬᠤᠳᠠᠯ᠎ᠢᠶᠠᠷ ᠵᠣᠬᠢᠶᠠᠨ ᠳᠡᠯᠭᠡᠷᠡᠭᠦᠯᠬᠦ᠂ ᠵᠤᠷᠢᠯᠭ᠎ᠠ ᠲᠠᠢ ᠲᠦᠰᠦᠪᠯᠡᠨ ᠰᠡᠭᠦᠳᠡᠷᠯᠡᠵᠦ ᠡᠵᠡᠩᠨᠡᠨ ᠪᠣᠷᠣᠯᠠᠭᠤᠯᠬᠤ᠂ AI ᠪᠡᠷ ᠪᠦᠳᠦᠭᠡᠬᠦ ᠵᠡᠷᠭᠡ ᠠᠭᠤᠯᠭ᠎ᠠ᠎ᠶ᠋ᠢ ᠪᠠᠭ᠍ᠲᠠᠭᠠᠭ᠍ᠰᠠᠨ ᠣᠬᠣᠷ ᠸᠢᠳᠢᠣ᠋᠎ᠳᠤ ᠲᠣᠳᠣᠷᠬᠠᠢᠯᠠᠯᠲᠠ ᠬᠢᠭ᠌ᠰᠡᠨ ᠥᠬᠡᠶ᠃ ᠡᠭᠦᠨ᠎ᠦ ᠲᠤᠬᠠᠶ ᠲᠥᠪ᠎ᠦᠨ ᠰᠦᠯᠵᠢᠶᠡᠨ᠎ᠤ ᠠᠮᠤᠷ ᠲᠦᠪᠰᠢᠨ ᠪᠤᠯᠤᠨ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠡᠴᠡ ᠰᠦᠯᠵᠢᠶᠡᠨ᠎ᠦ ᠲᠠᠪᠴᠠᠩ᠎ᠤᠨ᠎ᠬᠢᠨ᠎ᠢ ᠵᠢᠯᠤᠭᠤᠳᠤᠨ ᠣᠬᠣᠷ ᠸᠢᠳᠢᠣ᠋᠎ᠶ᠋ᠢᠨ ᠠᠭᠤᠯᠭ᠎ᠠ᠎ᠶ᠋ᠢᠨ ᠲᠣᠳᠣᠷᠬᠠᠢᠯᠠᠯᠲᠠ᠎ᠶ᠋ᠢ ᠪᠥᠬᠥ᠌ ᠲᠠᠯ᠎ᠠ᠎ᠪᠠᠷ ᠵᠢᠷᠤᠮᠵᠢᠭᠤᠯᠪᠠ᠃ ᠣᠢᠷ᠎ᠠ᠎ᠶ᠋ᠢᠨ ᠨᠢᠭᠡ ᠰᠠᠷ᠎ᠠ᠎ᠡᠴᠡ ᠨᠠᠭᠠᠰᠢ᠂ 6 ᠭᠤᠤᠯᠳᠠᠯᠭ᠎ᠠ᠎ᠲᠠᠶ ᠲᠠᠪᠴᠠᠩ ᠬᠤᠳᠠᠯ ᠬᠠᠭᠤᠷᠮᠠᠭ᠎ᠢᠶᠠᠷ ᠲᠦᠰᠦᠪᠯᠡᠨ ᠰᠡᠭᠦᠳᠡᠷᠯᠡᠬᠦ ᠵᠡᠷᠭᠡ ᠲᠣᠭ᠍ᠲᠠᠭᠠᠯ ᠵᠥᠷᠢᠴᠡᠭ᠌ᠰᠡᠨ ᠣᠬᠣᠷ ᠸᠢᠳᠢᠣ᠋᠎ᠶ᠋ᠢ 3.7 ᠲᠦᠮᠡ ᠭᠠᠷᠤᠶ ᠵᠤᠷᠪᠤᠰ ᠱᠢᠶ᠋ᠳᠪᠦᠷᠢᠯᠡᠵᠦ᠍᠂ ᠲᠣᠭ᠍ᠲᠠᠭᠠᠯ᠎ᠢ ᠵᠥᠷᠢᠴᠡᠭ᠌ᠰᠡᠨ ᠲᠠᠩᠰᠠᠨ ᠨᠣᠮᠧᠷ᠎ᠢ 3400 ᠭᠠᠷᠤᠶ ᠱᠢᠶ᠋ᠳᠪᠦᠷᠢᠯᠡᠵᠦ᠍᠂ 60 ᠭᠠᠷᠤᠶ ᠲᠦᠮᠡᠨ ᠣᠬᠣᠷ ᠸᠢᠳᠢᠣ᠋᠎ᠶ᠋ᠢ ᠨᠥᠬᠥᠪᠥᠷᠢᠯᠡᠨ ᠲᠣᠳᠣᠷᠬᠠᠢᠯᠠᠵᠠᠶ᠃

ᠣᠢᠯᠠᠭᠠᠭ᠍ᠰᠠᠨ᠎ᠢᠶᠠᠷ᠂ ᠲᠥᠪ᠎ᠦᠨ ᠰᠦᠯᠵᠢᠶᠡᠨ᠎ᠤ ᠠᠮᠤᠷ ᠲᠦᠪᠰᠢᠨ ᠪᠤᠯᠤᠨ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ᠎ᠨᠢ ᠰᠦᠯᠵᠢᠶᠡᠨ᠎ᠦ ᠲᠠᠪᠴᠠᠩ᠎ᠢ ᠵᠢᠯᠣᠭᠣᠳᠤᠨ ᠣᠬᠣᠷ ᠸᠢᠳᠢᠣ᠋᠎ᠶ᠋ᠢᠨ ᠠᠭᠤᠯᠭ᠎ᠠ᠎ᠳᠤ ᠲᠤᠳᠤᠷᠬᠠᠢᠯᠠᠯᠲᠠ ᠬᠢᠵᠦ ᠬᠡᠷᠡᠭ᠌ᠯᠡᠬᠦ᠌ ᠱᠣᠱᠢᠭ᠎ᠠ᠎ᠶ᠋ᠢ ᠵᠢᠷᠤᠮᠵᠢᠭᠤᠯᠵᠤ᠂ ᠡᠷᠬᠡᠪᠰᠢ ᠳᠣᠭᠢᠷᠠᠭᠤᠯᠬᠤ ᠴᠢᠬᠤᠯᠠᠲᠠᠶ ᠱᠣᠱᠢᠭ᠎ᠠ᠎ᠶ᠋ᠢᠨ ᠲᠥᠷᠥᠯ ᠵᠦᠶ᠋ᠯ᠎ᠢ ᠲᠣᠳᠣᠷᠬᠠᠢᠯᠠᠪᠠ; ᠠᠭᠤᠯᠭ᠎ᠠ᠎ᠶ᠋ᠢᠨ ᠲᠣᠳᠣᠷᠬᠠᠢᠯᠠᠯᠲᠠ᠎ᠶ᠋ᠢ ᠣᠬᠣᠷ ᠸᠢᠳᠢᠣ᠋ ᠨᠡᠢᠲᠡᠯᠡᠬᠦ ᠳ᠋ᠦ ᠵᠠᠪᠠᠯ ᠦᠩᠭᠡᠷᠡᠬᠦ ᠭᠣᠭ᠍ᠴᠣᠭ᠎ᠠ ᠪᠣᠯᠭᠠᠵᠤ᠂ ᠬᠡᠷᠡᠭ᠌ᠯᠡᠭ᠌ᠴᠢᠳ᠎ᠢ  ᠵᠢᠯᠣᠭᠣᠳᠴᠤ᠌ ᠪᠠᠢᠭᠠᠳ ᠨᠡᠢᠲᠡᠯᠡᠭ᠌ᠰᠡᠨ ᠣᠬᠣᠷ ᠸᠢᠳᠢᠣ᠋᠎ᠶ᠋ᠢᠨ ᠠᠭᠤᠯᠭ᠎ᠠ᠎ᠳᠤ ᠲᠣᠳᠣᠷᠬᠠᠢᠯᠠᠯᠲᠠ ᠬᠢᠨ᠎ᠡ; ᠨᠦᠭᠡᠴᠡ ᠣᠬᠣᠷ ᠸᠢᠳᠢᠣ᠋᠎ᠶ᠋ᠢᠨ ᠠᠭᠤᠯᠭ᠎ᠠ᠎ᠶ᠋ᠢ ᠪᠦᠯᠦᠭ ᠬᠤᠪᠢᠶᠠᠨ ᠡᠭᠡᠭᠦᠯᠦᠨ ᠪᠤᠴᠠᠭᠠᠬᠤ ᠪᠠ ᠨᠥᠬᠥᠪᠥᠷᠢᠯᠡᠨ ᠲᠣᠳᠣᠷᠬᠠᠢᠯᠠᠯᠲᠠ ᠬᠢᠵᠦ᠂ ᠲᠣᠳᠣᠷᠬᠠᠢᠯᠠᠯᠲᠠ ᠬᠢᠬᠦ ᠶᠤᠰᠤᠳᠠᠢ ᠵᠢ ᠨᠢ ᠪᠦᠬᠦᠨ᠎ᠢ ᠲᠣᠳᠣᠷᠬᠠᠢᠯᠠᠬᠤ᠎ᠶ᠋ᠢ ᠪᠡᠶᠡᠯᠡᠭᠦᠯᠦᠨ᠎ᠠ᠃

ᠲᠠᠷᠠᠭᠠᠴᠢ᠎ᠶ᠋ᠢᠨ ᠠᠯᠬᠤᠮ᠎ᠳᠤ᠂ ᠲᠥᠪ᠎ᠦᠨ ᠰᠦᠯᠵᠢᠶᠡᠨ᠎ᠤ ᠠᠮᠤᠷ ᠲᠦᠪᠰᠢᠨ ᠪᠤᠯᠤᠨ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠪᠣᠳᠠᠲᠠᠶ ᠠᠵᠢᠯ᠎ᠤᠨ ᠱᠠᠭᠠᠷᠳᠠᠯᠭ᠎ᠠ ᠪᠠ ᠠᠵᠢᠯ᠎ᠤᠨ ᠠᠬᠢᠴᠠ᠎ᠶ᠋ᠢᠨ ᠲᠣᠬᠢᠷᠠᠭᠤᠯᠤᠯᠲᠠ᠎ᠶ᠋ᠢ ᠲᠣᠳᠣᠷᠬᠠᠢᠯᠠᠵᠤ᠂ ᠪᠥᠬᠥ᠌ ᠤᠯᠤᠰ᠎ᠤᠨ ᠬᠡᠪᠴᠢᠶᠡᠨ᠎ᠳᠦ ᠣᠬᠣᠷ ᠸᠢᠳᠢᠣ᠋᠎ᠶ᠋ᠢᠨ ᠠᠭᠤᠯᠭ᠎ᠠ᠎ᠶ᠋ᠢ ᠵᠢᠷᠤᠮᠵᠢᠭᠤᠯᠬᠤ ᠠᠵᠢᠯ᠎ᠢ ᠨᠢᠭᠡᠳᠦᠯᠲᠡᠶ ᠪᠠᠢᠷᠢᠯᠠᠭᠤᠯᠤᠨ ᠠᠬᠢᠭᠤᠯᠬᠤ᠎ᠶ᠋ᠢᠨ ᠵᠡᠷᠭᠡ ᠪᠡᠷ ᠲᠣᠭᠣᠷᠢᠨ ᠪᠠᠢᠴᠠᠭᠠᠵᠤ ᠭᠡᠷᠡᠴᠢ ᠠᠪᠬᠤ ᠠᠵᠢᠯ᠎ᠢ ᠵᠡᠷᠭᠡ ᠪᠡᠷ ᠥᠷᠨᠢᠭᠦᠯᠵᠦ᠍᠂ ᠱᠠᠭᠠᠷᠳᠠᠯᠭ᠎ᠠ ᠶᠣᠰᠣᠭᠠᠷ ᠲᠣᠳᠣᠷᠬᠠᠢᠯᠠᠯᠲᠠ ᠬᠢᠭ᠌ᠰᠡᠨ ᠥᠬᠡᠶ ᠲᠠᠨᠭᠰᠠᠨ ᠳ᠋ᠤᠭᠠᠷ ᠪᠠ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠤᠯᠴᠡᠬᠦ ᠥᠬᠡᠶ ᠰᠦᠯᠵᠢᠶᠡᠨ᠎ᠦ ᠲᠠᠪᠴᠠᠩ᠎ᠢ ᠴᠢᠩᠭ᠎ᠠ ᠵᠠᠯᠬᠠᠭᠠᠨ ᠱᠢᠢᠳᠭᠡᠵᠦ᠍᠂ ᠰᠢᠭᠤᠳ ᠢᠯᠡᠴᠢᠯᠡᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 21᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号