ᠦᠪᠦᠷ ᠮᠤᠩᠭᠤᠯ ᠨᠢᠳᠤᠨᠤᠨ ᠬᠥᠨᠳᠡᠯᠡᠨ᠎ᠡᠴᠡ ᠲᠠᠰᠤᠯᠬᠤ ᠬᠡᠷᠡᠭ᠎ᠢ 4162 ᠬᠤᠪᠢ ᠬᠦᠯᠢᠶᠡᠨ ᠠᠪᠴᠤ ᠰᠢᠢᠳᠪᠦᠷᠢᠯᠡᠵᠡᠢ
2026-03-23 11:03:59
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠬᠤᠷᠠᠯᠳᠤᠬᠰᠠᠨ ᠪᠥᠬᠥ ᠣᠷᠣᠨ᠎ᠤ ᠬᠥᠨᠳᠡᠯᠡᠨ᠎ᠡᠴᠡ ᠲᠠᠰᠤᠯᠬᠤ ᠠᠵᠢᠯ᠎ᠤᠨ ᠶᠠᠷᠢᠯᠴᠠᠬᠤ ᠬᠤᠷᠠᠯ᠎ᠠᠴᠠ ᠤᠢᠯᠠᠭᠠᠬᠰᠠᠨ ᠵᠢᠡᠷ᠂ 2025 ᠣᠨ᠎ᠳᠤ ᠦᠪᠦᠷ ᠮᠤᠩᠭᠤᠯ᠎ᠤᠨ ᠬᠥᠨᠳᠡᠯᠡᠨ᠎ᠡᠴᠡ ᠲᠠᠰᠤᠯᠬᠤ ᠠᠵᠢᠯ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠬᠥᠨᠳᠡᠯᠡᠨ᠎ᠡᠴᠡ ᠲᠠᠰᠤᠯᠬᠤ ᠬᠠᠤᠯᠢ᠎ᠶᠢ ᠰᠤᠷᠤᠯᠴᠠᠨ ᠲᠤᠭᠤᠰᠢᠯᠠᠭᠤᠯᠬᠤ᠂ ᠦᠢᠯᠡᠴᠢᠯᠡᠭᠡᠨ᠎ᠦ ᠬᠦᠷᠢᠶ᠎ᠡ᠎ᠶᠢ ᠥᠷᠭᠡᠳᠬᠡᠬᠦ᠂ ᠬᠡᠷᠡᠭ᠎ᠦᠨ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠂ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠢᠳᠡᠪᠬᠢᠲᠡᠢ ᠠᠬᠢᠴᠠ᠎ᠲᠠᠢ ᠪᠣᠯᠵᠠᠢ᠃

ᠤᠢᠯᠠᠭᠠᠬᠰᠠᠨ ᠵᠢᠡᠷ᠂ 2025 ᠤᠨ᠎ᠳᠦ ᠪᠦᠬᠦ ᠤᠷᠤᠨ᠎ᠤ ᠬᠦᠯᠢᠶᠡᠨ ᠠᠪᠴᠤ ᠰᠢᠢᠳᠪᠦᠷᠢᠯᠡᠭᠰᠡᠨ ᠬᠥᠨᠳᠡᠯᠡᠨ᠎ᠡᠴᠡ ᠲᠠᠰᠤᠯᠤᠭᠰᠠᠨ ᠬᠡᠷᠡᠭ 4162 ᠬᠤᠪᠢ ᠪᠠᠢᠵᠤ᠂ ᠬᠠᠷᠠᠯᠲᠠ ᠲᠣᠭ᠎ᠠ ᠨᠢ 98.4 ᠳ᠋ᠦᠩᠰᠢᠭᠤᠷ ᠲᠥᠭᠥᠷᠢᠭ᠎ᠲᠦ ᠬᠦᠷᠴᠡᠢ; ᠡᠶᠡᠳᠡᠭᠦᠯᠤᠨ ᠳᠠᠭᠤᠰᠬᠠᠭᠰᠠᠨ ᠬᠡᠷᠡᠭ 1807 ᠬᠤᠪᠢ ᠪᠠᠢᠵᠤ᠂ ᠲᠣᠭ᠎ᠠ ᠬᠡᠮᠵᠢᠶ᠎ᠡ ᠨᠢ ᠦᠩᠭᠡᠷᠡᠭᠰᠡᠨ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ41.4% ᠪᠡᠷ ᠨᠡᠮᠡᠭᠳᠡᠵᠦ᠂ ᠡᠶᠡᠳᠡᠭᠦᠯᠦᠨ ᠳᠠᠭᠤᠰᠬᠠᠭᠰᠠᠨ ᠬᠡᠷᠡᠭ 38.8% ᠳ᠋ᠤ᠌ ᠬᠦᠷᠴᠦ᠂ ᠵᠠᠭᠤᠨ᠎ᠤ ᠬᠠᠷᠢᠴᠠᠯ ᠵᠢᠡᠷ 13 ᠬᠤᠪᠢ ᠳᠡᠭᠡᠭᠰᠢᠯᠡᠪᠡ; ᠪᠠᠷᠢᠯᠭ᠎ᠠ ᠵᠢᠨ ᠪᠦᠲᠦᠭᠡᠨ ᠪᠠᠢᠭᠤᠯᠤᠯᠲᠠ᠂ ᠮᠥᠩᠭᠥᠨ ᠭᠦᠢᠯᠭᠡᠭᠡᠨ᠂ ᠭᠡᠷ ᠭᠠᠵᠠᠷ᠎ᠤᠨ ᠬᠥᠷᠥᠩᠭᠡ᠂ ᠬᠤᠳᠠᠯᠳᠤᠭ᠎ᠠ ᠵᠡᠷᠭᠡ ᠤᠯᠠᠮᠵᠢᠯᠠᠯᠲᠤ ᠬᠥᠨᠳᠡᠯᠡᠨ᠎ᠡᠴᠡ ᠲᠠᠰᠤᠯᠬᠤ ᠬᠦᠷᠢᠶ᠎ᠡ ᠴᠠᠷᠠᠭ᠎ᠠ᠎ᠶᠢᠨ ᠰᠠᠭᠤᠷᠢᠨ ᠳᠡᠭᠡᠷ᠎ᠡ᠂ ᠰᠢᠨ᠎ᠡ᠎ᠪᠡᠷ ᠮᠠᠨᠳᠤᠬᠰᠠᠨ ᠡᠵᠡᠩᠨᠡᠯᠲᠡ᠎ᠶᠢᠨ ᠬᠡᠯᠪᠡᠷᠢ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠢᠳᠡᠪᠬᠢᠲᠡᠢ ᠦᠢᠯᠡᠴᠢᠯᠡᠵᠦ᠂ 31 ᠮᠡᠳᠡᠯᠭᠡ᠎ᠶᠢᠨ ᠥᠮᠴᠢᠯᠡᠯ᠎ᠤᠨ ᠡᠷᠬᠡ᠂ ᠠᠳᠠᠯ ᠠᠬᠤᠢ᠎ᠶᠢᠨ ᠦᠢᠯᠡᠴᠢᠯᠡᠭᠡ ᠢ᠋ᠢᠨ 959 ᠬᠡᠷᠡᠭ᠂ ᠵᠢᠭᠤᠯᠴᠢᠯᠠᠯ᠎ᠤᠨ 1 ᠬᠡᠷᠡᠭ᠂ ᠮᠠᠯ ᠠᠵᠤ ᠠᠬᠤᠢ ᠲᠠᠷᠢᠶᠠᠯᠠᠩ᠎ᠤᠨ 15 ᠬᠡᠷᠡᠭ᠂ ᠡᠷᠦᠳᠡᠰᠦ᠎ᠶᠢᠨ ᠡᠨᠧᠷᠭᠢ ᠢ᠋ᠢᠨ 10 ᠬᠡᠷᠡᠭ᠂ ᠭᠠᠳᠠᠭᠠᠳᠤ᠎ᠳᠤ ᠬᠣᠯᠪᠣᠭᠳᠠᠬᠤ 4 ᠬᠡᠷᠡᠭ ᠢ᠋ ᠭᠥᠯᠢᠶᠡᠨ ᠠᠪᠴᠤ ᠰᠢᠢᠳᠪᠦᠷᠢᠯᠡᠵᠤ᠂ ᠡᠳᠡᠭᠡᠷ ᠨᠢ ᠲᠦᠷᠦᠭᠦᠸ᠋ ᠵᠢᠯ᠎ᠦᠨ ᠬᠢ᠎ᠡᠴᠡ ᠪᠠᠨ ᠴᠦᠮ ᠨᠡᠮᠡᠭᠳᠡᠪᠡ᠃

2026 ᠣᠨ ᠪᠣᠯ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠨᠳᠡᠯᠡᠨ᠎ᠡᠴᠡ ᠲᠠᠰᠤᠯᠬᠤ ᠬᠠᠤᠯᠢ》 ᠶ᠋ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶᠢᠨ ᠵᠢᠯ ᠪᠣᠯᠣᠨ᠎ᠠ᠂ ᠦᠪᠦᠷ ᠮᠤᠩᠭᠤᠯ᠎ᠤᠨ ᠬᠥᠨᠳᠡᠯᠡᠨ᠎ᠡᠴᠡ ᠲᠠᠰᠤᠯᠬᠤ ᠰᠢᠰᠲᠧᠮ᠎ᠦᠨ ᠬᠢᠨ ᠠᠵᠠ ᠲᠣᠬᠢᠶᠠᠯ᠎ᠢ ᠠᠮᠵᠢᠨ᠂ ᠥᠷᠢᠰᠦᠯᠳᠦᠭᠡᠨ᠎ᠢ ᠤᠭᠲᠤᠵᠤ᠂ ᠬᠥᠨᠳᠡᠯᠡᠨ᠎ᠡᠴᠡ ᠲᠠᠰᠤᠯᠬᠤ ᠠᠵᠢᠯ᠎ᠤᠨ ᠰᠢᠨ᠎ᠡ ᠰᠢᠪᠲᠤᠯᠤᠯᠲᠠ᠎ᠶᠢ ᠴᠢᠷᠮᠠᠢᠨ ᠪᠡᠶᠡᠯᠡᠭᠦᠯᠦᠨ᠎ᠡ᠃ ᠤᠯᠤᠰ ᠲᠦᠷᠦ᠎ᠶᠢᠨ ᠵᠥᠪ ᠴᠢᠭᠯᠡᠯ᠎ᠢ ᠪᠠᠷᠢᠮᠲᠠᠯᠠᠨ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠨᠳᠡᠯᠡᠨ᠎ᠡᠴᠡ ᠲᠠᠰᠤᠯᠬᠤ ᠬᠠᠤᠯᠢ》᠎ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ ᠬᠢᠭᠡᠳ ᠬᠥᠨᠳᠡᠯᠡᠨ᠎ᠡᠴᠡ ᠲᠠᠰᠤᠯᠬᠤ ᠪᠠᠢᠭᠤᠯᠤᠮᠵᠢ᠎ᠶᠢᠨ ᠬᠠᠷᠢᠴᠠᠭ᠎ᠠ᠎ᠶᠢ ᠴᠢᠨᠠᠬᠰᠢᠲᠠ ᠰᠢᠯᠤᠭᠤᠳᠬᠠᠵᠤ᠂ ᠬᠥᠨᠳᠡᠯᠡᠨ᠎ᠡᠴᠡ ᠲᠠᠰᠤᠯᠬᠤ᠎ᠶᠢ ᠬᠠᠤᠯᠢ ᠶᠣᠰᠣᠭᠠᠷ ᠪᠡᠶ᠎ᠡ᠎ᠪᠡᠨ ᠳᠠᠭᠠᠭᠠᠵᠤ ᠶᠠᠪᠤᠭᠳᠠᠭᠤᠯᠬᠤ᠎ᠶᠢ ᠪᠠᠲᠤᠯᠠᠵᠤ᠂ ᠲᠥᠪ ᠭᠣᠣᠯᠴᠢ ᠥᠨᠳᠥᠷ ᠪᠦᠲᠦᠮᠵᠢᠲᠡᠶ ᠬᠥᠨᠳᠡᠯᠡᠨ᠎ᠡᠴᠡ ᠲᠠᠰᠤᠯᠬᠤ ᠣᠷᠴᠢᠨ ᠨᠥᠬᠥᠴᠡᠯ᠎ᠢ ᠪᠤᠢ ᠪᠣᠯᠭᠠᠨ᠎ᠠ᠃ ᠬᠡᠷᠡᠭ᠎ᠦᠨ ᠲᠣᠭ᠎ᠠ ᠬᠡᠮᠵᠢᠶ᠎ᠡ᠂ ᠬᠠᠷᠠᠯᠲᠠ ᠲᠣᠭ᠎ᠠ᠎ᠶᠢᠨ ᠲᠠᠯ᠎ᠠ᠎ᠪᠠᠷ ᠶᠡᠬᠡ ᠬᠡᠮᠵᠢᠶ᠎ᠡ᠎ᠪᠡᠷ ᠨᠡᠮᠡᠭᠳᠡᠭᠦᠯᠬᠦ᠎ᠶᠢ ᠴᠢᠷᠮᠠᠢᠨ ᠪᠡᠶᠡᠯᠡᠭᠦᠯᠵᠦ᠂ ᠰᠢᠨ᠎ᠡ ᠬᠡᠯᠪᠡᠷᠢ᠎ᠶᠢᠨ ᠲᠤᠬᠠᠢᠯᠠᠭᠰᠠᠨ ᠠᠵᠢᠯ᠎ᠤᠨ ᠬᠦᠷᠢᠶ᠎ᠡ᠎ᠶᠢ ᠶᠡᠬᠡ᠎ᠪᠡᠷ ᠥᠷᠭᠡᠳᠬᠡᠵᠦ᠂ ᠶᠡᠷᠦᠩᠬᠡᠢᠯᠡᠨ ᠵᠠᠰᠠᠬᠤ ᠲᠥᠪ᠎ᠲᠦ ᠪᠦᠬᠦ ᠲᠠᠯ᠎ᠠ᠎ᠪᠠᠷ ᠣᠷᠣᠵᠤ᠂ ᠬᠥᠨᠳᠡᠯᠡᠨ᠎ᠡᠴᠡ ᠲᠠᠰᠤᠯᠬᠤ ᠪᠠ ᠡᠶᠡᠳᠡᠭᠦᠯᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠬᠦᠴᠦᠨ ᠨᠡᠮᠡᠷᠢᠯᠡᠨ᠎ᠡ᠃ ᠬᠥᠨᠳᠡᠯᠡᠨ᠎ᠡᠴᠡ ᠲᠠᠰᠤᠯᠬᠤ ᠪᠠᠢᠭᠤᠯᠤᠮᠵᠢ᠎ᠶᠢᠨ ᠳᠣᠲᠣᠭᠠᠳᠤ᠎ᠶᠢᠨ ᠵᠠᠰᠠᠯᠲᠠ᠎ᠶᠢ ᠲᠡᠭᠦᠯᠳᠡᠷᠵᠢᠭᠦᠯᠵᠦ᠂ ᠬᠡᠷᠡᠭ᠎ᠦᠨ ᠪᠦᠬᠦ ᠶᠠᠪᠤᠴᠠ᠎ᠶᠢᠨ ᠶᠠᠰᠤ ᠴᠢᠨᠠᠷ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠬᠥᠨᠳᠡᠯᠡᠨ᠎ᠡᠴᠡ ᠲᠠᠰᠤᠯᠤᠭ᠍ᠴᠢ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠬᠢᠨᠠᠯᠲᠠ ᠲᠠᠯᠪᠢᠬᠤ ᠪᠠ ᠠᠵᠢᠯ ᠮᠡᠷᠭᠡᠵᠢᠯ᠎ᠤᠨ ᠶᠤᠰᠤ ᠰᠤᠷᠲᠠᠬᠤᠨ᠎ᠤ ᠪᠠᠢᠭᠤᠯᠤᠯᠲᠠ ᠵᠢ ᠴᠢᠩᠭᠠᠳᠬᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号