3 ᠰᠠᠷ᠎ᠠ᠎ᠶ᠋ᠢᠨ 16 ᠤ᠋ ᠡᠳᠦᠷ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠠᠴᠠ ᠭᠤᠤᠯᠯᠠᠨ ᠡᠷᠭᠢᠯᠡᠵᠦ᠍᠂ ᠢᠦᠢᠴᠢᠤᠸᠠᠨ ᠲᠣᠭᠣᠷᠢᠭ᠎ᠤᠨ ᠵᠡᠮᠳᠡᠭ᠌ᠴᠦᠳ᠎ᠦᠨ ᠬᠤᠯᠪᠤᠭ᠎ᠠ᠎ᠠᠴᠠ ᠳᠠᠭᠠᠭᠠᠴᠢᠯᠠᠨ ᠡᠷᠭᠢᠯᠡᠭᠰᠡᠨ ᠵᠡᠮᠳᠡᠭ᠌ᠴᠦᠳ᠎ᠦᠨ ᠠᠵᠢᠯ᠎ᠤᠨ ᠠᠵᠢᠯᠲᠠᠨ᠎ᠤ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠬᠳᠠᠪᠠ᠃ ᠲᠣᠰ ᠤᠳᠠᠭᠠᠨ᠎ᠤ ᠪᠣᠯᠪᠠᠰᠤᠷᠠᠯ ᠳᠦ ᠬᠦᠬᠡᠬᠤᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ᠎ᠵᠢᠨ ᠱᠢᠰᠲ᠋ᠧᠮ᠎ᠤᠨ140 ᠭᠠᠷᠤᠶ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢ ᠲᠥᠪᠯᠡᠷᠡᠭᠦᠯᠦᠨ ᠰᠤᠷᠤᠯᠴᠠᠯᠭ᠎ᠠ᠎ᠳᠤ ᠣᠷᠣᠯᠴᠠᠭᠤᠯᠪᠠ᠃
ᠲᠣᠰ ᠬᠤᠭᠤᠴᠠᠭᠠᠨ᠎ᠤ ᠪᠣᠯᠪᠠᠰᠤᠷᠠᠯ᠎ᠨᠢ ᠵᠡᠮᠳᠡᠭ᠌ᠴᠦᠳ᠎ᠦᠨ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠣᠨᠣᠯ᠎ᠤᠨ ᠰᠤᠷᠤᠯᠴᠠᠯᠭ᠎ᠠ ᠪᠠ ᠲᠤᠬᠠᠢᠯᠠᠭ᠍ᠰᠠᠨ ᠠᠵᠢᠯ᠎ᠤᠨ ᠪᠣᠳᠠᠲᠦ ᠦᠢᠯᠡᠳᠦᠯᠭᠡ ᠭᠡᠬᠦ᠌ ᠬᠣᠶᠠᠷ ᠶᠡᠬᠡ ᠬᠡᠰᠡᠭ᠎ᠢ ᠲᠣᠬᠢᠷᠠᠭᠤᠯᠪᠠ᠃ ᠣᠨᠣᠯ᠎ᠤᠨ ᠬᠢᠴᠢᠶᠡᠯ᠎ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠵᠠᠰᠠᠭ ᠤᠨ ᠠᠵᠢᠯ ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ ᠵᠡᠷᠭᠡ ᠠᠭᠤᠯᠭ᠎ᠠ᠎ᠲᠠᠶ ᠤᠶᠠᠯᠳᠤᠭᠤᠯᠤᠨ ᠥᠷᠨᠢᠭᠦᠯᠪᠡ;ᠲᠤᠬᠠᠢᠯᠠᠭ᠍ᠰᠠᠨ ᠠᠵᠢᠯ᠎ᠤᠨ ᠪᠤᠲᠠᠲᠦ ᠦᠢᠯᠡᠳᠦᠯᠬᠡ᠎ᠨᠢ ᠵᠡᠮᠳᠡᠭ᠌ᠴᠦᠳ᠎ᠦᠨ ᠡᠷᠬᠡ ᠠᠱᠢᠭ᠎ᠢ ᠪᠠᠲᠤᠯᠠᠬᠤ᠂ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠣᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠰᠤᠶᠤᠯ ᠤᠬᠠᠭᠤᠯᠭ᠎ᠠ ᠪᠡᠶ᠎ᠡ᠎ᠶ᠋ᠢᠨ ᠲᠠᠮᠢᠷ ᠵᠡᠷᠭᠡ ᠭᠤᠤᠯ ᠠᠭᠤᠯᠭ᠎ᠠ᠎ᠶ᠋ᠢ ᠬᠠᠮᠤᠷᠴᠠᠢ᠃ ᠡᠨᠡᠬᠦ᠌ ᠬᠤᠭᠤᠴᠠᠭᠠᠨ᠎ᠳᠤ ᠪᠠᠰᠠ《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠦᠯᠦᠪᠵᠢᠬᠦᠯᠪᠡ ᠶ᠋ᠢᠨ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠪᠠ ᠬᠡᠷᠡᠭ᠌ᠯᠡᠭᠡᠨ ᠦ ᠳᠣᠬᠢᠶᠠᠨ᠎ᠤ ᠬᠡᠯᠡᠨ ᠦ ᠪᠣᠯᠪᠠᠰᠤᠷᠠᠯ᠎ᠢ ᠥᠷᠨᠢᠭᠦᠯᠵᠦ᠍᠂ ᠰᠤᠷᠤᠯᠭᠠᠲᠠᠳ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ ᠦ ᠴᠢᠳᠠᠪᠤᠷᠢ᠎ᠶ᠋ᠢ ᠲᠡᠭᠡᠭᠰᠢᠯᠡᠭᠦᠯᠦᠭᠰᠡᠨ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号