ᠥᠪᠥᠷ ᠮᠣᠩᠭᠣᠯ ᠨᠠᠰᠤᠵᠢᠯ᠎ᠤᠨ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠨᠥᠬᠥᠪᠥᠷᠢ᠎ᠶ᠋ᠢ ᠨᠠᠢᠳᠠᠪᠤᠷᠢᠵᠢᠭᠤᠯᠪᠠ
2026-03-23 10:36:41
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠬᠠᠮᠢᠶ᠎ᠠ ᠪᠦᠬᠦᠢ ᠪᠠᠢᠭᠤᠯᠭ᠎ᠠ ᠨᠢᠬᠡᠴᠢ ᠡᠴᠨ ᠤᠢᠯᠠᠭᠠᠭᠰᠠᠨ ᠵᠢᠡᠷ᠂ 2026 ᠣᠨ ᠎ᠤ 1 ᠰᠠᠷ᠎ᠠ᠎ᠠᠴᠠ ᠡᠬᠢᠯᠡᠨ ᠨᠠᠰᠤᠵᠢᠯ ᠎ᠤᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠨᠥᠬᠥᠪᠥᠷᠢ᠎ᠶ᠋ᠢᠨ ᠲᠥᠷᠥᠯ ᠵᠦᠶ᠋ᠯ᠎ᠢ ᠪᠥᠬᠥ᠌ ᠣᠷᠣᠨ᠎ᠤ ᠬᠡᠪᠴᠢᠶᠡᠨ᠎ᠳᠦ ᠬᠡᠷᠡᠭ᠌ᠵᠢᠭᠦᠯᠵᠦ ᠡᠬᠢᠯᠡᠭᠰᠡᠨ ᠪᠠᠢᠨ᠎ᠠ᠃ ᠥᠪᠥᠷ ᠮᠣᠩᠭᠣᠯ ᠎ᠤᠨ ᠨᠠᠰᠤᠵᠢᠯ ᠎ᠤᠨ ᠠᠰᠠᠷᠠᠮᠵᠢ ᠎ᠶ᠋ᠢᠨ ᠦᠶ᠋ᠯᠡᠴᠢᠯᠡᠭᠡᠨ᠎ᠦ ᠡᠯᠧᠺᠲ᠋ᠷᠣᠨ ᠬᠡᠷᠡᠭ᠌ᠯᠡᠭᠡᠨ᠎ᠦ ᠲᠡᠮᠳᠡᠭ᠌ᠲᠦ᠍ ᠨᠢ ᠤᠯᠤᠰ ᠪᠠ ᠵᠠᠰᠠᠭ ᠎ᠦᠨ ᠤᠷᠳᠤᠨ᠎ᠤ ᠬᠠᠯᠠᠭᠤᠨ ᠳᠣᠲᠣᠨᠣ ᠬᠠᠯᠠᠮᠵᠢᠯᠠᠯ ᠎ᠢ ᠠᠴᠢᠶᠠᠯᠠᠵᠤ᠂ ᠴᠢᠳᠠᠯ ᠲᠡᠩᠬᠡᠭᠡ᠎ᠪᠡᠨ ᠠᠯᠳᠠᠭ᠍ᠰᠠᠨ ᠨᠠᠰᠤᠲᠠᠢᠴᠤᠳ ᠲᠸ᠋ ᠨᠠᠷᠢᠯᠢᠭ ᠣᠨᠣᠴᠠᠲᠠᠶ᠎ᠦᠢᠯᠡᠴᠢᠯᠡᠭᠡ ᠬᠠᠩᠭᠠᠵᠤ ᠪᠤᠢ᠃

ᠲᠦᠷᠦᠭᠦᠭᠡᠨ᠂ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠰᠠᠯᠠᠭᠠᠨ᠎ᠤ ᠠᠵᠢᠯᠲᠠᠨ 68 ᠨᠠᠰᠤᠲᠠᠶ ᠰᠦᠨ ᠬᠦᠶ ᡁᠢ ᠨᠠᠰᠤᠲᠠᠨ᠎ᠤ ᠬᠢᠨ ᠳ᠋ᠤ ᠬᠦᠷᠴᠦ᠍᠂ ᠨᠠᠰᠤᠲᠠᠨ᠎ᠢ ᠵᠢᠭᠠᠨ ᠵᠢᠯᠣᠭᠣᠳᠴᠤ᠌ ᠪᠠᠢᠭᠠᠳ《ᠠᠷᠠᠳ᠎ᠤᠨ ᠶᠠᠪᠤᠳᠠᠯ ᠎ᠤᠨ ᠲᠠᠪᠴᠠᠩ》 ᠦ᠋ᠨ ᠲᠠᠩᠰᠠᠨ ᠨᠣᠮᠧᠷ᠎ᠢ ᠳᠠᠩᠰᠠᠯᠠᠭᠤᠯᠵᠤ᠂ ᠬᠠᠪᠰᠤᠷᠤᠨ ᠮᠡᠳᠡᠭᠡ ᠵᠠᠩᠭᠢ ᠲᠠᠭ᠍ᠯᠠᠭᠤᠯᠵᠤ᠂  800 ᠲᠥᠭᠥᠷᠢᠭ ᠎ᠦᠨ ᠨᠠᠰᠤᠵᠢᠯ ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ ᠎ᠦ ᠡᠯᠧᠺᠲ᠋ᠷᠣᠨ ᠬᠡᠷᠡᠭ᠌ᠯᠡᠭᠡᠨ᠎ᠦ ᠲᠡᠮᠳᠡᠭ᠌ᠲᠦ᠍᠎ᠶ᠋ᠢ ᠭᠤᠶᠤᠴᠢᠯᠠᠨ ᠤᠯᠵᠤ ᠦᠭᠴᠡᠢ᠃ ᠡᠨᠡᠬᠦ ᠡᠯᠧᠺᠲ᠋ᠷᠣᠨ ᠬᠡᠷᠡᠭ᠌ᠯᠡᠭᠡᠨ᠎ᠦ ᠲᠡᠮᠳᠡᠭ᠌ᠲᠦ᠍ ᠨᠢ ᠨᠠᠰᠤᠲᠠᠨ᠎ᠤ ᠬᠡᠷ᠎ᠲᠡᠬᠡᠨ ᠡᠷᠡᠬᠦᠯᠵᠢᠯ ᠎ᠤᠨ ᠰᠤᠪᠢᠯᠠᠯᠳᠠ ᠬᠢᠬᠦ ᠵᠠᠷᠤᠳᠠᠯ᠎ᠢ ᠱᠢᠭᠤᠳ 800 ᠲᠥᠭᠥᠷᠢᠭ ᠬᠠᠰᠤᠵᠤ ᠬᠡᠯᠲᠦᠷᠢᠭᠦᠯᠵᠦ ᠪᠤᠯᠤᠯ᠎ᠠ᠃

ᠤᠢᠯᠠᠭᠠᠭᠰᠠᠨ᠎ᠢᠶᠡᠷ᠂ ᠤᠯᠤᠰ᠎ᠠᠴᠠ ᠥᠪᠥᠷ ᠮᠣᠩᠭᠣᠯ᠎ᠳᠤ 2 ᠳ᠋ᠦᠩᠱᠢᠭᠤᠷ ᠭᠠᠷᠤᠢ ᠲᠥᠭᠥᠷᠢᠭ᠎ᠦᠨ ᠲᠤᠰᠭᠠᠢ ᠮᠥᠩᠭᠥ᠌ ᠪᠠᠭᠤᠯᠭᠠᠵᠤ᠂ ᠡᠨᠡ ᠵᠢᠯ᠎ᠦᠨ 1 ᠰᠠᠷ᠎ᠠ᠎ᠠᠴᠠ ᠡᠬᠢᠯᠡᠨ《ᠠᠷᠠᠳ᠎ᠤᠨ ᠶᠠᠪᠤᠳᠠᠯ᠎ᠤᠨ ᠲᠠᠪᠴᠠᠩ》APP ᠪᠡᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠎ᠤ ᠬᠡᠪᠴᠢᠶᠡᠨ ᠳ᠋ᠡᠬᠢ  ᠪᠦᠷᠢᠮᠦᠰᠦᠨ ᠴᠢᠳᠠᠯ ᠲᠡᠩᠬᠡᠭᠡ ᠎ᠪᠡᠨ ᠠᠯᠳᠠᠭ᠍ᠰᠠᠨ ᠨᠠᠰᠤᠲᠠᠢᠴᠤᠳ  ᠲᠸ᠋ ᠰᠠᠷ᠎ᠠ ᠪᠦᠷᠢ  ᠵᠤᠬᠢᠬᠤ ᠬᠡᠮᠵᠢᠶᠡᠨ ᠎ᠤ ᠡᠯᠧᠺᠲ᠋ᠷᠣᠨ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠵᠤ᠂ ᠬᠡᠷ ᠎ᠪᠦᠯᠢ ᠨᠡᠢᠭᠡᠮ ᠲᠣᠭᠣᠷᠢᠭ᠂ ᠲᠤᠰᠭᠠᠶ ᠪᠠᠢᠭᠤᠯᠤᠮᠵᠢ᠎ᠶ᠋ᠢᠨ ᠡᠷᠡᠭᠦᠯᠵᠢᠯ᠎ᠤᠨ ᠰᠤᠪᠢᠯᠠᠯᠲᠠ᠂  ᠨᠠᠢᠳᠠᠨ ᠠᠰᠠᠷᠠᠭᠤᠯᠬᠤ ᠦᠶ᠋ᠯᠡᠴᠢᠯᠡᠭᠡᠨ᠎ᠦ ᠵᠠᠷᠤᠳᠠᠯ ᠳ᠋ᠤ ᠰᠢᠭᠤᠳ ᠬᠡᠷᠡᠭᠯᠡᠬᠦᠯᠵᠦ  ᠪᠤᠢ᠃ ᠡᠨᠡ ᠎ᠬᠦ  ᠨᠦᠬᠦᠪᠦᠷᠢ   ᠵᠢᠨ ᠬᠠᠷᠢᠴᠠᠯ ᠨᠢ 30% —60% ᠎ᠳ᠋ᠤ ᠬᠦᠷᠴᠦ᠂ 《ᠵᠠᠰᠠᠭ ᠎ᠤᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ + ᠣᠯᠠᠨ ᠲᠦᠮᠡᠨ ᠪᠡᠶ᠎ᠡ ᠎ᠪᠡᠨ ᠳᠠᠭᠠᠭᠠᠵᠤ ᠰᠣᠩᠭᠣᠬᠤ》 ᠵᠠᠭ᠍ᠪᠤᠷ᠎ᠢᠶᠠᠷ ᠳᠠᠮᠵᠢᠭᠤᠯᠤᠨ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠶ᠋ᠯᠡᠴᠢᠯᠡᠭᠡ ᠎ᠶ᠋ᠢ 《ᠰᠠᠨᠠᠭᠠᠴᠢᠯᠠᠭ᠎ᠠ ᠥᠬᠡᠶ᠎ᠪᠡᠷ ᠦᠨᠳᠦᠰᠦᠨ ᠵᠦᠶ᠋ᠯ ᠎ᠢ  ᠪᠠᠲᠤᠯᠠᠬᠤ》 ᠡᠴᠠ 《ᠰᠠᠨᠠᠭᠠᠴᠢᠯᠠᠭ᠎ᠠ᠎ᠠᠴᠠ᠎ᠪᠠᠨ ᠴᠢᠳᠠᠪᠤᠷᠢ ᠣᠯᠭᠣᠬᠤ》 ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃

《ᠨᠠᠰᠤᠵᠢᠯ᠎ᠤᠨ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠨᠥᠬᠥᠪᠥᠷᠢ᠎ᠶ᠋ᠢᠨ ᠲᠥᠷᠥᠯ ᠵᠦᠶ᠋ᠯ᠎ᠢ ᠪᠥᠬᠥ᠌ ᠵᠢᠯ᠎ᠦᠨ ᠠᠵᠢᠯ᠎ᠢ ᠳᠠᠢᠴᠢᠯᠠᠬᠤ ᠵᠠᠩᠭᠢᠯᠠᠭ᠎ᠠ᠎ᠶ᠋ᠢᠨ ᠲᠤᠯᠬᠤ ᠴᠡᠭ ᠪᠣᠯᠭᠠᠵᠤ᠂ ᠬᠣᠲᠠ ᠬᠥᠳᠡᠭᠡ᠎ᠶ᠋ᠢ ᠬᠠᠮᠤᠷᠤᠭ᠍ᠰᠠᠨ ᠭᠤᠷᠪᠠᠨ ᠱᠠᠲᠤᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠲᠦᠷᠭᠡᠳᠭᠡᠨ ᠪᠦᠷᠢᠨᠱᠢᠭᠦᠯᠵᠦ᠍᠂ ᠨᠡᠢᠭᠡᠮ ᠲᠣᠭᠣᠷᠢᠭ᠎ᠤᠨ ᠬᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ᠎ᠢ ᠠᠰᠠᠷᠠᠬᠤ ᠦᠶ᠋ᠯᠡᠴᠢᠯᠡᠭᠡᠨ ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠨᠠᠰᠤᠵᠢᠯ ᠎ᠤᠨ ᠪᠠᠢᠭᠤᠯᠤᠮᠵᠢ᠎ᠶ᠋ᠢᠨ ᠡᠵᠡᠩᠨᠡᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ 〈ᠦᠨᠳᠦᠰᠦᠨ ᠵᠦᠶ᠋ᠯ᠎ᠢ ᠪᠠᠲᠤᠯᠠᠬᠤ᠂ ᠨᠡᠢᠳᠡᠮ ᠠᠱᠢᠭ ᠬᠦᠷᠲᠡᠭᠡᠬᠦ᠌᠂ ᠳᠡᠭᠡᠳᠦ ᠲᠠᠰ᠎ᠤᠨ ᠰᠣᠩᠭᠣᠯᠲᠠ᠎ᠲᠠᠶ ᠪᠠᠢᠬᠤ〉 ᠬᠠᠩᠭᠠᠯᠭ᠎ᠠ᠎ᠶ᠋ᠢᠨ ᠪᠠᠢᠷᠢᠱᠢᠯ ᠎ᠢ ᠦᠷᠭᠦᠯᠵᠢᠯᠡᠨ ᠱᠢᠯᠢᠳᠡᠭ᠌ᠵᠢᠭᠦᠯᠦᠨ᠎ᠡ》 ᠬᠡᠵᠤ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠰᠤᠵᠢᠯ᠎ᠤᠨ ᠦᠶ᠋ᠯᠡᠴᠢᠯᠡᠭᠡᠨ ᠎ᠦ ᠭᠠᠵᠠᠷ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号