ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠎ᠶᠢ ᠡᠭᠦᠳᠬᠦ ᠵᠢᠴᠢ ᠠᠵᠤ ᠦᠢᠯᠡᠰ᠎ᠦᠨ ᠰᠢᠨ᠎ᠡ ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ ᠎ᠢ ᠯᠠᠪᠳᠠᠭᠤᠨ ᠵᠢᠡᠷ ᠠᠬᠢᠭᠤᠯᠤᠶ᠎ᠠ
2026-03-23 10:57:33
ᠵᠣᠬᠢᠶᠠᠭ᠍ᠴᠢ᠄
ᠹᠠᠨ ᠰᠢᠶᠣᠣ ᠶᠦᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠄ 《ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠎ᠢ ᠪᠠᠢᠭᠤᠯᠵᠤ᠂ ᠠᠵᠤ ᠦᠢᠯᠡᠰ ᠎ᠦᠨ ᠰᠢᠰᠲᠧᠮ᠎ᠦᠨ ᠪᠦᠬᠦᠯᠢ ᠴᠣᠭᠴᠠ᠎ᠶᠢᠨ ᠳᠡᠭᠡᠭᠰᠢᠯᠡᠯᠲᠡ ᠎ᠶᠢ ᠪᠡᠶᠡᠯᠡᠭᠦᠯᠬᠦ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠴᠢᠬᠤᠯᠠ ᠪᠠᠢᠯᠳᠤᠬᠤ ᠪᠣᠳᠣᠯᠭ᠎ᠠ᠎ᠶᠢᠨ ᠡᠭᠦᠷᠭᠡ ᠮᠥᠨ》 ᠭᠡᠵᠦ ᠵᠢᠭᠠᠵᠤ ᠭᠠᠷᠭᠠᠵᠠᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠂ ᠠᠵᠤ ᠦᠢᠯᠡᠰ ᠪᠣᠯ ᠤᠯᠤᠰ ᠠᠷᠠᠳ᠎ᠤᠨ ᠠᠵᠤ ᠠᠬᠤᠢ᠎ᠶᠢᠨ ᠰᠠᠭᠤᠷᠢ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠬᠦᠳᠬᠦ ᠪᠣᠯᠣᠨ ᠠᠵᠤ ᠦᠢᠯᠡᠰ᠎ᠦᠨ ᠰᠢᠨ᠎ᠡ ᠵᠢ ᠡᠬᠦᠳᠬᠦ᠎ᠶᠢᠨ ᠭᠦᠨᠵᠡᠭᠡᠢ ᠠᠭᠤᠰᠤᠯᠴᠠᠯ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ   《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠎ᠳᠦ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ》 ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠨᠡ ᠨᠢ ᠮᠠᠨ᠎ᠤ ᠤᠯᠤᠰ᠎ᠤᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢ ᠬᠥᠲᠥᠯᠥᠨ ᠳᠠᠭᠠᠭᠤᠯᠬᠤ᠂ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠲᠤᠬᠠᠢ᠎ᠶᠢᠨ ᠭᠠᠵᠠᠷ ᠲᠤᠨᠢ ᠲᠣᠬᠢᠷᠠᠭᠤᠯᠤᠨ ᠬᠥᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠵᠢᠯᠣᠭᠣᠳᠤᠯᠭ᠎ᠠ ᠪᠠ ᠴᠢᠭᠯᠡᠯ ᠬᠠᠩᠭᠠᠭᠰᠠᠨ ᠪᠠᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ ᠎ᠤᠨ ᠴᠠᠭ ᠦᠶ᠎ᠡ᠎ᠶᠢᠨ ᠠᠭᠤᠯᠤᠭᠳᠠᠬᠤᠨ

ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠬᠠᠨᠳᠤᠭᠤᠯᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ᠎ᠳᠤ ᠢᠯᠡ ᠲᠣᠳᠣ᠌ ᠴᠠᠭ ᠦᠶ᠎ᠡ᠎ᠶᠢᠨ ᠠᠬᠤᠢ ᠪᠠᠢᠳᠠᠯ᠎ᠲᠠᠢ ᠪᠣᠯᠵᠠᠢ᠃ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠳᠡᠯᠡᠬᠡᠢ᠎ᠶᠢᠨ ᠪᠠᠢᠳᠠᠯ ᠬᠢᠭᠡᠳ ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠱᠠᠲᠤ ᠦᠶᠡᠴᠢ ᠴᠢᠨᠠᠷᠲᠠᠢ ᠣᠨᠴᠠᠯᠢᠭ᠋ ᠰᠢᠨᠵᠢ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠬᠤ᠎ᠶᠢᠨ ᠴᠢᠬᠤᠯᠠ ᠴᠢᠨᠠᠷ ᠬᠢᠭᠡᠳ ᠲᠤᠯᠭᠠᠮ ᠴᠢᠨᠠᠷ᠎ᠢ ᠬᠠᠮᠲᠤ᠎ᠪᠠᠷ ᠲᠣᠭᠲᠠᠭᠠᠭᠰᠠᠨ ᠪᠠᠢᠨ᠎ᠠ᠃

ᠳᠡᠯᠡᠬᠡᠢ᠎ᠶᠢᠨ ᠣᠷᠴᠢᠨ ᠲᠣᠭᠣᠷᠢᠨ᠎ᠠᠴᠠ ᠦᠵᠡᠪᠡᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠨᠢ ᠨᠢᠭᠡᠨᠲᠡ ᠲᠣᠮᠣ᠌ ᠤᠯᠤᠰ᠎ᠤᠨ ᠥᠷᠢᠰᠦᠯᠳᠦᠭᠡᠨ᠎ᠦ ᠲᠥᠪᠯᠡᠷᠡᠯ᠎ᠦᠨ ᠴᠡᠭ ᠪᠣᠯᠤᠭᠰᠠᠨ ᠪᠠᠢᠨ᠎ᠠ᠃ ᠮᠠᠨ᠎ᠤ ᠤᠯᠤᠰ᠎ᠤᠨ ᠬᠥᠭᠵᠢᠯᠲᠡ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ᠎ᠳᠦ ᠵᠡᠷᠭᠡ᠎ᠪᠡᠷ ᠲᠤᠯᠭᠠᠷᠠᠵᠤ ᠪᠠᠢᠨ᠎ᠠ᠃  ᠨᠠᠷᠢᠨ ᠪᠤᠳᠤᠯᠢᠶᠠᠨᠲᠠᠢ ᠣᠷᠴᠢᠨ ᠨᠥᠬᠥᠴᠡᠯ᠎ᠳᠦ ᠦᠷᠭᠦᠯᠵᠢᠯᠡᠭᠰᠡᠨ  ᠤᠯᠤᠰ᠎ᠤᠨ ᠥᠷᠢᠰᠦᠯᠳᠦᠭᠡᠨ᠎ᠦ ᠳᠠᠪᠠᠭᠤᠯᠢᠭ᠋᠎ᠢ ᠪᠦᠷᠢᠯᠳᠦᠭᠦᠯᠬᠦ᠎ᠳᠦ ᠲᠠᠩ ᠭᠠᠭᠴᠠ ᠮᠡᠷᠭᠡᠵᠢᠯ᠎ᠦᠨ ᠰᠢᠪᠲᠤᠯᠤᠯᠲᠠ ᠪᠤᠶᠤ ᠠᠵᠤ ᠦᠢᠯᠡᠰ᠎ᠦᠨ ᠥᠷᠭᠡᠳᠬᠡᠯ᠎ᠳᠦ ᠲᠦᠰᠢᠭᠯᠡᠵᠦ ᠪᠣᠯᠬᠤ ᠦᠭᠡᠢ᠂ ᠬᠠᠷᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯᠣᠨ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢᠶᠠᠷ ᠳᠠᠮᠵᠢᠨ ᠮᠡᠷᠭᠡᠵᠢᠯ᠎ᠦᠨ ᠳᠠᠪᠰᠢᠯᠲᠠ᠎ᠶᠢ ᠠᠵᠤ ᠦᠢᠯᠡᠰ᠎ᠦᠨ ᠰᠢᠰᠲᠧᠮ᠎ᠦᠨ ᠪᠦᠬᠦ ᠶᠠᠪᠤᠴᠠ᠎ᠳᠤ ᠪᠦᠲᠦᠮᠵᠢᠲᠡᠢ ᠣᠷᠣᠭᠤᠯᠵᠤ᠂ ᠮᠡᠷᠭᠡᠵᠢᠯ ᠂ ᠠᠵᠤ ᠦᠢᠯᠡᠰ ᠪᠣᠯᠣᠨ ᠳᠦᠷᠢᠮ᠎ᠦᠨ ᠬᠠᠮᠵᠢᠯᠴᠠᠨ ᠬᠦᠴᠦᠯᠡᠬᠦ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃ ᠡᠨᠡ ᠪᠣᠯ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠳᠠᠬᠢᠨ ᠪᠠᠢᠭᠤᠯᠤᠯᠲᠠ ᠪᠠ ᠭᠠᠵᠠᠷ ᠣᠷᠣᠨ᠎ᠤ ᠠᠵᠤ ᠠᠬᠤᠢ᠎ᠶᠢᠨ ᠡᠰᠡᠷᠭᠦᠴᠡᠯᠳᠦᠯ ᠰᠢᠷᠦᠭᠦᠰᠴᠦ ᠪᠠᠢᠭ᠎ᠠ ᠠᠬᠤᠢ ᠪᠠᠢᠳᠠᠯ ᠳᠣᠣᠷ᠎ᠠ ᠬᠥᠭᠵᠢᠯᠲᠡ᠎ᠶᠢᠨ ᠤᠶᠠᠨ ᠬᠠᠳᠠᠨ ᠴᠢᠨᠠᠷ᠎ᠢ ᠴᠢᠩᠭᠠᠳᠬᠠᠨ᠂ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃

ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢᠨ ᠱᠠᠲᠤ ᠦᠶ᠎ᠡ᠎ᠡᠴᠡ ᠦᠵᠡᠪᠡᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠬᠦᠳᠬᠦ  ᠪᠣᠯᠣᠨ ᠠᠵᠤ ᠦᠢᠯᠡᠰ᠎ᠦᠨ ᠰᠢᠨ᠎ᠡ ᠵᠢ ᠡᠬᠦᠳᠬᠦ ᠵᠢᠨ ᠭᠦᠨᠵᠡᠭᠡᠢ ᠠᠭᠤᠰᠤᠯᠴᠠᠯ ᠨᠢ ᠲᠡᠦᠬᠡ᠎ᠶᠢᠨ ᠵᠠᠢᠯᠠᠰᠢ ᠦᠭᠡᠢ ᠴᠢᠨᠠᠷ᠎ᠲᠠᠢ ᠶᠤᠮ᠃ 2025 ᠣᠨ᠎ᠳᠤ ᠮᠠᠨ᠎ᠤ ᠤᠯᠤᠰ᠎ᠤᠨ GDP 140 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠬᠦ ᠬᠤᠪᠢ ᠨᠡᠮᠡᠷᠢ ᠵᠢᠱ᠌ᠢᠯᠲᠡ᠎ᠪᠡᠷ 30% ᠎ᠳᠦ ᠬᠦᠷᠬᠦ ᠪᠣᠯᠣᠨ᠎ᠠ᠃ ᠡᠨᠡ ᠬᠦ᠌ ᠱᠠᠲᠤᠨ᠎ᠳᠤ ᠮᠠᠨ᠎ᠤ ᠤᠯᠤᠰ ᠨᠢᠭᠡᠨᠲᠡ ᠪᠦᠬᠦ ᠪᠥᠮᠪᠥᠷᠴᠡᠭ᠎ᠦᠨ ᠦᠷᠳᠡᠭ᠎ᠦᠨ ᠬᠡᠯᠬᠢᠶ᠎ᠡ᠎ᠶᠢᠨ ᠭᠦᠨᠵᠡᠭᠡᠢ 《ᠣᠷᠣᠯᠴᠠᠭ᠍ᠴᠢ》 ᠪᠠᠢᠭᠰᠠᠨ᠎ᠠᠴᠠ᠎ᠪᠠᠨ ᠠᠯᠬᠤᠮ ᠠᠯᠬᠤᠮ᠎ᠢᠶᠠᠷ ᠵᠠᠩᠭᠢᠯᠠᠭ᠎ᠠ᠎ᠶᠢᠨ ᠭᠣᠭᠴᠣᠭ᠎ᠠ ᠪᠣᠯᠣᠨ ᠭᠣᠣᠯ ᠬᠦᠷᠢᠶᠡᠨ᠎ᠦ 《ᠥᠷᠢᠰᠦᠯᠳᠦᠭᠴᠢ》 ᠴᠢᠨᠠᠭᠰᠢᠯᠠᠪᠠᠯ 《ᠴᠣᠭᠴᠠᠯᠠᠭ᠍ᠴᠢ》 ᠪᠣᠯᠵᠤ᠂ ᠪᠦᠬᠦ ᠪᠥᠮᠪᠥᠷᠴᠡᠭ ᠎ᠦᠨ ᠠᠵᠤ ᠦᠢᠯᠡᠰ᠎ᠦᠨ ᠪᠠᠢᠷᠢᠰᠢᠯ᠎ᠳᠠᠬᠢ ᠦᠭᠡ ᠬᠡᠯᠡᠬᠦ ᠡᠷᠬᠡ ᠲᠠᠰᠤᠷᠠᠯᠳᠠ ᠦᠭᠡᠢ ᠳᠡᠭᠡᠭᠰᠢᠯᠡᠪᠡ᠃ ᠭᠡᠪᠡᠴᠦ ᠶᠡᠷᠦᠩᠬᠡᠢ ᠳ᠋ᠦ᠍ᠨᠢ ᠠᠪᠴᠤ ᠦᠵᠡᠪᠡᠯ ᠮᠠᠨ᠎ᠤ ᠤᠯᠤᠰ᠎ᠤᠨ ᠠᠵᠤ ᠦᠢᠯᠡᠰ᠎ᠦᠨ ᠬᠡᠯᠬᠢᠶ᠎ᠡ᠎ᠶᠢᠨ 《ᠶᠡᠬᠡ ᠪᠣᠯᠪᠠᠴᠤ ᠬᠦᠴᠦᠷᠬᠡᠭ ᠪᠢᠰᠢ᠂ ᠬᠡᠯᠬᠢᠶ᠎ᠡ ᠲᠣᠭᠲᠠᠭᠤᠨ ᠪᠢᠰᠢ》 ᠪᠦᠲᠦᠴᠡ᠎ᠶᠢᠨ ᠴᠢᠨᠠᠷᠲᠠᠢ ᠵᠥᠷᠢᠴᠡᠯ ᠮᠥᠨ ᠯᠡ ᠲᠣᠪᠣᠢᠮ᠎ᠠ ᠪᠠᠢᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠬᠦᠷᠢᠶᠡᠨ᠎ᠳᠡᠬᠢ 《ᠲᠡᠭᠰᠢ ᠭᠡᠮᠲᠦ ᠪᠤᠰᠤ ᠲᠦᠰᠢᠭᠯᠡᠬᠦ》 ᠠᠰᠠᠭᠤᠳᠠᠯ ᠬᠠᠷᠠᠬᠠᠨ ᠦᠨᠳᠦᠰᠦᠨ᠎ᠡᠴᠡ᠎ᠪᠡᠨ ᠬᠤᠪᠢᠷᠠᠭᠠᠳᠤᠢ ᠪᠠᠢᠵᠤ᠂ ᠠᠵᠤ ᠦᠢᠯᠡᠰ ᠦᠷᠳᠡᠭ ᠎ᠦᠨ ᠬᠡᠯᠬᠢᠶ᠎ᠡ᠎ᠶᠢᠨ ᠳᠤᠮᠳᠠ ᠳᠡᠭᠡᠳᠦ ᠲᠡᠰ ᠳᠠᠢᠰᠢ ᠳᠠᠪᠠᠯᠲᠠ ᠶ᠋ᠢ ᠪᠡᠶᠡᠯᠡᠬᠦᠯᠬᠦ ᠵᠢ ᠬᠢᠵᠠᠭᠠᠷᠯᠠᠬᠤ ᠦᠨᠳᠦᠰᠦᠨ ᠬᠠᠷᠰᠢ ᠰᠠᠭᠠᠳ ᠪᠣᠯᠵᠤ ᠪᠠᠢᠨ᠎ᠠ᠃  ᠡᠨᠡ ᠬᠦ᠌ ᠠᠬᠤᠢ ᠪᠠᠢᠳᠠᠯ ᠳᠣᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠬᠦᠳᠬᠦ ᠪᠣᠯᠣᠨ ᠠᠵᠤ ᠦᠢᠯᠡᠰ᠎ᠦᠨ ᠰᠢᠨ᠎ᠡ ᠵᠢ ᠡᠬᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠡᠷᠴᠢᠮ᠎ᠢᠶᠡᠨ ᠴᠢᠩᠭᠠᠷᠠᠭᠤᠯᠵᠤ᠂ 《ᠰᠢᠨ᠎ᠡ ᠬᠡᠯᠪᠡᠷᠢ᠎ᠶᠢᠨ ᠤᠯᠤᠰ᠎ᠤᠨ ᠪᠠᠢᠭᠤᠯᠤᠯ》᠎ᠦᠨ ᠵᠠᠩᠭᠢᠯᠠᠭ᠎ᠠ᠎ᠶᠢᠨ ᠬᠦᠷᠢᠶᠡᠨ᠎ᠳᠦ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠬᠤ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠲᠤ ᠲᠦᠰᠢᠭᠯᠡᠨ  ᠮᠡᠷᠭᠡᠵᠢᠯ᠎ᠦᠨ ᠰᠢᠪᠲᠤᠯᠤᠯᠲᠠ᠎ᠶᠢ ᠠᠵᠤ ᠦᠢᠯᠡᠰ᠎ᠦᠨ ᠴᠢᠳᠠᠪᠤᠷᠢ ᠪᠣᠯᠭᠠᠨ ᠬᠤᠪᠢᠷᠠᠭᠤᠯᠬᠤ ᠵᠠᠩᠭᠢᠯᠠᠭ᠎ᠠ᠎ᠶᠢᠨ ᠵᠠᠮ᠎ᠢ ᠲᠦᠷᠭᠡᠨ ᠨᠠᠪᠲᠠᠷᠡᠭᠦᠯᠬᠦ ᠨᠢ ᠬᠥᠭᠵᠢᠯᠲᠡ᠎ᠶᠢᠨ ᠪᠣᠭᠣᠮᠢ᠎ᠶᠢ ᠡᠪᠳᠡᠬᠦ ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢᠨ ᠵᠠᠢᠯᠠᠰᠢ ᠦᠭᠡᠢ ᠵᠠᠮ ᠪᠣᠯᠤᠭᠰᠠᠨ ᠪᠠᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠭᠰᠠᠨ ᠦᠢᠯᠡᠳᠦᠯᠭᠡ᠎ᠶᠢᠨ ᠠᠷᠭ᠎ᠠ ᠵᠠᠮ

ᠰᠢᠨ᠎ᠡ᠎ᠶᠢ ᠡᠭᠦᠳᠬᠦ᠎ᠶᠢ ᠪᠡᠶᠡᠯᠡᠭᠦᠯᠬᠦ ᠨᠢ ᠤᠯᠤᠰ᠎ᠤᠨ ᠰᠢᠨ᠎ᠡ᠎ᠶᠢ ᠡᠭᠦᠳᠬᠦ ᠰᠢᠰᠲᠧᠮ᠎ᠳᠦ ᠲᠦᠰᠢᠭᠯᠡᠨ᠎ᠡ᠃ ᠡᠨᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯᠣᠨ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ ᠬᠡᠷᠡᠭᠲᠡᠢ ᠭᠡᠳᠡᠭ᠎ᠢ ᠲᠣᠭᠲᠠᠭᠠᠪᠠ᠃ ᠣᠳᠣᠬᠠᠨ᠎ᠳᠤ ᠭᠣᠣᠯᠳᠠᠯᠭ᠎ᠠ᠎ᠪᠠᠨ ᠭᠤᠷᠪᠠᠨ ᠶᠡᠬᠡ ᠬᠦᠴᠦᠯᠡᠬᠦ ᠴᠡᠭ᠎ᠲᠦ ᠲᠠᠯᠪᠢᠪᠠᠯ ᠵᠣᠬᠢᠨ᠎ᠠ᠃

ᠨᠢᠭᠡᠳᠦᠭᠡᠷ᠎ᠲᠦ᠂ 《ᠬᠡᠯᠬᠢᠶ᠎ᠡ᠎ᠶᠢᠨ ᠡᠵᠡᠨ》 ᠠᠵᠤ ᠠᠬᠤᠢᠯᠠᠯ᠎ᠢᠶᠠᠷ ᠲᠦᠪ ᠪᠣᠯᠭᠠᠵᠤ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠬᠦ᠎ᠳᠦ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠵᠤ᠂ 《ᠬᠡᠯᠬᠢᠶ᠎ᠡ᠎ᠶᠢᠨ ᠡᠵᠡᠨ》 ᠠᠵᠤ ᠠᠬᠤᠢᠯᠠᠯ᠎ᠤᠨ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ 《 ᠬᠡᠯᠬᠢᠶ᠎ᠡ᠎ᠶᠢᠨ ᠡᠵᠡᠨ》 ᠠᠵᠤ ᠠᠬᠤᠢᠯᠠᠯ ᠨᠢ ᠶᠡᠷᠦ᠎ᠳᠡᠭᠡᠨ ᠨᠠᠩ ᠴᠢᠩᠭ᠎ᠠ ᠡᠬᠢ ᠪᠠᠶᠠᠯᠢᠭ᠋᠎ᠢ ᠲᠣᠬᠢᠷᠠᠭᠤᠯᠬᠤ ᠴᠢᠳᠠᠪᠤᠷᠢ ᠪᠣᠯᠣᠨ ᠬᠠᠮᠵᠢᠯᠴᠠᠨ ᠵᠣᠬᠢᠶᠠᠨ ᠪᠠᠶ᠋ᠢᠭᠤᠯᠬᠤ ᠴᠢᠳᠠᠪᠤᠷᠢ᠎ᠲᠠᠢ ᠪᠠᠢᠵᠤ᠂ ᠠᠵᠤ ᠦᠢᠯᠡᠰ᠎ᠦᠨ ᠬᠡᠯᠬᠢᠶ᠎ᠡ᠎ᠶᠢᠨ ᠲᠠᠰ ᠳᠡᠪᠰᠢᠬᠦ᠎ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠭᠤᠰᠤᠯᠴᠠᠯ᠎ᠤᠨ ᠬᠤᠮᠠᠬᠢ ᠲᠣᠭᠲᠠᠴᠠ᠎ᠶᠢ ᠬᠥᠭᠵᠢᠭᠡᠬᠦ ᠴᠢᠬᠤᠯᠠ ᠠᠴᠢᠶᠠᠯᠠᠪᠤᠷᠢ ᠪᠣᠯᠣᠨ᠎ᠠ᠃ ᠠᠵᠤ ᠦᠢᠯᠡᠰ᠎ᠦᠨ ᠰᠢᠨ᠎ᠡ᠎ᠶᠢ ᠡᠭᠦᠳᠬᠦ ᠠᠮᠢ ᠠᠬᠤᠢ᠎ᠶᠢᠨ ᠰᠢᠰᠲᠧᠮ᠎ᠦᠨ ᠬᠠᠷᠠᠭᠠᠰᠤ᠎ᠠᠴᠠ ᠦᠵᠡᠪᠡᠯ᠂ 《 ᠭᠡᠯᠬᠢᠶ᠎ᠡ ᠵᠢᠨ ᠡᠵᠡᠨ》 ᠠᠵᠤ ᠠᠬᠤᠢᠯᠠᠯ ᠨᠢ ᠶᠡᠷᠦ ᠨᠢ 《ᠪᠦᠲᠦᠴᠡ ᠬᠢᠭᠡᠳ ᠨᠠᠢᠷᠠᠭᠤᠯᠤᠨ ᠵᠢᠭ᠍ᠰᠠᠭᠠᠬᠤ》 ᠴᠢᠳᠠᠮᠵᠢ᠎ᠶᠢ ᠡᠭᠦᠷᠭᠡᠯᠡᠵᠦ᠂ ᠳᠦᠷᠢᠮ᠎ᠲᠣᠭᠳᠠᠭᠠᠬᠣ ᠲᠥᠯᠥᠪᠯᠡᠬᠦ᠂ ᠵᠣᠯᠭᠠᠯᠴᠠᠭᠣᠯᠬᠣ ᠪᠠᠷᠢᠮᠵᠢᠶ᠎ᠠ᠎ᠶᠢ ᠲᠣᠭᠲᠠᠭᠠᠬᠤ ᠬᠢᠭᠡᠳ ᠲᠠᠪᠴᠠᠩᠵᠢᠭᠤᠯᠤᠨ ᠬᠠᠮᠵᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ ᠠᠮᠢ ᠠᠬᠤᠢ᠎ᠶᠢᠨ ᠳᠣᠲᠣᠭᠠᠳᠣ ᠵᠢᠨ ᠡᠯ᠎ᠡ ᠲᠥᠷᠥᠯ᠎ᠦᠨ ᠭᠣᠣᠯ ᠴᠣᠭᠴᠠ᠎ᠶᠢᠨ ᠦᠶ᠋ᠯᠡ ᠠᠵᠢᠯᠯᠠᠭ᠎ᠠ᠎ᠶᠢᠨ ᠵᠠᠭᠠᠭ ᠬᠢᠵᠠᠭᠠᠷ ᠬᠢᠭᠡᠳ ᠬᠠᠮᠵᠢᠯᠴᠠᠬᠤ ᠵᠠᠭᠪᠤᠷ᠎ᠢ ᠪᠣᠶ ᠪᠣᠯᠭᠠᠳᠠᠭ᠃ 《ᠬᠡᠯᠬᠢᠶ᠎ᠡ᠎ᠶᠢᠨ ᠡᠵᠡᠨ》 ᠠᠵᠤ ᠠᠬᠤᠢᠯᠠᠯ ᠨᠢ ᠮᠡᠷᠭᠡᠵᠢᠯ᠎ᠦᠨ ᠪᠠᠷᠢᠮᠵᠢᠶ᠎ᠠ᠎ᠶᠢ ᠳᠡᠭᠡᠭᠰᠢᠯᠡᠭᠦᠯᠬᠦ ᠪᠤᠶᠤ ᠰᠢᠨ᠎ᠡ ᠦᠢᠯᠡᠳᠬᠦᠨ᠎ᠦ ᠪᠠᠷᠢᠮᠵᠢᠶ᠎ᠠ ᠲᠣᠭᠲᠠᠭᠠᠬᠤ ᠦᠶ᠎ᠡ᠎ᠳᠦ  ᠬᠡᠯᠬᠢᠶ᠎ᠡ ᠎ᠳᠡᠬᠢ ᠳᠤᠮᠳᠠ ᠵᠢᠵᠢᠭ ᠠᠵᠤ ᠠᠬᠤᠢᠯᠠᠯ ᠨᠢ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠷᠢᠴᠠᠭ᠎ᠠ ᠎ᠶᠢ ᠲᠣᠭᠲᠠᠭᠤᠨ ᠪᠠᠢᠯᠭᠠᠬᠤ᠎ᠶᠢᠨ ᠬᠠᠮᠲᠤ ᠲᠣᠰ ᠪᠡᠶ᠎ᠡ᠎ᠶᠢᠨ ᠥᠷᠢᠰᠦᠯᠳᠦᠬᠦ ᠬᠦᠴᠦᠨ᠎ᠢᠶᠡᠨ ᠪᠠᠲᠤᠯᠠᠬᠤ᠎ᠶᠢᠨ ᠲᠥᠯᠥᠭᠡ ᠶᠡᠷᠦ᠎ᠳᠡᠭᠡᠨ ᠰᠤᠳᠤᠯᠤᠨ ᠨᠡᠭᠡᠭᠡᠬᠦ ᠬᠢᠭᠡᠳ ᠤᠷ᠎ᠠ ᠮᠡᠷᠭᠡᠰᠢᠯ᠎ᠦᠨ ᠣᠷᠣᠭᠤᠯᠤᠯᠲᠠ᠎ᠪᠠᠨ ᠵᠣᠬᠢᠴᠠᠩᠭᠤᠢ᠎ᠪᠠᠷ ᠲᠣᠬᠢᠷᠠᠭᠤᠯᠵᠤ᠂ ᠪᠠᠷᠢᠮᠵᠢᠶ᠎ᠠ᠎ᠶᠢᠨ ᠱᠠᠭᠠᠷᠳᠠᠯᠭ᠎ᠠ ᠎ᠶᠢ ᠬᠠᠩᠭᠠᠬᠤ ᠎ᠪᠠᠷ ᠳᠠᠮᠵᠢᠨ ᠦᠢᠯᠡᠳᠬᠦᠨ ᠬᠢᠭᠡᠳ ᠴᠢᠳᠠᠪᠤᠷᠢ᠎ᠶᠢᠨ ᠰᠣᠯᠢᠭ᠍ᠳᠠᠯ ᠎ᠢ ᠪᠡᠶᠡᠯᠡᠭᠦᠯᠵᠦ᠂ ᠡᠭᠦᠨ᠎ᠦ ᠤᠯᠠᠮ᠎ᠠᠴᠠ ᠠᠵᠤ ᠦᠢᠯᠡᠰ᠎ᠦᠨ ᠬᠡᠯᠬᠢᠶ᠎ᠡ᠎ᠶᠢᠨ ᠳᠣᠲᠣᠭᠠᠳᠤ᠎ᠳᠤ ᠬᠡᠯᠬᠢᠶ᠎ᠡ᠎ᠪᠡᠷ ᠭᠣᠣᠯ ᠤᠳᠤᠷᠢᠳᠤᠮᠵᠢ ᠪᠣᠯᠭᠠᠭᠰᠠᠨ ᠰᠢᠨ᠎ᠡ᠎ᠶᠢ ᠡᠭᠦᠳᠬᠦ ᠲᠠᠷᠬᠠᠯᠲᠠ ᠬᠢᠭᠡᠳ ᠬᠠᠮᠵᠢᠯᠴᠠᠨ ᠲᠠᠰ ᠳᠡᠪᠰᠢᠬᠦ ᠲᠣᠭᠲᠠᠴᠠ᠎ᠶᠢ ᠪᠣᠶ ᠪᠣᠯᠭᠠᠳᠠᠭ᠃ ᠡᠢᠮᠦᠷᠬᠦᠦ 《ᠲᠣᠮᠣ᠌ ᠠᠵᠤ ᠠᠬᠤᠢᠯᠠᠯ ᠲᠠᠪᠴᠠᠩ ᠪᠠᠢᠭᠤᠯᠵᠤ᠂ ᠳᠤᠮᠳᠠ ᠵᠢᠵᠢᠭ ᠠᠵᠤ ᠠᠬᠤᠢᠯᠠᠯ ᠰᠢ ᠳᠠᠭᠤᠯᠠᠬᠤ》 ᠬᠠᠮᠲᠤ᠎ᠪᠠᠷ ᠣᠷᠣᠰᠢᠬᠤ ᠵᠠᠭᠪᠤᠷ ᠨᠢ ᠰᠠᠭᠤᠷᠢ ᠰᠤᠳᠤᠯᠭᠠᠨ᠂ ᠬᠡᠷᠡᠭᠯᠡᠭᠡᠨ᠎ᠦ ᠨᠡᠭᠡᠭᠡᠨ ᠬᠥᠭᠵᠢᠭᠦᠯᠦᠯᠲᠡ ᠬᠢᠭᠡᠳ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠦᠬᠦ ᠬᠡᠯᠬᠢᠶ᠎ᠡ᠎ᠶᠢ ᠪᠦᠲᠦᠮᠵᠢᠲᠡᠢ ᠨᠠᠪᠲᠠᠷᠡᠭᠦᠯᠵᠦ᠂ ᠰᠢᠨ᠎ᠡ᠎ᠶᠢ ᠡᠭᠦᠳᠬᠦ ᠡᠯᠧᠮᠧᠨ᠋ᠲ᠎ᠦᠨ ᠰᠢᠯᠢᠳᠡᠭᠵᠢᠨ ᠲᠣᠬᠢᠷᠠᠭᠤᠯᠤᠭᠳᠠᠬᠤ᠎ᠶᠢ ᠠᠬᠢᠭᠤᠯᠵᠤ ᠴᠢᠳᠠᠨ᠎ᠠ᠃

ᠬᠣᠶᠠᠳᠤᠭᠠᠷ᠎ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡ᠎ᠶᠢ ᠬᠥᠭᠵᠢᠭᠦᠯᠵᠦ᠂ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ — ᠠᠵᠤ ᠦᠢᠯᠡᠰ —ᠮᠥᠩᠭᠥᠨ ᠭᠦᠢᠯᠭᠡᠭᠡ》 ᠎ᠵᠢᠨ ᠣᠷᠴᠢᠯ᠎ᠢ ᠰᠢᠯᠤᠭᠤᠳᠬᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠦᠨ ᠵᠠᠩᠭᠢᠯᠠᠭ᠎ᠠ ᠨᠢ 《 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ — ᠠᠵᠤ ᠦᠢᠯᠡᠰ — ᠮᠥᠩᠭᠥᠨ ᠭᠦᠢᠯᠭᠡᠭᠡ》 ᠵᠢᠨ ᠬᠣᠭᠣᠷᠣᠨᠳᠣᠬᠢ ᠪᠡᠬᠢᠯᠡᠯᠲᠡ᠎ᠶᠢ ᠪᠦᠲᠦᠮᠵᠢᠲᠡᠢ ᠨᠠᠪᠲᠠᠷᠡᠭᠦᠯᠵᠦ᠂ ᠬᠠᠷᠢᠯᠴᠠᠨ ᠰᠢᠮ᠎ᠡ ᠲᠡᠵᠢᠭᠡᠯ ᠬᠦᠷᠲᠡᠭᠡᠬᠦ᠂ ᠬᠠᠮᠵᠢᠯᠴᠠᠨ ᠬᠠᠮᠲᠤ᠎ᠪᠠᠷ ᠤᠷᠤᠭᠰᠢᠯᠠᠬᠤ ᠰᠠᠢᠨ ᠣᠷᠴᠢᠯ᠎ᠤᠨ ᠰᠢᠰᠲᠧᠮ᠎ᠢ ᠪᠠᠶ᠋ᠢᠭᠤᠯᠬᠤ᠎ᠳᠤ ᠪᠠᠢᠨ᠎ᠠ᠃ ᠡᠨᠡ ᠨᠢ ᠪᠠᠰᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠦ ᠬᠥᠭᠵᠢᠯᠲᠡ᠎ᠳᠦ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠮᠥᠩᠭᠥᠨ ᠭᠦᠢᠯᠭᠡᠭᠡᠨ᠎ᠢᠶᠡᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠳᠡᠮᠵᠢᠬᠦ᠎ᠳᠦ ᠮᠥᠩᠭᠥᠨ ᠭᠦᠢᠯᠭᠡᠭᠡᠨ᠎ᠦ ᠰᠢᠰᠲᠧᠮ ᠨᠢ ᠰᠢᠨ᠎ᠡ᠎ᠶᠢ ᠡᠭᠦᠳᠬᠦ᠎ᠳᠦ ᠬᠥᠳᠡᠯᠦᠩᠭᠦᠢ᠎ᠪᠡᠷ ᠦᠨ᠎ᠡ ᠲᠣᠭᠲᠠᠭᠠᠬᠤ᠎ᠶᠢ ᠱᠠᠭᠠᠷᠳᠠᠵᠤ᠂ ᠳᠠᠯᠳᠠ ᠬᠥᠷᠥᠩᠭᠡ᠎ᠶᠢᠨ ᠢᠲᠡᠭᠡᠮᠵᠢ᠎ᠶᠢᠨ ᠲᠠᠰ ᠨᠡᠮᠡᠭᠳᠡᠭᠦᠯᠬᠦ ᠦᠢᠯᠡᠳᠦᠯ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ ᠨᠢ ᠳᠠᠯᠳᠠ ᠬᠥᠷᠥᠩᠭᠡ᠎ᠶᠢᠨ ᠥᠷᠲᠡᠭ᠎ᠢ ᠵᠢᠱ᠌ᠢᠬᠦ ᠵᠢᠴᠢ ᠲᠤᠰᠬᠠᠢ ᠠᠰᠢᠭ᠋ ᠵᠡᠷᠭᠡ ᠰᠢᠨ᠎ᠡ᠎ᠶᠢ ᠡᠭᠦᠳᠬᠦ ᠬᠦᠴᠦᠨ ᠵᠦᠢᠯ᠎ᠦᠨ ᠬᠡᠮᠵᠢᠶᠡᠵᠢᠭᠦᠯᠦᠨ ᠵᠠᠳᠠᠯᠤᠯᠲᠠ ᠬᠢᠬᠦ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢ ᠬᠠᠷᠠᠭᠤᠯᠵᠤ ᠪᠣᠶ᠃ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠬᠥᠭᠵᠢᠯᠲᠡ᠎ᠶᠢ ᠳᠠᠭᠠᠯᠳᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠦ ᠣᠨᠣᠯ ᠴᠤ᠌ ᠲᠠᠰᠤᠷᠠᠯᠲᠠ ᠦᠭᠡᠢ ᠰᠢᠨ᠎ᠡ᠎ᠶᠢ ᠡᠭᠦᠳᠬᠦ ᠴᠢᠬᠤᠯᠠᠲᠠᠢ ᠪᠣᠯᠵᠠᠢ᠂ ᠢᠯᠠᠩᠭᠤᠶ᠎ᠠ ᠬᠡᠮᠵᠢᠭᠳᠡᠯ ᠵᠢᠱ᠌ᠢᠬᠦ ᠠᠷᠭ᠎ᠠ ᠨᠢ ᠲᠣᠭᠲᠠᠩᠭᠤᠢ ᠪᠠᠢᠳᠠᠯ᠎ᠠᠴᠠ ᠬᠥᠳᠡᠯᠦᠩᠭᠦᠢ ᠪᠠᠢᠳᠠᠯ᠎ᠳᠤ ᠰᠢᠯᠵᠢᠬᠦ᠎ᠶᠢ ᠪᠡᠶᠡᠯᠡᠭᠦᠯᠵᠦ᠂ ᠬᠥᠳᠡᠯᠦᠩᠭᠦᠢ ᠬᠡᠮᠵᠢᠭᠳᠡᠯ ᠵᠢᠱ᠌ᠢᠬᠦ ᠵᠠᠭᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠷᠭᠡᠵᠢᠯ᠎ᠦᠨ ᠥᠷᠲᠡᠭ᠎ᠢ ᠦᠨᠡᠯᠡᠨ ᠵᠢᠱ᠌ᠢᠬᠦ᠎ᠶᠢᠨ ᠣᠨᠣᠪᠴᠢᠲᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠨ᠎ᠦ ᠬᠠᠮᠲᠤ ᠲᠠᠩ ᠭᠠᠭᠴᠠ ᠮᠥᠩᠭᠥᠨ ᠭᠦᠢᠯᠭᠡᠭᠡᠨ᠎ᠦ ᠪᠡᠶᠡᠴᠢ ᠴᠣᠭᠴᠠ ᠨᠢ ᠰᠢᠨ᠎ᠡ᠎ᠶᠢ ᠡᠭᠦᠳᠬᠦ ᠲᠦᠭᠰᠢᠭᠦᠷᠢ᠎ᠶᠢ ᠡᠭᠦᠷᠭᠡᠯᠡᠬᠦ᠎ᠳᠦ ᠪᠡᠷᠬᠡᠲᠡᠢ ᠪᠠᠢᠬᠤ᠎ᠶᠢ ᠪᠣᠳᠣᠯᠬᠢᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠪᠠᠰᠠ ᠰᠢᠨ᠎ᠡ᠎ᠶᠢ ᠡᠭᠦᠳᠬᠦ ᠲᠦᠭᠰᠢᠭᠦᠷᠢ᠎ᠶᠢ ᠠᠳᠠᠯᠢ ᠪᠤᠰᠤ ᠮᠥᠩᠭᠥᠨ ᠭᠦᠢᠯᠭᠡᠭᠡᠨ᠎ᠦ ᠪᠡᠶᠡᠴᠢ ᠴᠣᠭᠴᠠ ᠂ ᠠᠳᠠᠯᠢ ᠪᠤᠰᠤ ᠱᠠᠲᠤᠨ᠎ᠤ ᠬᠣᠭᠣᠷᠣᠨᠳᠤ ᠪᠦᠲᠦᠮᠵᠢᠲᠡᠢ᠎ᠪᠡᠷ ᠬᠤᠪᠢᠶᠠᠨ ᠡᠭᠦᠷᠭᠡᠯᠡᠬᠦ᠎ᠶᠢ ᠪᠡᠶᠡᠯᠡᠭᠦᠯᠬᠦ ᠴᠢᠬᠤᠯᠠᠲᠠᠢ ᠪᠠᠢᠨ᠎ᠠ᠃ ᠡᠭᠦᠨ᠎ᠡᠴᠡ ᠭᠠᠳᠠᠨ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠦᠭᠰᠢᠭᠦᠷᠢ ᠨᠢ ᠪᠠᠰᠠ ᠱᠠᠲᠤ ᠠᠯᠤᠰᠯᠠᠨ ᠤᠯᠠᠷᠢᠨ ᠬᠤᠪᠢᠰᠬᠤ ᠢᠯᠡᠳᠲᠡ ᠣᠨᠴᠠᠯᠢᠭ᠋᠎ᠢ ᠢᠯᠡᠷᠡᠭᠦᠯᠵᠦ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠂ ᠲᠤᠷᠰᠢᠬᠤ᠎ᠠᠴᠠ ᠠᠵᠤ ᠦᠢᠯᠡᠰᠵᠢᠭᠦᠯᠬᠦ ᠬᠦᠷᠲᠡᠯᠡᠬᠢ ᠲᠦᠭᠰᠢᠭᠦᠷᠢ᠎ᠶᠢᠨ ᠪᠦᠲᠦᠴᠡ᠎ᠳᠦ ᠦᠷᠭᠦᠯᠵᠢᠯᠡᠨ ᠬᠤᠪᠢᠷᠠᠯᠲᠠ ᠭᠠᠷᠴᠤ᠂ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠵᠥᠷᠢᠶᠡᠲᠦ ᠠᠷᠭ᠎ᠠ ᠪᠣᠳᠣᠯᠭ᠎ᠠ᠎ᠶᠢ ᠪᠦᠷᠢᠯᠳᠦᠭᠦᠯᠬᠦ᠎ᠶᠢ ᠱᠠᠭᠠᠷᠳᠠᠵᠤ ᠪᠠᠢᠨ᠎ᠠ᠃

ᠭᠤᠷᠪᠠᠳᠤᠭᠠᠷ᠎ᠲᠤ᠂ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠶᠢᠨ ᠰᠢᠨ᠎ᠡ᠎ᠶᠢ ᠡᠭᠦᠳᠴᠦ᠂ ᠪᠠᠲᠤ ᠪᠡᠬᠢ ᠳᠦᠷᠢᠮ᠎ᠦᠨ ᠪᠠᠲᠤᠯᠠᠭ᠎ᠠ ᠬᠠᠩᠭᠠᠨ᠎ᠠ᠃ ᠠᠵᠤ ᠦᠢᠯᠡᠰ᠎ᠦᠨ ᠬᠥᠭᠵᠢᠯᠲᠡ᠎ᠶᠢᠨ ᠡᠬᠢᠨ᠎ᠦ ᠬᠤᠭᠤᠴᠠᠭ᠎ᠠ ᠪᠠ ᠵᠠᠬ᠎ᠠ ᠳᠡᠯᠭᠡᠭᠦᠷ᠎ᠦᠨ ᠲᠣᠭᠲᠠᠴᠠ ᠲᠡᠭᠦᠯᠳᠡᠷᠵᠢᠭᠡᠳᠦᠢ ᠱᠠᠲᠤ ᠦᠶ᠎ᠡ᠎ᠳᠦ ᠠᠵᠤ ᠦᠢᠯᠡᠰ ᠎ᠦᠨ ᠲᠥᠷᠥ᠎ᠶᠢᠨ ᠪᠣᠳᠣᠯᠭ᠎ᠠ ᠨᠢ  ᠲᠦᠰᠦᠪᠯᠡᠵᠦ ᠲᠣᠭᠳᠠᠭᠠᠬᠣ ᠵᠢ ᠰᠢᠨᠵᠢᠯᠡᠬᠦ ᠤᠬᠠᠭᠠᠨᠴᠢ᠎ᠪᠠᠷ ᠤᠷᠮᠠᠰᠢᠭᠤᠯᠬᠣ  ᠪᠠ ᠲᠣᠳᠣᠷᠬᠠᠢ ᠳᠣᠬᠢᠶ᠎ᠠ ᠥᠭᠬᠦ᠎ᠪᠡᠷ ᠳᠠᠮᠵᠢᠨ ᠬᠥᠷᠥᠩᠭᠡ᠂ ᠢᠲᠡᠭᠡᠮᠵᠢᠲᠦ ᠵᠢᠭᠡᠯᠡᠯᠭᠡ ᠵᠡᠷᠭᠡ ᠡᠯ᠎ᠡ ᠲᠥᠷᠥᠯ᠎ᠦᠨ ᠬᠦᠴᠦᠨ ᠵᠦᠢᠯ᠎ᠢ ᠬᠥᠲᠥᠯᠥᠨ ᠵᠢᠯᠤᠭᠣᠳᠴᠤ ᠪᠠᠢᠭᠠᠳ ᠰᠢᠨ᠎ᠡ᠎ᠶᠢ ᠡᠭᠦᠳᠬᠦ ᠬᠦᠷᠢᠶ᠎ᠡ ᠴᠠᠷᠠᠭ᠎ᠠ ᠲᠡᠢᠰᠢ ᠰᠢᠯᠵᠢᠭᠦᠯᠵᠦ᠂ ᠠᠵᠤ ᠠᠬᠤᠢᠯᠠᠯ᠎ᠤᠨ ᠰᠢᠨ᠎ᠡ᠎ᠶᠢ ᠡᠭᠦᠳᠴᠦ ᠪᠡᠯᠡ ᠲᠣᠬᠢᠷᠠᠭᠤᠯᠬᠤ ᠬᠢᠵᠠᠭᠠᠷᠯᠠᠯ᠎ᠢ ᠪᠦᠲᠦᠮᠵᠢᠲᠡᠶ ᠨᠠᠮᠳᠠᠭᠤᠯᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠪᠠ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠤᠨ᠎ᠠ; ᠰᠢᠨᠵᠢᠯᠡᠬᠦ ᠤᠬᠠᠭᠠᠨ᠎ᠤ ᠰᠤᠳᠤᠯᠤᠯ᠎ᠤᠨ ᠠᠵᠢᠯᠯᠠᠭ᠎ᠠ ᠥᠷᠨᠢᠭᠦᠯᠬᠦ ᠪᠠ ᠳᠡᠭᠡᠳᠦ ᠲᠠᠰ᠎ᠤᠨ ᠴᠢᠳᠠᠪᠤᠷᠢᠲᠠᠨ᠎ᠤ ᠰᠢᠯᠵᠢᠯᠲᠡ᠎ᠶᠢ ᠳᠡᠮᠵᠢᠬᠦ᠎ᠪᠡᠷ ᠳᠠᠮᠵᠢᠨ ᠬᠣᠰᠢᠭᠤᠷᠠᠯ ᠮᠡᠷᠭᠡᠵᠢᠯ᠎ᠢ ᠠᠵᠤ ᠠᠬᠤᠢᠯᠠᠯ ᠲᠡᠢᠰᠢ ᠥᠷᠭᠡᠵᠢᠭᠦᠯᠬᠦ᠎ᠶᠢ  ᠠᠬᠢᠭᠤᠯᠵᠤ᠂ ᠠᠵᠢᠯ ᠲᠥᠷᠥᠯ᠎ᠦᠨ ᠪᠦᠬᠦᠯᠢ ᠴᠣᠭᠴᠠ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢ ᠴᠢᠩᠭᠠᠷᠠᠭᠤᠯᠤᠨ᠎ᠠ᠃ ᠮᠠᠨ᠎ᠤ ᠤᠯᠤᠰ᠎ᠤᠨ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ ᠨᠢ ᠣᠬᠣᠷ ᠬᠤᠭᠤᠴᠠᠭᠠᠨ᠎ᠤ ᠰᠡᠳᠡᠯᠲᠡ᠎ᠡᠴᠡ ᠤᠷᠳᠤ ᠬᠤᠭᠤᠴᠠᠭᠠᠨ᠎ᠤ ᠰᠢᠨ᠎ᠡ᠎ᠶᠢ ᠡᠭᠦᠳᠬᠦ ᠴᠢᠳᠠᠪᠤᠷᠢ᠎ᠶᠢ ᠪᠣᠢᠵᠢᠭᠤᠯᠬᠤ ᠲᠡᠢᠰᠢ ᠬᠤᠪᠢᠷᠠᠬᠤ᠎ᠶᠢ ᠪᠡᠶᠡᠯᠡᠭᠦᠯᠵᠦ᠂ 《ᠰᠢᠨ᠎ᠡ᠎ᠶᠢ ᠡᠭᠦᠳᠬᠦ  — ᠠᠵᠤ ᠦᠢᠯᠡᠰᠵᠢᠯᠲᠡ ᠰᠠᠯᠤᠩᠭᠢᠷᠠᠬᠤ》 ᠂ 《ᠡᠯᠧᠮᠧᠨ᠋ᠲ᠎ᠢ ᠪᠤᠷᠤᠭᠤ ᠲᠣᠬᠢᠷᠠᠭᠤᠯᠬᠣ》᠂ 《ᠳᠦᠷᠢᠮ ᠪᠣᠯᠣᠨ ᠬᠥᠮᠥᠨ᠎ᠦ ᠬᠦᠴᠦᠨ᠎ᠦ ᠬᠥᠷᠥᠩᠭᠡ᠎ᠶᠢᠨ ᠬᠠᠩᠭᠠᠯᠭ᠎ᠠ ᠬᠦᠷᠦᠯᠴᠡᠬᠦ ᠦᠭᠡᠢ ᠪᠠᠢᠬᠤ》 ᠵᠡᠷᠭᠡ ᠵᠠᠩᠭᠢᠯᠠᠭ᠎ᠠ᠎ᠶᠢᠨ ᠬᠢᠵᠠᠭᠠᠷᠯᠠᠯ᠎ᠢ ᠬᠦᠴᠦᠯᠡᠨ ᠰᠢᠢᠳᠪᠦᠷᠢᠯᠡᠵᠦ᠂ ᠰᠢᠨ᠎ᠡ᠎ᠶᠢ ᠡᠭᠦᠳᠬᠦ ᠠᠮᠢ ᠠᠬᠤᠢ᠎ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠠᠵᠤ ᠦᠢᠯᠡᠰ᠎ᠦᠨ ᠰᠢᠰᠲᠧᠮ᠎ᠦᠨ ᠪᠦᠬᠦᠯᠢ ᠴᠣᠭᠴᠠ᠎ᠶᠢᠨ ᠦᠰᠦᠷᠦᠯᠲᠡ᠎ᠶᠢ ᠪᠡᠶᠡᠯᠡᠭᠦᠯᠬᠦ᠎ᠶᠢ ᠠᠬᠢᠭᠤᠯᠬᠤ ᠴᠢᠬᠤᠯᠠᠲᠠᠢ ᠪᠠᠢᠨ᠎ᠠ᠃

ᠵᠣᠬᠢᠶᠠᠭ᠍ᠴᠢ ᠄ ᠨᠠᠨᠺᠠᠢ ᠶᠡᠬᠡ ᠰᠤᠷᠭᠠᠭᠤᠯᠢ᠎ᠶᠢᠨ ᠮᠥᠩᠭᠥᠨ ᠭᠦᠢᠯᠭᠡᠭᠡᠨ᠎ᠦ ᠳᠡᠭᠡᠳᠦ ᠰᠤᠷᠭᠠᠭᠤᠯᠢ᠎ᠶᠢᠨ ᠵᠠᠬᠢᠷᠤᠯ ᠂ ᠫᠷᠤᠹᠸᠰᠰᠤᠷ)

             — 《ᠰᠣᠷᠣᠯᠴᠠᠯᠭ᠎ᠠ ᠵᠢᠨ ᠬᠦᠴᠦᠷᠬᠡᠭ ᠤᠯᠤᠰ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号