ᠪᠢᠴᠢᠯ ᠰᠢᠭᠦᠮᠵᠢ
2026-03-23 11:21:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ ᠢᠯᠡᠷᠬᠡᠢᠯᠡᠬᠦ᠎ᠳᠡᠭᠡᠨ᠂ 2025 ᠣᠨ᠎ᠳᠤ  ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠎ᠵᠢᠨ ᠲᠣᠪᠣᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠬᠣᠭᠣᠯᠠᠨ ᠭᠡᠷ ᠵᠢᠴᠢ ᠰᠤᠷᠭᠠᠭᠤᠯᠢ᠎ᠶᠢᠨ ᠭᠠᠳᠠᠨᠠᠬᠢ ᠬᠣᠭᠣᠯᠠ ᠬᠠᠩᠭᠠᠬᠤ ᠨᠢᠭᠡᠴᠢ᠎ᠳᠦ ᠨᠡᠶ᠋ᠢᠲᠡ 92.1 ᠲᠦᠮᠡᠨ ᠤᠳᠠᠭ᠎ᠠ ᠬᠢᠨᠠᠯᠲᠠ ᠲᠠᠯᠪᠢᠵᠤ ᠪᠠᠢᠴᠠᠭᠠᠯᠲᠠ ᠬᠢᠵᠦ᠂ ᠪᠠᠢᠴᠠᠭᠠᠨ ᠴᠡᠭᠴᠡᠯᠡᠨ ᠵᠠᠰᠠᠭᠰᠠᠨ ᠠᠰᠠᠭᠤᠳᠠᠯ 75.58 ᠲᠦᠮᠡ ᠬᠦᠷᠴᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ 2807 ᠵᠤᠷᠪᠤᠰ ᠲᠣᠭᠲᠠᠭᠠᠯ ᠰᠠᠬᠢᠯᠭ᠎ᠠ ᠪᠠᠲᠤ᠎ᠶᠢ ᠵᠥᠷᠢᠴᠡᠭᠰᠡᠨ ᠰᠦᠪᠡᠭᠴᠢ᠎ᠶᠢ ᠰᠢᠯᠵᠢᠭᠦᠯᠦᠨ ᠬᠦᠷᠭᠡᠪᠡ᠃ ᠣᠳᠣᠬᠠᠨ᠎ᠳᠤ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠬᠣᠭᠣᠯᠠᠨ ᠭᠡᠷ ᠎ᠲᠦ 《ᠭᠤᠷᠪᠠ᠎ᠶᠢ ᠰᠡᠷᠭᠡᠢᠯᠡᠬᠦ》᠂ ᠤᠬᠢᠶᠠᠵᠤ ᠠᠷᠢᠭᠤᠳᠬᠠᠬᠤ ᠵᠡᠷᠭᠡ ᠲᠥᠬᠦᠭᠡᠷᠦᠮᠵᠢ ᠲᠣᠬᠢᠷᠠᠭᠤᠯᠵᠤ᠂ ᠲᠣᠬᠢᠷᠠᠭᠤᠯᠤᠯᠲᠠ᠎ᠶᠢᠨ ᠨᠣᠷᠮ᠎ᠠ᠎ᠨᠢ ᠦᠨᠳᠦᠰᠦᠨ᠎ᠳᠡᠭᠡᠨ 100% ᠎ᠬᠦᠷᠴᠦ᠂ ᠰᠤᠷᠭᠠᠭᠤᠯᠢ᠎ᠶᠢᠨ ᠢᠳᠡᠭᠡᠨ᠎ᠡᠴᠡ ᠢᠷᠡᠯᠲᠡ᠎ᠲᠠᠢ ᠡᠪᠡᠳᠴᠢᠲᠡᠨ᠎ᠦ ᠲᠣᠭ᠎ᠠ 4 ᠵᠢᠯ ᠳᠠᠷᠠᠭᠠᠯᠠᠨ ᠪᠠᠭᠤᠷᠠᠬᠤ ᠬᠠᠨᠳᠤᠰᠢ᠎ᠲᠠᠢ ᠪᠠᠢᠨ᠎ᠠ ᠭᠡᠵᠡᠢ᠃

ᠦᠨᠡᠯᠡᠯᠳᠡᠬᠡᠦᠬᠡᠳ᠎ᠦᠨ 《ᠢᠳᠡᠭᠡᠨ᠎ᠦ ᠠᠮᠤᠷ ᠲᠦᠪᠰᠢᠨ 》 ᠎ᠢ ᠰᠠᠬᠢᠨ ᠬᠠᠮᠠᠭᠠᠯᠠᠬᠤ᠎ᠳᠤ ᠲᠡᠭᠦᠰᠬᠡᠯ ᠎ᠦᠨ ᠴᠡᠭ ᠦᠭᠡᠢ᠂ ᠬᠠᠷᠢᠭᠤᠴᠠᠯᠭ᠎ᠠ ᠵᠢ ᠢᠮᠠᠭᠳᠠ ᠴᠢᠩᠭᠠᠯᠠᠬᠤ ᠬᠡᠷᠡᠭᠲᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号