ᠪᠢᠴᠢᠯ ᠰᠢᠭᠦᠮᠵᠢ
2026-03-23 11:22:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠪᠣᠭᠣᠮᠲᠠ᠎ᠶᠢᠨ ᠶᠡᠷᠦᠩᠬᠡᠢ ᠵᠠᠬᠢᠷᠭ᠎ᠠ ᠭᠠᠳᠠᠭᠠᠳᠤ ᠠᠷᠠᠯᠵᠢᠶᠠᠨ᠎ᠤ ᠲᠣᠭ᠎ᠠ ᠪᠠᠷᠢᠮᠲᠠ᠎ᠶᠢ ᠨᠡᠢᠲᠡᠯᠡᠪᠡ᠃ ᠡᠨᠡ ᠵᠢᠯ᠎ᠦᠨ ᠲᠦᠷᠦᠭᠦᠦ 2 ᠰᠠᠷ᠎ᠠ᠎ᠳᠤ  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠠᠨᠠᠭᠠᠴᠢᠯᠠᠭ᠎ᠠ᠎ᠠᠴᠠ᠎ᠪᠠᠨ ᠢᠳᠡᠪᠬᠢᠲᠡᠢ ᠠᠵᠢᠯᠯᠠᠵᠤ᠂ ᠣᠯᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠢᠳᠡᠪᠬᠢᠲᠡᠢ᠎ᠪᠡᠷ ᠵᠠᠬᠢᠶᠠᠯᠠᠭ᠎ᠠ᠎ᠪᠠᠨ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢᠶᠡᠨ ᠥᠷᠭᠡᠳᠬᠡᠵᠦ᠂ ᠮᠠᠨ᠎ᠤ ᠤᠯᠤᠰ᠎ᠤᠨ ᠡᠳ᠋ ᠪᠠᠷᠠᠭᠠᠨ᠎ᠤ ᠠᠷᠠᠯᠵᠢᠶᠠᠨ ᠎ᠤ ᠭᠠᠳᠠᠭᠠᠳᠤ ᠣᠷᠣᠭᠤᠯᠤᠯᠲᠠ ᠭᠠᠷᠭᠠᠯᠲᠠ ᠠᠳᠠᠯᠢ ᠬᠤᠭᠤᠴᠠᠭᠠᠨ᠎ᠤ ᠬᠢ᠎ᠡᠴᠡ 18.3%᠎ᠪᠠᠷ ᠨᠡᠮᠡᠭᠳᠡᠵᠦ᠂ ᠭᠠᠳᠠᠭᠠᠳᠤ ᠠᠷᠠᠯᠵᠢᠶ᠎ᠠ ᠰᠠᠢᠨ ᠡᠬᠢᠯᠡᠯᠲᠡ᠎ᠲᠠᠢ ᠪᠣᠯᠪᠠ᠃ 2026 ᠣᠨ᠎ᠤ ᠡᠬᠢᠨ ᠎ᠦ 2 ᠰᠠᠷ᠎ᠠ᠎ᠳᠤ ᠮᠠᠨ᠎ᠤ ᠤᠯᠤᠰ᠎ᠤᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠦᠷᠳᠡᠭ 7.73 ᠲᠦᠮᠡᠨ ᠳ᠋ᠦᠩᠰᠢᠭᠤᠷ ᠲᠥᠭᠥᠷᠢᠭ᠎ᠲᠦ ᠬᠦᠷᠪᠡ᠃ ᠭᠠᠳᠠᠭᠠᠳᠤ ᠭᠠᠷᠭᠠᠯᠲᠠ᠎ᠠᠴᠠ ᠦᠵᠡᠪᠡᠯ᠂ ᠰᠢᠨ᠎ᠡ ᠬᠥᠳᠡᠯᠭᠡᠬᠦ ᠡᠨᠧᠷᠭᠢ ᠦᠷᠭᠦᠯᠵᠢᠯᠡᠨ ᠬᠦᠴᠦᠯᠡᠵᠦ᠂ ᠵᠠᠬ᠎ᠠ ᠳᠡᠯᠭᠡᠭᠦᠷ ᠎ᠦᠨ ᠣᠯᠠᠨ ᠡᠰᠢᠵᠢᠯᠲᠡ ᠢᠯᠡᠷᠬᠡᠢ ᠪᠣᠯᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠵᠠᠭᠪᠤᠷ ᠨᠡᠮᠡᠭᠳᠡᠯ ᠎ᠦᠨ ᠬᠠᠨᠳᠤᠰᠢ᠎ᠪᠠᠨ ᠪᠠᠲᠤᠯᠠᠪᠠ; ᠭᠠᠳᠠᠭᠠᠳᠤ ᠣᠷᠣᠭᠤᠯᠤᠯᠲᠠ᠎ᠠᠴᠠ ᠦᠵᠡᠪᠡᠯ᠂  ᠭᠠᠳᠠᠭᠠᠳᠤ ᠣᠷᠣᠭᠤᠯᠤᠯᠲᠠ᠎ᠶᠢᠨ ᠬᠡᠷᠡᠭᠴᠡᠭᠡ ᠦᠷᠭᠦᠯᠵᠢᠯᠡᠨ ᠨᠡᠮᠡᠭᠳᠡᠪᠡ᠃

ᠦᠨᠡᠯᠡᠯᠳᠡ᠄ ᠰᠢᠨ᠎ᠡ ᠬᠥᠳᠡᠯᠭᠡᠬᠦ ᠡᠨᠧᠷᠭᠢ᠂ ᠰᠢᠨ᠎ᠡ ᠵᠠᠬ᠎ᠠ ᠳᠡᠯᠭᠡᠭᠦᠷ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠵᠡᠷᠭᠡ᠎ᠪᠡᠷ ᠢᠯᠡᠷᠡᠵᠦ᠂ 《ᠳᠤᠮᠳᠠᠳᠤ ᠤᠯᠤᠰ ᠎ᠤᠨ ᠦᠢᠯᠡᠳᠬᠡᠯ》  ᠲᠦᠷᠭᠡᠨ ᠬᠤᠷᠳᠤᠴᠠ ᠲᠠᠢ ᠬᠥᠭᠵᠢᠵᠦ ᠪᠠᠢᠭ᠎ᠠ ᠪᠥᠭᠡᠳ ᠪᠦᠲᠦᠴᠡ ᠨᠢ ᠰᠢᠯᠢᠳᠡᠭᠵᠢᠵᠦ ᠪᠤᠢ᠃













—《ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠣᠨᠢᠨ》ᠡᠴᠡ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号