ᠪᠠᠷᠠᠭᠤᠨ ᠯᠢᠶᠣᠤ ᠾᠧ ᠭᠤᠤᠯ ᠤ᠋ᠨ ᠤᠰᠤᠨ ᠤ᠋ ᠬᠡᠮᠵᠢᠶ᠎ᠡ ᠢ᠋ᠢ ᠲᠣᠬᠢᠷᠠᠭᠤᠯᠬᠤ ᠵᠠᠷᠯᠢᠭ
2026-03-23 11:01:12
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ 2026 ᠣᠨ ᠤ᠋ ᠨᠢᠭᠡᠳᠦᠭᠡᠷ ᠤᠳᠠᠭᠠᠨ ᠤ᠋ ᠪᠠᠷᠠᠭᠤᠨ ᠯᠢᠶᠣᠤ ᠾᠧ ᠭᠤᠤᠯ ᠤ᠋ᠨ ᠤᠰᠤᠨ ᠤ᠋ ᠬᠡᠮᠵᠢᠶ᠎ᠡ ᠢ᠋ᠢ ᠲᠣᠬᠢᠷᠠᠭᠤᠯᠬᠤ ᠵᠠᠷᠯᠢᠭ ᠪᠠᠭᠤᠯᠭᠠᠵᠤ᠂ 3 ᠰᠠᠷ᠎ᠠ ᠢ᠋ᠢᠨ 1 ᠤ᠋ ᠡᠳᠦᠷ ᠡᠴᠡ ᠡᠬᠢᠯᠡᠨ ᠪᠠᠷᠠᠭᠤᠨ ᠯᠢᠶᠣᠤ ᠾᠧ ᠭᠤᠤᠯ ᠤ᠋ᠨ ᠰᠠᠪᠠ ᠭᠠᠵᠠᠷ ᠤ᠋ᠨ ᠬᠠᠪᠤᠷ ᠤ᠋ᠨ ᠤᠯᠠᠷᠢᠯ ᠤ᠋ᠨ ᠤᠰᠤᠨ ᠤ᠋ ᠡᠬᠢ ᠪᠠᠶᠠᠯᠢᠭ ᠢ᠋ ᠲᠣᠬᠢᠷᠠᠭᠤᠯᠬᠤ ᠠᠵᠢᠯ ᠢ᠋ ᠡᠬᠢᠯᠡᠭᠦᠯᠵᠦ᠍᠂ ᠵᠢᠱ᠌ᠢᠯᠲᠡ ᠪᠡᠷ 5 ᠰᠠᠷ᠎ᠠ ᠢ᠋ᠢᠨ ᠡᠬᠢ ᠪᠡᠷ ᠳᠠᠭᠤᠰᠬᠠᠬᠤ ᠪᠡᠷ ᠪᠠᠢᠨ᠎ᠠ᠃

ᠵᠠᠷᠯᠢᠭ ᠢ᠋ ᠦᠨᠳᠦᠰᠦᠯᠡᠪᠡᠯ᠂ 3 ᠰᠠᠷ᠎ᠠ ᠢ᠋ᠢᠨ 1 ᠤ᠋ ᠡᠳᠦᠷ ᠤ᠋ᠨ 8 ᠴᠠᠭ ᠡᠴᠡ ᠡᠬᠢᠯᠡᠨ ᠳ᠋ᠠ ᠱ᠌ᠢ ᠮᠸᠨ ᠤᠰᠤᠨ ᠴᠥᠭᠥᠷᠥᠮ ᠰᠧᠺᠦ᠋ᠨ᠋ᠳ᠋ ᠪᠦᠷᠢ 13 ᠪᠣᠰᠣᠭ᠎ᠠ ᠳᠥᠷᠪᠡᠯᠵᠢᠨ ᠮᠧᠲ᠋ᠷ ᠤ᠋ᠨ ᠤᠷᠤᠰᠭᠠᠯ ᠢ᠋ᠢᠡᠷ ᠳᠤᠤᠷᠠᠳᠤ ᠤᠷᠤᠰᠭᠠᠯ ᠳ᠋ᠤ ᠤᠰᠤ ᠤᠷᠤᠭᠤᠯᠵᠤ᠂ ᠦᠯᠵᠡᠢᠮᠦ᠋ᠷᠡᠨ ᠡᠴᠡ ᠤᠰᠤ ᠲᠠᠲᠠᠬᠤ ᠢᠨᠵᠧᠨᠧᠷᠢᠩ ᠰᠧᠺᠦ᠋ᠨ᠋ᠳ᠋ ᠪᠦᠷᠢ 1 ᠪᠣᠰᠣᠭ᠎ᠠ ᠳᠥᠷᠪᠡᠯᠵᠢᠨ ᠮᠧᠲ᠋ᠷ ᠤ᠋ᠨ ᠤᠷᠤᠰᠭᠠᠯ ᠢ᠋ᠢᠡᠷ ᠲᠦᠩᠯᠢᠶᠣᠤ ᠬᠣᠲᠠ ᠢ᠋ᠢᠨ ᠲᠣᠭᠣᠷᠢᠭ ᠤ᠋ᠨ ᠭᠤᠤᠯ ᠤ᠋ᠨ ᠭᠤᠯᠳᠤᠷᠢᠯ ᠳ᠋ᠤ ᠤᠰᠤ ᠨᠥᠬᠥᠪᠥᠷᠢᠯᠡᠨ᠎ᠡ᠃ ᠤᠰᠤᠨ ᠤ᠋ ᠬᠡᠮᠵᠢᠶ᠎ᠡ ᠢ᠋ᠢ ᠲᠣᠬᠢᠷᠠᠭᠤᠯᠬᠤ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠱᠢᠨᠵᠢᠯᠡᠭᠡᠨ ᠤ᠋ ᠤᠰᠤᠨ ᠤ᠋ ᠡᠬᠢ ᠪᠠᠶᠠᠯᠢᠭ ᠤ᠋ᠨ ᠲᠥᠪ ᠡᠴᠡ ᠭᠤᠤᠯᠳᠠᠯᠭ᠎ᠠ ᠲᠠᠢ ᠣᠭ᠍ᠲᠣᠯᠤᠭᠠᠰᠤ ᠢ᠋ᠢᠨ ᠤᠰᠤᠨ ᠤ᠋ ᠬᠡᠮᠵᠢᠶ᠎ᠡ ᠢ᠋ᠢ ᠴᠠᠭ ᠲᠤᠬᠠᠶ ᠳ᠋ᠤᠨᠢ ᠬᠢᠨᠠᠨ ᠬᠡᠮᠵᠢᠵᠦ᠍᠂ ᠴᠢᠬᠤᠯᠠ ᠲᠣᠭ᠎ᠠ ᠪᠠᠷᠢᠮᠲᠠ ᠢ᠋ᠢ ᠴᠠᠭ ᠲᠤᠬᠠᠶ ᠳ᠋ᠤᠨᠢ ᠳᠡᠭᠡᠭ᠌ᠰᠢ ᠮᠡᠳᠡᠭᠦᠯᠦᠨ᠎ᠡ; ᠬᠤᠩᠱᠠᠨ ᠤᠰᠤᠨ ᠴᠥᠭᠥᠷᠥᠮ ᠤ᠋ᠨ ᠬᠠᠮᠢᠶᠠᠷᠤᠯᠲᠠ ᠢ᠋ᠢᠨ ᠲᠥᠪ ᠲᠤᠬᠠᠶ ᠢ᠋ᠢᠨ ᠲᠠᠯᠠᠪᠠᠶ ᠳ᠋ᠤ ᠬᠢᠨᠠᠯᠲᠠ ᠲᠠᠯᠪᠢᠬᠤ ᠪᠠ ᠲᠣᠭ᠎ᠠ ᠪᠦᠷᠢᠳᠭᠡᠯ ᠤ᠋ᠨ ᠠᠵᠢᠯ ᠢ᠋ ᠴᠢᠩᠭᠠᠳᠭᠠᠵᠤ ᠂ ᠲᠦᠭ᠌ᠰᠢᠭᠦᠷᠢ ᠢ᠋ᠢᠨ ᠪᠠᠢᠳᠠᠯ ᠢᠯᠡᠷᠡᠪᠡᠯ ᠴᠠᠭ ᠲᠤᠬᠠᠶ ᠳ᠋ᠤᠨᠢ ᠬᠠᠮᠢᠶ᠎ᠠ ᠪᠥᠬᠥᠶ ᠰᠠᠯᠠᠭ᠎ᠠ ᠮᠥᠴᠢᠷ ᠲᠤ᠌ ᠮᠡᠳᠡᠭᠦᠯᠦᠨ᠎ᠠ; ᠤᠯᠠᠭᠠᠨᠬᠠᠳᠠ ᠬᠣᠲᠠ᠂ ᠲᠦᠩᠯᠢᠶᠣᠤ ᠬᠣᠲᠠ ᠢ᠋ᠢᠨ ᠡᠯ᠎ᠡ ᠱᠠᠲᠤᠨ ᠤ᠋ ᠤᠰᠤᠨ ᠠᠱᠢᠭ᠍ᠯᠠᠯᠲᠠ ᠢ᠋ᠢᠨ ᠰᠠᠯᠠᠭ᠎ᠠ ᠮᠥᠴᠢᠷ ᠭᠤᠤᠯ ᠮᠥᠷᠡᠨ ᠳ᠋ᠤ ᠬᠣᠯᠪᠣᠭ᠍ᠳᠠᠬᠤ ᠲᠦᠭ᠌ᠰᠢᠭᠦᠷᠢ ᠢ᠋ᠢ ᠰᠡᠷᠭᠡᠢᠯᠡᠬᠦ᠌ ᠠᠵᠢᠯ ᠢ᠋ ᠰᠠᠢᠲᠤᠷ ᠬᠢᠵᠦ᠍᠂ ᠠᠷᠠᠳ ᠲᠦᠮᠡᠨ ᠤ᠋ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠱᠢᠨ᠂ ᠤᠰᠤᠨ ᠤ᠋ ᠢᠨᠵᠧᠨᠧᠷᠢᠩ ᠤ᠋ᠨ ᠠᠮᠤᠷ ᠲᠦᠪᠱᠢᠨ ᠪᠠ ᠤᠰᠤᠨ ᠤ᠋ ᠬᠡᠮᠵᠢᠶ᠎ᠡ ᠢ᠋ᠢᠨ ᠲᠣᠬᠢᠷᠠᠭᠤᠯᠤᠯᠲᠠ ᠢ᠋ᠢᠨ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号