ᠬᠥᠷᠥᠰᠥ ᠰᠢᠷᠣᠢ ᠵᠢᠨ ᠪᠣᠬᠢᠷᠲᠤᠯ ᠢ᠋ ᠰᠡᠷᠭᠡᠢᠯᠡᠨ ᠵᠠᠰᠠᠬᠤ ᠠᠵᠢᠯᠯᠠᠭ᠎ᠠ
2026-03-23 11:02:56
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠪᠤᠭᠤᠲᠤ ᠬᠣᠲᠠ᠎ᠵᠢᠨ ᠬᠢᠨ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂ ᠰᠢᠰᠲ᠋ᠧᠮ ᠲᠡᠢ ᠵᠠᠰᠠᠬᠤ ᠬᠠᠮᠳᠤᠷᠠᠯ ᠬᠦᠴᠦᠨ ᠢ᠋ ᠨᠢᠬᠳᠠᠷᠠᠭᠤᠯᠤᠨ᠂ ᠬᠥᠷᠥᠰᠥ ᠰᠢᠷᠣᠢ ᠵᠢᠨ ᠪᠣᠬᠢᠷᠲᠤᠯ ᠢ᠋ ᠰᠡᠷᠭᠡᠢᠯᠡᠨ ᠵᠠᠰᠠᠵᠤ᠂ 《ᠬᠠᠶᠠᠭᠳᠠᠮᠠᠯ ᠪᠤᠳᠠᠰ ᠦᠭᠡᠢ ᠬᠣᠲᠠ》 ᠶ᠋ᠢᠨ ᠪᠦᠲᠦᠭᠡᠨ ᠪᠠᠢᠭᠤᠯᠤᠯᠲᠠ ᠵᠢ ᠭᠦᠨᠵᠡᠭᠡᠢ ᠠᠬᠢᠭᠤᠯᠵᠤ ᠪᠤᠢ᠃

ᠪᠤᠭᠤᠳᠤ ᠬᠤᠳᠠ᠎ᠵᠢᠨ ᠬᠢᠨ ᠡᠩ ᠤ᠋ᠨ ᠠᠵᠤ ᠦᠢᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ᠋ ᠪᠢᠲᠡᠭᠦᠮᠵᠢᠯᠡᠨ ᠵᠠᠰᠠᠬᠤ ᠵᠠᠭᠪᠤᠷ ᠎ᠵᠢᠡᠨ ᠰᠢᠨᠠᠴᠢᠯᠠᠵᠤ᠂ 2025 ᠤᠨ ᠳ᠋ᠤ 8 ᠠᠭᠤᠷᠬᠠᠢ ᠵᠢᠨ ᠨᠦᠬᠡ ᠵᠢ ᠪᠤᠴᠠᠭᠠᠨ ᠳᠡᠭᠰᠢᠯᠡᠭᠦ ᠲᠥᠷᠥᠯ ᠵᠦᠢᠯ ᠢ᠋ ᠬᠡᠷᠡᠭᠵᠢᠭᠦᠯᠬᠦ ᠪᠡᠷ ᠳᠠᠮᠵᠢᠨ ᠡᠩ ᠤ᠋ᠨ ᠠᠵᠤ ᠦᠢᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ᠋ 2500 ᠲᠦᠮᠡᠨ ᠲᠤᠨ ᠪᠤᠴᠠᠭᠠᠨ ᠳᠡᠭᠰᠢᠯᠡᠪᠡ᠃ ᠭᠣᠣᠯᠳᠠᠯᠭ᠎ᠠ ᠲᠠᠢ 32 ᠨᠢᠭᠡᠴᠢ ᠵᠢᠨ ᠭᠠᠵᠠᠷ ᠰᠢᠷᠣᠢ ᠵᠢ ᠬᠢᠨᠠᠨ ᠬᠡᠮᠵᠢᠬᠦ ᠪᠠ 14 ᠬᠡᠰᠡᠭ ᠭᠠᠵᠠᠷ ᠰᠢᠷᠣᠢ ᠵᠢ ᠬᠢᠨᠠᠨ ᠪᠠᠢᠴᠠᠭᠠᠵᠦ᠂ ᠪᠣᠬᠢᠷᠲᠤᠭᠰᠠᠨ ᠲᠠᠷᠢᠶᠠᠨ ᠭᠠᠵᠠᠷ ᠤ᠋ᠨ ᠠᠮᠤᠷ ᠲᠦᠪᠰᠢᠨ ᠠᠰᠢᠭᠯᠠᠬᠤ ᠨᠣᠷᠮ᠎ᠠ ᠨᠢ 98% ᠶ᠋ᠢ ᠳᠠᠪᠠᠵᠤ᠂ ᠭᠣᠣᠯᠳᠠᠯᠭ᠎ᠠ ᠲᠠᠢ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠤ᠋ᠨ ᠠᠮᠤᠷ ᠲᠦᠪᠰᠢᠨ ᠠᠰᠢᠭᠯᠠᠬᠤ ᠨᠣᠷᠮ᠎ᠠ ᠨᠢ 100% ᠳ᠋ᠦ᠍ ᠬᠦᠷᠪᠡ᠃ 88 ᠵᠠᠰᠠᠭ ᠵᠠᠬᠢᠷᠭᠠᠨ ᠤ᠋ ᠭᠠᠴᠠᠭ᠎ᠠ ᠲᠣᠰᠬᠣᠨ ᠤ᠋ ᠣᠷᠴᠢᠨ ᠲᠣᠭᠣᠷᠢᠨ ᠢ᠋ ᠴᠡᠭᠴᠡᠯᠡᠨ ᠵᠠᠰᠠᠬᠤ ᠡᠭᠦᠷᠭᠡ ᠵᠢ 3 ᠰᠠᠷ᠎ᠠ ᠵᠢᠨ ᠬᠤᠭᠤᠴᠠᠭ᠎ᠠ ᠲᠠᠢ ᠤᠷᠢᠳ ᠵᠢᠡᠷ ᠪᠡᠶᠡᠯᠡᠭᠦᠯᠵᠦ᠂ ᠬᠥᠳᠡᠭᠡ ᠲᠣᠰᠬᠣᠨ ᠤ᠋ ᠠᠮᠢᠳᠤᠷᠠᠯ ᠤ᠋ᠨ ᠪᠣᠬᠢᠷ ᠤᠰᠤ ᠵᠢ ᠴᠡᠭᠴᠡᠯᠡᠨ ᠵᠠᠰᠠᠵᠤ ᠬᠠᠮᠢᠶᠠᠷᠤᠨ ᠡᠵᠡᠮᠳᠡᠬᠦ ᠨᠣᠷᠮ᠎ᠠ 94.4% ᠳ᠋ᠦ᠍ ᠬᠦᠷᠴᠦ᠂ ᠥᠪᠡᠷᠲᠡᠭᠡᠨ ᠵᠠᠰᠠᠬᠤ ᠣᠷᠣᠨ ᠤ᠋ ᠡᠮᠦᠨ᠎ᠡ ᠡᠩᠨᠡᠭᠡᠨ ᠳ᠋ᠦ᠍ ᠲᠤᠳᠤᠷᠠᠪᠠ᠃ ᠠᠭᠤᠷᠬᠠᠢ ᠵᠢᠨ 125 ᠦᠯᠡᠳᠡᠭᠳᠡᠯ ᠬᠥᠮᠥᠷᠭᠡ ᠵᠢᠨ ᠣᠷᠴᠢᠨ ᠲᠣᠭᠣᠷᠢᠨ ᠤ᠋ ᠠᠶᠤᠯᠬᠦᠢ ᠵᠢᠨ ᠳᠠᠯᠳᠠ ᠭᠡᠮ ᠢ᠋ ᠪᠦᠬᠦᠨ ᠢ᠋ ᠴᠡᠭᠴᠡᠯᠡᠨ ᠥᠭᠡᠷᠡᠴᠢᠯᠡᠨ ᠰᠠᠢᠵᠢᠷᠠᠭᠤᠯᠵᠤ᠂ 661 ᠠᠵᠤ ᠠᠬᠤᠢᠯᠠᠯ ᠤ᠋ᠨ ᠠᠶᠤᠯ ᠲᠠᠢ ᠬᠠᠶᠠᠭᠳᠠᠮᠠᠯ ᠡᠳ᠋ ᠢ᠋ ᠵᠢᠷᠤᠮᠵᠢᠭᠤᠯᠤᠨ ᠦᠨᠡᠯᠡᠨ ᠵᠢᠱ᠌ᠢᠬᠦ ᠠᠵᠢᠯ ᠢ᠋ ᠬᠦᠢᠴᠡᠳᠭᠡᠵᠤ᠂ ᠠᠰᠠᠭᠤᠳᠠᠯ ᠤ᠋ᠨ ᠬᠡᠮᠵᠢᠶ᠎ᠡ ᠨᠢ ᠠᠳᠠᠯᠢ ᠬᠤᠭᠤᠴᠠᠭᠠᠨ ᠤ᠋ ᠬᠢ ᠡᠴᠡ 50% ᠪᠠᠷ ᠪᠠᠭᠤᠷᠠᠵᠤ᠂ ᠠᠶᠤᠯ ᠲᠠᠢ ᠬᠠᠶᠠᠭᠳᠠᠮᠠᠯ ᠡᠳ᠋ ᠢ᠋ ᠠᠰᠢᠭᠯᠠᠨ ᠰᠢᠢᠳᠪᠦᠷᠢᠯᠡᠬᠦ ᠨᠣᠷᠮ᠎ᠠ 99.7% ᠠ᠋ᠴᠠ ᠳᠡᠭᠡᠭᠰᠢ ᠳ᠋ᠦ᠍ ᠲᠣᠭᠲᠠᠪᠤᠷᠢᠵᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号