ᠨᠡᠭᠦᠳᠡᠯ ᠤ᠋ᠨ ᠱᠢᠪᠠᠭᠤᠳ ᠤ᠋ᠨ ᠳᠦᠷᠰᠦ ᠵᠢᠨ ᠰᠦᠷᠦᠭ ᠤ᠋ᠨ ᠲᠣᠭ᠎ᠠ᠎ᠵᠢᠨ ᠨᠡᠮᠡᠭᠳᠡᠯ
2026-03-23 11:04:06
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

 ᠦᠬᠠᠶ ᠬᠣᠲᠠ ᠵᠢᠨ ᠬᠢᠨ 2 ᠰᠠᠷ᠎ᠠ ᠵᠢᠨ ᠰᠡᠭᠦᠯᠴᠢ ᠡᠴᠡ ᠡᠬᠢᠯᠡᠨ 《24 ᠴᠠᠭ ᠤ᠋ᠨ ᠣᠶᠤᠨᠴᠢ ᠬᠢᠨᠠᠨ ᠬᠡᠮᠵᠢᠯᠲᠡ + ᠪᠥᠬᠥ᠌ ᠲᠠᠯ᠎ᠠ ᠵᠢᠨ ᠲᠣᠭᠣᠷᠢᠨ ᠬᠠᠮᠠᠭᠠᠯᠠᠯᠲᠠ》 ᠵᠢᠨ ᠠᠷᠭ᠎ᠠ᠎ᠪᠡᠷ ᠨᠡᠭᠦᠳᠡᠯ ᠤ᠋ᠨ ᠱᠢᠪᠠᠭᠤᠳ ᠤ᠋ᠨ ᠤᠮᠠᠷᠠᠰᠢ ᠨᠡᠭᠦᠳᠡᠯᠯᠡᠬᠦ ᠪᠠᠢᠳᠠᠯ ᠢ᠋ ᠨᠢᠭ᠍ᠲᠠ ᠠᠩᠬᠠᠷᠪᠠ᠃ ᠡᠨᠡ ᠵᠢᠯ ᠤ᠋ᠨ ᠨᠡᠭᠦᠳᠡᠯ ᠤ᠋ᠨ ᠱᠢᠪᠠᠭᠤᠳ ᠥᠩᠭᠡᠷᠡᠭ᠌ᠰᠡᠨ ᠵᠢᠯ ᠡᠴᠡ ᠪᠠᠷᠤᠭ ᠬᠠᠭᠠᠰ ᠰᠠᠷ᠎ᠠ ᠤᠷᠢᠳᠴᠢᠯᠠᠨ᠂ ᠳᠦᠷᠰᠦ ᠵᠢᠨ ᠰᠦᠷᠦᠭ ᠤ᠋ᠨ ᠲᠣᠭ᠎ᠠ ᠴᠦ᠍ ᠢᠯᠡᠳᠲᠡ ᠨᠡᠮᠡᠭ᠌ᠳᠡᠵᠤ᠂ ᠵᠥᠪᠬᠡᠨ ᠬᠤᠨ ᠭᠠᠯᠠᠭᠤ ᠵᠢᠨ ᠲᠣᠭ᠎ᠠ ᠵᠠᠭᠤ ᠱᠢᠬᠠᠮ ᠪᠣᠯᠵᠣ᠂ ᠨᠢᠳᠤᠨᠤᠨ ᠤ᠋ ᠲᠦᠷᠦᠭᠦᠦ ᠪᠦᠯᠦᠭ ᠤ᠋ᠨ ᠲᠣᠭ᠎ᠠ ᠡᠴᠡ ᠢᠯᠡᠳᠲᠡ ᠨᠡᠮᠡᠭ᠌ᠳᠡᠵᠡᠶ᠃

ᠡᠨᠡ ᠵᠢᠯ ᠠᠩᠬ᠎ᠠ ᠤᠳᠠᠭ᠎ᠠ ᠦᠬᠠᠶ ᠬᠣᠲᠠ᠎ᠳᠤ ᠬᠦᠷᠴᠦ᠍ ᠢᠷᠡᠭ᠌ᠰᠡᠨ ᠬᠠᠯᠢᠭᠤᠨ ᠭᠠᠯᠠᠭᠤ᠂ ᠤᠯᠠᠭᠠᠨ ᠬᠣᠱᠢᠭᠤᠲᠤ ᠴᠠᠬᠤᠯᠠᠶ ᠵᠡᠷᠭᠡ ᠨᠡᠭᠦᠳᠡᠯ ᠤ᠋ᠨ ᠱᠢᠪᠠᠭᠤᠳ ᠤ᠋ᠨ ᠳᠦᠷᠰᠦ ᠵᠢᠨ ᠰᠦᠷᠦᠭ ᠤ᠋ᠨ ᠲᠣᠭ᠎ᠠ ᠴᠥᠮ 1000 ᠵᠢ ᠳᠠᠪᠠᠪᠠ᠃ ᠵᠢᠯ ᠪᠦᠷᠢ ᠵᠢᠨ ᠬᠠᠪᠤᠷ ᠨᠠᠮᠤᠷ ᠬᠣᠶᠠᠷ ᠤᠯᠠᠷᠢᠯ᠎ᠳᠤ ᠨᠡᠭᠦᠳᠡᠯ ᠤ᠋ᠨ ᠱᠢᠪᠠᠭᠤ ᠲᠣᠭ᠍ᠲᠠᠭ᠍ᠰᠠᠨ ᠵᠠᠮ ᠵᠢᠡᠷ ᠦᠷᠡᠵᠢᠨ ᠲᠥᠯᠵᠢᠬᠦ᠌ ᠭᠠᠵᠠᠷ ᠪᠠ ᠡᠪᠦᠯᠵᠢᠬᠦ᠌ ᠭᠠᠵᠠᠷ ᠤ᠋ᠨ ᠬᠣᠭᠣᠷᠣᠨᠳᠣ ᠵᠤᠷᠴᠢᠵᠤ᠂ ᠦᠬᠠᠶ ᠬᠣᠲᠠ ᠨᠢ ᠠᠯᠢ ᠡᠷᠲᠡ ᠨᠡᠭᠦᠳᠡᠯ ᠤ᠋ᠨ ᠱᠢᠪᠠᠭᠤ ᠤᠮᠠᠷᠠᠰᠢ ᠪᠤᠴᠠᠬᠤ ᠵᠠᠮ᠎ᠳᠠᠬᠢ ᠴᠢᠬᠤᠯᠠ ᠤᠯᠠᠭ᠎ᠠ ᠦᠷᠳᠡᠭᠡ ᠪᠣᠯᠤᠭ᠍ᠰᠠᠨ ᠪᠠᠢᠨ᠎ᠠ᠃ ᠦᠬᠠᠶ ᠬᠣᠲᠠ ᠳ᠋ᠤ ᠨᠤᠭᠤ ᠭᠠᠵᠠᠷ᠂ ᠨᠤᠲᠤᠭ ᠪᠡᠯᠴᠢᠭᠡᠷ ᠵᠡᠷᠭᠡ ᠣᠯᠠᠨ ᠶᠠᠩᠵᠤ ᠵᠢᠨ ᠠᠮᠢ ᠠᠬᠤᠶ ᠣᠷᠴᠢᠨ ᠲᠣᠭᠣᠷᠢᠨ᠎ᠲᠠᠶ ᠪᠠᠢᠵᠤ᠂  ᠬᠡᠭᠡᠷ᠎ᠡ ᠵᠢᠨ ᠠᠮᠢᠲᠠᠳ ᠢᠯᠠᠩᠭᠤᠶ᠎ᠠ ᠱᠢᠪᠠᠭᠤᠳ ᠤ᠋ᠨ ᠲᠥᠷᠥᠯ᠎ᠳᠦ ᠣᠷᠣᠱᠢᠨ ᠠᠮᠢᠳᠤᠷᠠᠬᠤ᠎ᠳᠤ ᠲᠣᠬᠢᠲᠠᠶ ᠣᠷᠴᠢᠨ ᠲᠣᠭᠣᠷᠢᠨ ᠬᠠᠩᠭᠠᠪᠠ᠃ ᠣᠢᠷ᠎ᠠ ᠵᠢᠨ ᠵᠢᠯ ᠡᠴᠡ ᠨᠠᠭᠠᠰᠢ᠂ ᠦᠬᠠᠶ ᠬᠣᠲᠠ ᠎ᠵᠢᠨ ᠬᠢᠨ ᠠᠮᠢ ᠠᠬᠤᠶ᠎ᠵᠢᠨ ᠠᠶᠠᠨᠳᠠᠭᠠᠨ ᠰᠡᠷᠭᠦᠬᠦ᠌᠎ᠪᠡᠷ ᠭᠤᠤᠯ ᠪᠣᠯᠭᠠᠵᠤ᠂ ᠬᠥᠮᠦᠨ ᠤ᠋ ᠬᠦᠴᠦ᠍ ᠪᠡᠷ ᠰᠡᠷᠭᠦᠭᠡᠬᠦ᠌᠎ᠪᠡᠷ ᠬᠠᠪᠰᠤᠷᠤᠮᠵᠢ ᠪᠣᠯᠭᠠᠨ᠂ ᠤᠰᠤᠨ ᠤ᠋ ᠡᠷᠭᠢ ᠵᠢᠨ ᠬᠠᠮᠲᠤ ᠵᠢᠨ ᠵᠠᠰᠠᠯᠲᠠ᠎ᠶ᠋ᠢ ᠴᠥᠬᠥᠷᠡᠰᠢ ᠥᠬᠡᠶ ᠠᠬᠢᠭᠤᠯᠵᠤ᠂ ᠠᠮᠢ ᠠᠬᠤᠶ ᠵᠢᠨ ᠱᠢᠰᠲ᠋ᠧᠮ ᠤ᠋ᠨ ᠡᠷᠡᠭᠦᠯ ᠮᠡᠨᠳᠦ ᠪᠠ ᠲᠣᠭ᠍ᠲᠠᠭᠤᠨ ᠢ᠋ ᠤᠷᠢᠳ ᠵᠢᠡᠷ ᠪᠤᠳᠤᠯᠬᠢᠯᠠᠬᠤ ᠵᠢᠨ ᠬᠠᠮᠳᠤ᠂ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠪᠡᠷ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号