ᠬᠥᠬᠡᠬᠣᠲᠠ ᠶ᠋ᠢᠨ ᠬᠠᠪᠤᠷ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ 63 ᠡᠳᠦᠷ ᠦᠷᠬᠦᠯᠵᠢᠯᠡᠨ᠎ᠠ
2026-03-23 12:14:11
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠬᠦᠬᠡᠬᠤᠳᠠ ᠵᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠶ᠋ᠡᠷ᠂ ᠡᠨᠡ ᠵᠢᠯ ᠤ᠋ᠨ ᠬᠥᠬᠡᠬᠣᠲᠠ ᠶ᠋ᠢᠨ ᠬᠠᠪᠤᠷ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ 3 ᠰᠠᠷ᠎ᠠ ᠶ᠋ᠢᠨ 20 ᠤ᠋ ᠡᠳᠦᠷ ᠡᠴᠡ 5 ᠰᠠᠷ᠎ᠠ ᠶ᠋ᠢᠨ 21 ᠤ᠋ ᠡᠳᠦᠷ ᠪᠣᠯᠲᠠᠯ᠎ᠠ 63 ᠡᠳᠦᠷ ᠦᠷᠬᠦᠯᠵᠢᠯᠡᠵᠤ᠂ 《ᠠᠮᠢᠯᠠᠯ ᠤ᠋ᠨ ᠪᠡᠯᠭᠡᠳᠦ ᠬᠠᠪᠤᠷ》 ᠭᠣᠣᠯ ᠰᠡᠳᠦᠪ ᠤ᠋ᠨ ᠲᠤᠭᠤᠷᠢᠨ ᠳ᠋ᠤ ᠴᠠᠭᠠᠰᠤᠨ ᠱᠢᠪᠠᠭᠤ ᠶ᠋ᠢᠨ ᠤᠷᠠᠯᠢᠭ ᠤ᠋ᠨ ᠤᠯᠠᠷᠢᠯ᠂ ᠴᠡᠴᠡᠭ ᠰᠣᠨᠢᠷᠬᠠᠬᠤ ᠤᠯᠠᠷᠢᠯ ᠵᠢᠴᠢ ᠦᠵᠡᠰᠬᠦᠯᠡᠩ ᠦᠵᠡᠬᠦᠯᠬᠡ ᠵᠢ ᠳᠠᠭᠠᠵᠤ ᠵᠢᠭᠤᠯᠴᠢᠯᠠᠬᠤ ᠵᠡᠷᠬᠡ 3 ᠶᠡᠬᠡ ᠠᠭᠤᠯᠭ᠎ᠠ ᠪᠡᠷ ᠶᠠᠪᠤᠭᠳᠠᠵᠦ᠂ ᠬᠠᠲᠤᠨ ᠭᠤᠤᠯ ᠤ᠋ᠨ ᠭᠤᠤᠯ ᠴᠦᠯᠡᠯᠬᠡ ᠶ᠋ᠢᠨ ᠵᠠᠩ ᠦᠶ᠋ᠯᠡ ᠰᠣᠶᠣᠯ ᠤ᠋ᠨ ᠭᠠᠷᠠᠭ ᠤ᠋ᠨ ᠠᠵᠢᠯᠯᠠᠭ᠎ᠠ ᠴᠦ᠍ ᠵᠡᠷᠭᠡ ᠪᠡᠷ ᠡᠬᠢᠯᠡᠬᠦ ᠮᠦᠷᠳᠡᠭᠡᠨ ᠪᠠᠰᠠ ᠣᠯᠠᠨ ᠵᠤᠷᠪᠤᠰ ᠰᠣᠳᠣᠨ ᠵᠢᠭᠤᠯᠴᠢᠯᠠᠯ ᠤ᠋ᠨ ᠵᠠᠮ ᠱᠤᠭᠤᠮ ᠭᠠᠷᠭᠠᠵᠠᠢ᠃

ᠬᠦᠬᠡᠬᠤᠳᠠ ᠵᠢᠨ ᠴᠠᠭᠠᠰᠤᠨ ᠱᠢᠪᠠᠭᠤ ᠶ᠋ᠢᠨ ᠤᠷᠠᠯᠢᠭ ᠤ᠋ᠨ ᠤᠯᠠᠷᠢᠯ ᠤ᠋ᠨ ᠠᠵᠢᠯᠯᠠᠭ᠎ᠠ 3 ᠰᠠᠷ᠎ᠠ ᠶ᠋ᠢᠨ 20 ᠤ᠋ ᠡᠳᠦᠷ ᠡᠴᠡ 4 ᠰᠠᠷ᠎ᠠ ᠶ᠋ᠢᠨ 6 ᠤ᠋ ᠡᠳᠦᠷ ᠪᠣᠯᠲᠠᠯ᠎ᠠ ᠭᠠᠷᠠᠭ ᠤ᠋ᠨ ᠰᠡᠭᠦᠯᠴᠢ ᠪᠣᠯᠭᠠᠨ ᠳ᠋ᠤ ᠶᠠᠪᠤᠭᠳᠠᠨ᠎ᠠ᠃ ᠡᠬᠦᠨ ᠳ᠋ᠤ ᠴᠡᠯᠡᠭᠡᠷ ᠲᠠᠯ᠎ᠠ᠂ ᠶᠡᠬᠡ ᠲᠦᠷᠭᠡᠨ ᠭᠣᠣᠯ ᠤ᠋ᠨ ᠴᠡᠷᠢᠭ ᠤ᠋ᠨ ᠶᠠᠪᠤᠳᠠᠯ ᠤ᠋ᠨ ᠰᠣᠶᠣᠯ ᠤ᠋ᠨ ᠬᠦᠷᠢᠶᠡᠯᠡᠩ᠂ ᠢᠯᠢ ᠤᠶᠤᠨᠲᠤ ᠡᠷᠡᠭᠦᠯ ᠮᠡᠨᠳᠦ᠍ ᠶ᠋ᠢᠨ ᠬᠦᠨᠳᠡᠢ᠂ ᠬᠠᠷᠠᠴᠢᠨ ᠴᠡᠴᠡᠷᠯᠢᠭ ᠵᠡᠷᠭᠡ 4 ᠶᠡᠬᠡ ᠴᠡᠭ ᠬᠣᠯᠪᠣᠭᠠᠯᠠᠨ ᠬᠥᠳᠡᠯᠦᠯᠴᠡᠵᠦ᠍᠂ ᠲᠤᠮᠤ ᠬᠡᠯᠪᠡᠷᠢ ᠶ᠋ᠢᠨ ᠵᠥᠭᠡᠯᠡᠨ ᠪᠡᠶᠡᠲᠦ ᠴᠠᠭᠠᠰᠤᠨ ᠱᠢᠪᠠᠭᠤ᠂ ᠮᠤᠷᠢᠨ ᠵᠢᠯ ᠤ᠋ᠨ ᠰᠡᠳᠦᠪᠳᠦ ᠴᠠᠭᠠᠰᠤᠨ ᠱᠢᠪᠠᠭᠤ ᠶ᠋ᠢᠨ ᠦᠵᠡᠭᠦᠯᠭᠡ ᠶ᠋ᠢᠨ ᠤᠷᠤᠯᠳᠤᠭᠠᠨ ᠢ᠋ ᠡᠷᠬᠢᠯᠡᠵᠦ᠂ ᠲᠤᠬᠠᠢ ᠶ᠋ᠢᠨ ᠲᠠᠯᠠᠪᠠᠢ ᠳ᠋ᠦ ᠪᠠᠰᠠ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠠᠷ ᠤᠷᠠᠯᠠᠯ᠂ ᠬᠡᠷ ᠪᠦᠯᠢ ᠵᠢᠨ ᠴᠠᠭᠠᠰᠤᠨ ᠰᠢᠪᠠᠭᠤ ᠵᠢᠨ ᠤᠷᠤᠯᠳᠤᠭᠠᠨ᠂ ᠴᠠᠭᠠᠰᠤᠨ ᠱᠢᠪᠠᠭᠤ ᠶ᠋ᠢᠨ ᠵᠢᠷᠤᠭ ᠴᠢᠮᠡᠭᠯᠡᠯ ᠤ᠋ᠨ ᠤᠷᠤᠯᠳᠤᠭᠠᠨ ᠵᠡᠷᠭᠡ ᠤᠯᠠᠠ ᠠᠵᠢᠯᠯᠠᠭ᠎ᠠ ᠵᠡᠷᠭᠡ ᠪᠡᠷ ᠶᠠᠪᠤᠭᠳᠠᠨ᠎ᠠ᠃ ᠬᠥᠬᠡᠬᠣᠲᠠ ᠶ᠋ᠢᠨ ᠸᠠᠨ ᠱᠢᠶᠠᠩ ᠬᠤᠳᠠᠯᠳᠤᠭᠠᠨ ᠤ᠋ ᠲᠣᠭᠣᠷᠢᠭ ᠲᠦ᠍ ᠴᠠᠭᠠᠰᠤᠨ ᠱᠢᠪᠠᠭᠤ ᠪᠠᠷ ᠭᠤᠤᠯ ᠰᠡᠳᠦᠪ ᠪᠣᠯᠭᠠᠨ ᠲᠤᠷᠠᠰᠬᠠᠯ ᠦᠯᠡᠳᠡᠬᠡᠬᠦ ᠠᠵᠢᠯᠯᠠᠭ᠎ᠠ ᠶᠠᠪᠤᠭᠳᠠᠵᠤ᠂ ᠴᠠᠭ ᠤ᠋ᠨ ᠤᠷᠤᠰᠭᠠᠯᠲᠤ ᠠᠮᠢᠳᠤᠷᠠᠯ ᠪᠤᠯᠤᠨ ᠬᠡᠦᠬᠡᠳ ᠤ᠋ᠨ ᠰᠣᠨᠢᠷᠬᠠᠯᠳᠦ ᠠᠵᠢᠯᠯᠠᠭ᠎ᠠ ᠵᠢᠨ ᠭᠦᠨᠵᠡᠭᠡᠶ ᠠᠭᠤᠰᠤᠯᠴᠠᠯ ᠢ᠋ ᠪᠡᠶᠡᠯᠡᠭᠦᠯᠬᠦ ᠪᠤᠯᠤᠨ᠎ᠠ᠃

ᠬᠥᠬᠡᠬᠣᠲᠠ ᠵᠢᠨ ᠴᠡᠴᠡᠭ ᠰᠣᠨᠢᠷᠬᠠᠬᠤ ᠤᠯᠠᠷᠢᠯ ᠤ᠋ᠨ ᠠᠵᠢᠯᠯᠠᠭ᠎ᠠ 4 ᠰᠠᠷ᠎ᠠ ᠶ᠋ᠢᠨ 7 ᠤ᠋ ᠡᠳᠦᠷ ᠡᠴᠡ 5 ᠰᠠᠷ᠎ᠠ ᠶ᠋ᠢᠨ 15 ᠤ᠋ ᠡᠳᠦᠷ ᠪᠣᠯᠲᠠᠯ᠎ᠠ ᠶᠠᠪᠤᠭᠳᠠᠨ᠎ᠠ᠃ ᠡᠬᠦᠨ ᠳ᠋ᠤ 4 ᠰᠠᠷ᠎ᠠ ᠶ᠋ᠢᠨ 25 ᠤ᠋ ᠡᠳᠦᠷ᠂ ᠱᠤᠭᠤᠮᠠᠯ ᠤ᠋ᠨ ᠤᠷᠠᠯᠢᠭ ᠤ᠋ᠨ ᠣᠷᠳᠣᠨ ᠤ᠋ ᠠᠭᠤᠳᠠᠮ ᠲᠠᠯᠠᠪᠠᠶ ᠳ᠋ᠦ ᠬᠣᠲᠠ ᠶ᠋ᠢᠨ ᠲᠥᠪ ᠤ᠋ᠨ ᠬᠠᠪᠤᠷ ᠤ᠋ᠨ ᠡᠳᠦᠷ ᠤ᠋ᠨ ᠨᠠᠢᠷ ᠢ᠋ ᠡᠷᠭᠢᠯᠡᠵᠦ᠍᠂ ᠭᠠᠩᠭᠠᠩ ᠰᠡᠬᠦᠳᠡᠷ ᠳᠠᠳᠠᠭᠤᠯᠬᠤ ᠪᠠ ᠳᠠᠭᠤᠤ ᠬᠦᠭᠵᠢᠮ ᠤ᠋ᠨ ᠬᠠᠮᠳᠤᠯᠢᠭ ᠤ᠋ᠨ ᠲᠤᠭᠯᠠᠯᠳᠠ ᠡᠴᠡ ᠭᠠᠳᠠᠨ᠎ᠠ ᠪᠠᠰᠠ ᠰᠤᠨᠢᠷᠬᠠᠯᠳᠦ ᠲᠣᠭ᠍ᠯᠠᠭᠠᠮ ᠲᠠᠢ᠃ ᠭᠦᠩᠵᠦ᠍ ᠶ᠋ᠢᠨ ᠣᠷᠳᠣᠨ ᠤ᠋ ᠴᠡᠴᠡᠷᠯᠢᠭ᠎ᠲᠦ ᠲᠤᠭᠤᠷ ᠤ᠋ᠨ ᠴᠡᠴᠡᠭ ᠰᠤᠨᠢᠷᠬᠠᠬᠤ᠂ ᠵᠠᠩᠵᠤᠨ ᠤ᠋ ᠶᠠᠮᠤᠨ ᠳ᠋ᠤ ᠭᠤᠤᠯᠲᠤ ᠪᠣᠷᠣ ᠴᠡᠴᠡᠭ ᠰᠤᠨᠢᠷᠬᠠᠬᠤ᠂ ᠮᠠᠨᠳᠤᠬᠠᠶ ᠴᠡᠴᠡᠷᠯᠢᠭ ᠲᠦ᠍ ᠡᠯᠳᠡᠪ ᠴᠡᠴᠡᠭ ᠰᠤᠨᠢᠷᠬᠠᠬᠤ ᠠᠵᠢᠯᠯᠠᠭ᠎ᠠ ᠡᠴᠡ ᠭᠠᠳᠠᠨ᠎ᠠ ᠪᠠᠰᠠ 《ᠬᠥᠬᠡᠬᠣᠲᠠ ᠵᠢᠨ ᠪᠤᠯᠵᠤᠭ᠎ᠠ》 ᠳᠤᠭᠤᠶ ᠤᠨᠤᠬᠤ ᠠᠵᠢᠯᠯᠠᠭ᠎ᠠ᠂ 《ᠴᠡᠴᠡᠭ ᠤ᠋ᠨ ᠳᠠᠯᠠᠢ ᠬᠦᠬᠡᠬᠤᠳᠠ》 ᠴᠡᠴᠡᠭ ᠰᠣᠨᠢᠷᠬᠠᠵᠦ ᠳᠠᠮᠠᠭ᠎ᠠ ᠳᠠᠷᠤᠬᠤ ᠪᠠ ᠬᠡᠷᠡᠯ ᠵᠢᠷᠤᠭ ᠵᠢᠡᠨ ᠰᠦᠯᠵᠢᠶᠡᠨ ᠳᠡᠭᠡᠷ᠎ᠡ ᠬᠤᠪᠢᠶᠠᠯᠴᠠᠬᠤ ᠵᠡᠷᠭᠡ ᠬᠦᠷ ᠬᠦᠭᠵᠢᠶᠡᠨᠳᠠᠢ ᠠᠵᠢᠯᠯᠠᠭ᠎ᠠ ᠥᠷᠨᠢᠭᠦᠯᠬᠦ ᠪᠤᠯᠤᠨ᠎ᠠ᠃ 

4 ᠰᠠᠷ᠎ᠠ ᠶ᠋ᠢᠨ 21᠎ᠡᠴᠡ 24 ᠤ᠋ ᠡᠳᠦᠷ ᠪᠣᠯᠲᠠᠯ᠎ᠠ᠂ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠠᠩᠬ᠎ᠠ ᠤᠳᠠᠭ᠎ᠠ ᠬᠥᠬᠡᠬᠣᠲᠠ ᠳ᠋ᠦ ᠶᠠᠪᠤᠭᠳᠠᠬᠤ ᠪᠤᠯᠤᠨ᠎ᠠ᠃ ᠡᠨᠡ ᠪᠣᠯ ᠤᠯᠤᠰ ᠤ᠋ᠨ ᠳᠣᠲᠣᠭᠠᠳᠤ ᠶ᠋ᠢᠨ ᠲᠣᠭ᠍ᠯᠠᠯᠲᠠ ᠶ᠋ᠢᠨ ᠠᠵᠢᠯ ᠲᠥᠷᠥᠯ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ᠂ ᠬᠠᠮᠤᠭ ᠤ᠋ᠨ ᠶᠡᠬᠡ ᠨᠥᠯᠥᠭᠡᠯᠡᠬᠦ᠌ ᠬᠦᠴᠦᠨ ᠲᠡᠶ ᠣᠨ ᠤ᠋ ᠲᠦᠷᠦᠯ ᠲᠡᠮᠳᠡᠭᠳᠦ ᠠᠵᠢᠯᠯᠠᠭ᠎ᠠ ᠪᠣᠯᠤᠨ᠎ᠠ᠂ ᠲᠤᠬᠠᠢ ᠵᠢᠨ ᠦᠶ᠎ᠡ ᠳ᠋ᠤ ᠰᠣᠳᠣᠨ ᠲᠣᠭ᠍ᠯᠠᠯᠲᠠ ᠭᠠᠷᠭᠠᠬᠤ᠂ ᠡᠬᠢ ᠪᠠᠶᠠᠯᠢᠭ ᠢ᠋ ᠵᠣᠯᠭᠠᠯᠳᠤᠭᠤᠯᠤᠨ ᠨᠡᠢᠲᠡᠯᠡᠬᠦ᠌᠂ ᠣᠷᠣᠨ ᠪᠦᠰᠡ ᠶ᠋ᠢᠨ ᠣᠨᠴᠠᠯᠢᠭ ᠲᠠᠶ ᠲᠣᠭ᠍ᠯᠠᠯᠲᠠ ᠭᠠᠷᠭᠠᠬᠤ ᠪᠠᠷ ᠳᠠᠮᠵᠢᠨ ᠪᠥᠬᠥ᠌ ᠤᠯᠤᠰ ᠤ᠋ᠨ ᠵᠣᠴᠢᠳ ᠲᠦ᠍ ᠬᠥᠬᠡᠬᠣᠲᠠ ᠶ᠋ᠢᠨ ᠷᠢᠳᠢ ᠱᠢᠳᠢ ᠵᠢ ᠮᠡᠳᠡᠷᠡᠭᠦᠯᠬᠦ᠌ ᠪᠤᠯᠤᠨ᠎ᠠ᠃ 

ᠬᠦᠬᠡᠬᠤᠳᠠ ᠵᠢᠨ 《 ᠦᠵᠡᠰᠭᠦᠯᠡᠩ ᠦᠵᠡᠬᠦᠯᠬᠡ ᠵᠢ ᠳᠠᠭᠠᠵᠤ ᠵᠢᠭᠤᠯᠴᠢᠯᠠᠬᠤ》 ᠠᠵᠢᠯᠯᠠᠭ᠎ᠠ ᠨᠢ 5 ᠰᠠᠷ᠎ᠠ ᠶ᠋ᠢᠨ 17 ᠡᠴᠡ 23 ᠤ᠋ ᠡᠳᠦᠷ ᠪᠣᠯᠲᠠᠯ᠎ᠠ ᠶᠠᠪᠤᠭᠳᠠᠨ᠎ᠠ᠃ ᠡᠬᠦᠨ ᠳ᠋ᠤ 2026 ᠣᠨ ᠤ᠋ ᠤᠯᠠᠨ ᠤᠯᠤᠰ ᠤ᠋ᠨ ᠮᠦᠽᠧᠢ ᠶ᠋ᠢᠨ ᠡᠳᠦᠷ ᠤ᠋ᠨ ᠳᠤᠮᠳᠠᠳᠤ ᠤᠯᠤᠰ ᠤ᠋ᠨ ᠭᠣᠣᠯ ᠬᠤᠷᠠᠯ ᠤ᠋ᠨ ᠲᠠᠯᠠᠪᠠᠢ ᠶ᠋ᠢᠨ ᠠᠵᠢᠯᠯᠠᠭ᠎ᠠ ᠵᠢ ᠬᠦᠬᠡᠬᠤᠳᠠ ᠳ᠋ᠤ ᠡᠷᠬᠢᠯᠡᠬᠦ᠌ ᠪᠡᠷ ᠪᠤᠯᠵᠤ᠂ ᠤᠤᠭᠠᠯ ᠡᠭᠦᠳᠦᠯᠲᠡ ᠶ᠋ᠢᠨ ᠦᠵᠡᠰᠭᠦᠯᠡᠩ ᠪᠣᠯᠬᠤ 《ᠬᠦᠷᠡᠯ ᠡᠳ᠋ᠯᠡᠯ ᠤ᠋ᠨ ᠭᠠᠢᠬᠠᠮᠰᠢᠭ ᠲᠠᠩᠰᠤᠭ ᠰᠠᠢᠬᠠᠨ ᠳᠤᠮᠳᠠᠳᠤ》 ᠵᠢ ᠳᠡᠯᠭᠡᠨ ᠦᠵᠡᠭᠦᠯᠵᠦ᠍᠂ ᠦᠵᠡᠰᠭᠦᠯᠡᠩ ᠨᠢ ᠪᠦᠬᠦ᠌ ᠤᠯᠤᠰ ᠤ᠋ᠨ 30 ᠭᠠᠷᠤᠢ ᠰᠣᠶᠣᠯ ᠤ᠋ᠨ ᠦᠵᠡᠰᠭᠦᠯᠡᠩ ᠤ᠋ᠨ ᠪᠠᠢᠭᠤᠯᠤᠮᠵᠢ ᠶ᠋ᠢᠨ 300 ᠱᠢᠬᠠᠮ ᠬᠤᠪᠢ ᠬᠦᠷᠡᠯ᠂ ᠱᠢᠵᠢᠷ ᠠᠯᠳᠠ ᠪᠠ ᠬᠠᠰ ᠡᠳ᠋ᠯᠡᠯ ᠵᠡᠷᠭᠡ ᠬᠣᠪᠣᠷ ᠨᠠᠨᠳᠢᠨ ᠵᠦᠢᠯᠡᠰ ᠢ᠋ ᠲᠥᠪᠯᠡᠷᠡᠭᠦᠯᠦᠨ᠂ ᠳᠤᠮᠳᠠᠳᠤ ᠶ᠋ᠢᠨ ᠪᠣᠯᠪᠠᠰᠤᠨ ᠤ᠋ ᠥᠷᠭᠡᠨ ᠳᠡᠯᠭᠡᠷ ᠭᠦᠨ ᠭᠦᠨᠵᠡᠭᠡᠢ ᠵᠢ ᠪᠦᠬᠦ᠌ ᠲᠠᠯ᠎ᠠ ᠪᠠᠷ ᠳᠡᠯᠭᠡᠨ ᠦᠵᠡᠭᠦᠯᠬᠦ᠌ ᠪᠣᠯᠤᠨ᠎ᠠ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠬᠥᠬᠡᠬᠣᠲᠠ ᠶ᠋ᠢᠨ ᠮᠦᠽᠧᠶ 《ᠠᠭᠤᠯᠠ ᠤᠰᠤᠨ ᠤᠭᠠᠯᠵᠠᠯᠠᠭᠰᠠᠨ ᠰᠦᠷᠯᠢᠭ ᠦᠵᠡᠮᠵᠢᠳᠦ ᠬᠥᠬᠡᠬᠣᠲᠠ — ᠬᠥᠬᠡᠬᠣᠲᠠ ᠶ᠋ᠢᠨ ᠲᠡᠦᠬᠡ ᠰᠣᠶᠣᠯ ᠤ᠋ᠨ ᠦᠵᠡᠭᠦᠯᠭᠡ》 ᠵᠢ ᠡᠷᠬᠢᠯᠡᠨ ᠶᠠᠪᠤᠭ᠍ᠳᠠᠭᠤᠯᠵᠤ᠂ 800 ᠭᠠᠷᠤᠶ ᠢᠵᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ᠶ᠋ᠡᠷ ᠳᠠᠮᠵᠢᠨ ᠬᠥᠬᠡᠬᠣᠲᠠ ᠶ᠋ᠢᠨ ᠲᠡᠦᠬᠡ ᠰᠣᠶᠣᠯ ᠤ᠋ᠨ ᠰᠤᠳᠠᠰᠤ ᠵᠢ ᠠᠩᠬ᠎ᠠ ᠤᠳᠠᠭ᠎ᠠ ᠪᠥᠬᠥ᠌ ᠲᠠᠯ᠎ᠠ ᠪᠠᠷ ᠡᠮᠬᠢᠯᠡᠨ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号