ᠬᠠᠳᠤᠨ ᠭᠤᠤᠯ ᠤ᠋ᠨ ᠰᠦᠩ ᠬᠠᠯᠢᠶ᠎ᠠ ᠵᠢ ᠰᠡᠷᠭᠡᠢᠯᠡᠬᠦ ᠰᠣᠷᠢᠯᠲᠠ ᠳᠠᠯᠠᠳ ᠬᠤᠰᠢᠭᠤᠨ᠎ᠳᠦ ᠶᠠᠪᠤᠬᠳᠠᠵᠠᠢ
2026-03-23 16:38:31
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ 《ᠬᠠᠲᠤᠨ ᠭᠣᠣᠯ ᠠᠮᠤᠭᠤᠯᠠᠩ ᠳᠠᠢᠪᠤᠩ·2026》 ᠬᠠᠲᠤᠨ ᠭᠣᠣᠯ ᠤ᠋ᠨ ᠰᠥᠩ ᠬᠠᠯᠢᠶ᠎ᠠ ᠵᠢ ᠰᠡᠷᠭᠡᠢᠯᠡᠬᠦ ᠪᠣᠳᠠᠲᠤ ᠰᠤᠷᠢᠯᠳᠠ ᠵᠢᠴᠢ ᠮᠥᠰᠥᠲᠦᠯᠭᠡ ᠵᠢᠨ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠢᠯᠡᠭᠰᠡᠨ ᠰᠣᠷᠢᠯᠲᠠ ᠣᠷᠳᠣᠰ ᠬᠣᠲᠠ ᠵᠢᠨ ᠲᠡᠯᠡᠳ ᠬᠣᠰᠢᠭᠤᠨ ᠤ᠋ ᠵᠣᠣ ᠵᠢᠶᠦ᠋ᠨ ᠪᠠᠯᠭᠠᠰᠤᠨ ᠳ᠋ᠤ ᠶᠠᠪᠤᠭᠳᠠᠵᠡᠢ᠃ ᠲᠣᠰ ᠰᠣᠷᠢᠯᠲᠠ ᠵᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠶᠡᠷ ᠢ᠋ ᠰᠡᠷᠭᠡᠢᠯᠡᠨ ᠭᠠᠩ ᠬᠠᠬᠰᠠᠷᠠᠭᠠᠨ ᠲᠠᠢ ᠲᠡᠮᠡᠴᠡᠬᠦ ᠵᠢ ᠵᠢᠯᠤᠭᠣᠳᠬᠤ ᠭᠠᠵᠠᠷ ᠭᠣᠣᠯᠯᠠᠨ ᠡᠷᠭᠢᠯᠡᠵᠦ᠂ ᠰᠥᠩ ᠬᠠᠯᠢᠶ᠎ᠠ ᠵᠢ ᠰᠡᠷᠭᠡᠢᠯᠡᠬᠦ ᠪᠠᠴᠢᠮ ᠪᠠᠢᠳᠠᠯ ᠢ᠋ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠵᠢ ᠪᠣᠳᠠᠲᠤ ᠪᠠᠶ᠋ᠢᠯᠳᠤᠭᠠᠨ᠎ᠤ ᠪᠠᠷᠢᠮᠵᠢᠶ᠎ᠠ ᠪᠠᠷ ᠰᠢᠯᠭᠠᠨ ᠪᠠᠢᠴᠠᠭᠠᠪᠠ᠃

ᠬᠠᠲᠤᠨ ᠭᠣᠣᠯ ᠤ᠋ᠨ ᠥᠪᠥᠷ ᠮᠣᠩᠭᠣᠯ᠎ᠳᠠᠬᠢ ᠬᠡᠰᠡᠭ᠎ᠤᠨ ᠬᠡᠰᠴᠤ ᠬᠠᠢᠯᠬᠤ ᠬᠤᠭᠤᠴᠠᠭᠠᠨ ᠳ᠋ᠤ ᠠᠮᠠᠷᠬᠠᠨ ᠰᠦᠩ ᠬᠠᠯᠢᠶ᠎ᠠ ᠪᠤᠢ ᠪᠤᠯᠳᠠᠭ᠃ ᠣᠷᠳᠣᠰ ᠬᠣᠲᠠ ᠵᠢᠨ ᠳᠠᠯᠠᠳ ᠬᠣᠰᠢᠭᠤᠨ ᠤ᠋ ᠬᠡᠰᠡᠭ ᠬᠠᠲᠤᠨ ᠭᠣᠣᠯ ᠤ᠋ᠨ ᠶᠡᠬᠡ ᠳᠤᠬᠤᠢ ᠶ᠋ᠢᠨ ᠮᠤᠷᠤᠢᠭᠰᠠᠨ ᠬᠡᠰᠡᠭ ᠲᠤ᠌ ᠤᠷᠤᠰᠢᠨ᠂ ᠭᠣᠣᠯ ᠤ᠋ᠨ ᠤᠰᠤᠨ ᠳᠦᠪᠰᠢᠨ᠎ᠤ ᠳᠣᠷᠣᠭᠰᠢᠯᠠᠬᠤ ᠨᠢ ᠤᠳᠠᠭᠠᠨ᠂ ᠮᠤᠷᠤᠢᠴᠡ ᠨᠢ ᠣᠯᠠᠨ᠂ ᠬᠠᠰᠢᠯᠭ᠎ᠠ ᠵᠢᠨ ᠪᠠᠷᠢᠮᠵᠢᠶ᠎ᠠ ᠨᠢ ᠬᠠᠷᠢᠴᠠᠩᠭᠤᠢ ᠳᠣᠣᠷ᠎ᠠ ᠪᠠᠢᠵᠤ᠂ ᠲᠡᠦᠬᠡᠨ ᠳᠡᠭᠡᠷ᠎ᠡ ᠣᠯᠠᠨᠲᠠ ᠮᠥᠰᠥᠨ ᠬᠠᠰᠢᠯᠭ᠎ᠠ ᠵᠢᠨ ᠲᠦᠭᠰᠢᠭᠦᠷᠢᠲᠤ ᠪᠠᠢᠳᠠᠯ ᠭᠠᠷᠤᠭᠰᠠᠨ ᠪᠠᠢᠳᠠᠭ᠃ ᠲᠣᠰ ᠰᠣᠷᠢᠯᠲᠠ ᠨᠢ ᠬᠦᠨᠳᠦ ᠨᠣᠴᠢᠲᠠᠢ ᠮᠥᠰᠥᠨ ᠬᠠᠰᠢᠯᠭ᠎ᠠ ᠵᠢᠨ ᠭᠡᠨᠡᠳᠲᠡ ᠵᠢᠨ ᠲᠦᠭᠰᠢᠭᠦᠷᠢᠲᠤ ᠪᠠᠢᠳᠠᠯ ᠢ᠋ ᠳᠠᠭᠤᠷᠢᠶᠠᠵᠤ᠂ 《ᠠᠭᠠᠷ ᠲᠡᠭᠷᠢ ᠭᠠᠵᠠᠷ ᠢ᠋ ᠨᠢᠭᠡ ᠴᠣᠭᠴᠠᠵᠢᠭᠤᠯᠬᠤ》 ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲᠧᠮ ᠢ᠋ ᠭᠣᠣᠯᠳᠠᠯᠭ᠎ᠠ ᠲᠠᠢ ᠰᠢᠯᠭᠠᠨ ᠪᠠᠢᠴᠠᠭᠠᠵᠤ᠂ ᠤᠯᠠᠮᠵᠢᠯᠠᠯᠲᠤ ᠠᠷᠭ᠎ᠠ ᠪᠠᠷᠢᠯ ᠪᠠ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠣᠨᠣᠭ ᠲᠥᠬᠦᠭᠡᠷᠦᠮᠵᠢ ᠵᠢ ᠤᠶᠠᠯᠳᠤᠭᠤᠯᠤᠭᠰᠠᠨ ᠮᠥᠰᠥ ᠬᠠᠭᠠᠯᠵᠤ ᠠᠶᠤᠯ ᠢ᠋ ᠠᠷᠢᠯᠭᠠᠬᠤ ᠪᠠᠢᠯᠳᠤᠬᠤ ᠠᠷᠭ᠎ᠠ ᠵᠢ ᠰᠣᠷᠢᠭᠰᠠᠨ ᠪᠠᠢᠨ᠎ᠠ᠃

ᠰᠣᠷᠢᠯᠲᠠ ᠵᠢᠨ ᠲᠤᠬᠠᠢ ᠵᠢᠨ ᠲᠠᠯᠠᠪᠠᠢ᠎ᠳᠤ ᠮᠥᠰᠥᠨ ᠬᠠᠰᠢᠯᠭ᠎ᠠ ᠵᠢᠨ ᠰᠡᠵᠢᠭ ᠲᠠᠢ ᠪᠠᠢᠳᠠᠯ ᠢ᠋ ᠣᠯᠵᠤ ᠮᠡᠳᠡᠭᠰᠡᠨ ᠤ᠋ ᠳᠠᠷᠠᠭ᠎ᠠ᠂ ᠪᠠᠴᠢᠮ ᠪᠠᠢᠳᠠᠯ ᠢ᠋ ᠠᠷᠭᠠᠴᠠᠭᠠᠬᠤ ᠲᠦᠰᠦᠯ᠎ᠢ ᠬᠡᠷᠡᠭᠵᠢᠭᠦᠯᠦᠨ᠂ ᠵᠢᠯᠣᠭᠣᠴᠢ ᠦᠭᠡᠢ ᠨᠢᠰᠬᠡᠯ ᠶ᠋ᠢᠡᠷ ᠰᠢᠨᠵᠢᠨ ᠠᠶᠤᠯᠳᠤ ᠪᠠᠢᠳᠠᠯ ᠢ᠋ ᠲᠣᠳᠣᠯᠠᠵᠠᠢ᠃ ᠴᠠᠭ ᠠᠭᠤᠷ ᠤ᠋ᠨ ᠡᠭᠦᠯᠡᠨ ᠵᠢᠷᠤᠭ᠂ ᠤᠰᠤᠨ ᠵᠦᠢ ᠵᠢᠨ ᠲᠣᠭ᠎ᠠ ᠪᠠᠷᠢᠮᠲᠠ᠂ ᠲᠤᠬᠠᠢ ᠵᠢᠨ ᠪᠠᠢᠳᠠᠯ ᠤ᠋ᠨ ᠵᠢᠷᠤᠭ ᠳᠦᠷᠰᠦ ᠵᠢ ᠴᠤᠭᠯᠠᠭᠤᠯᠵᠤ᠂ ᠣᠷᠳᠣᠰ ᠬᠣᠲᠠ ᠵᠢᠨ ᠦᠶᠡᠷ ᠢ᠋ ᠰᠡᠷᠭᠡᠢᠯᠡᠨ ᠭᠠᠩ ᠬᠠᠬᠰᠠᠷᠠᠭᠠᠨ ᠲᠠᠢ ᠲᠡᠮᠡᠴᠡᠬᠦ ᠵᠢ ᠵᠢᠯᠤᠭᠣᠳᠬᠤ ᠭᠠᠵᠠᠷ ᠣᠯᠠᠨ ᠰᠠᠯᠠᠭ᠎ᠠ ᠮᠥᠴᠢᠷ ᠢ᠋ ᠵᠣᠬᠢᠶᠠᠨ ᠪᠠᠢᠭᠤᠯᠤᠨ ᠬᠠᠮᠲᠤ ᠪᠡᠷ  ᠵᠥᠪᠳᠡᠯᠴᠡᠭᠡᠳ᠂Ⅲᠲᠠᠰ ᠤ᠋ᠨ ᠪᠠᠴᠢᠮ ᠪᠠᠢᠳᠠᠯ ᠢ᠋ ᠠᠷᠭᠠᠴᠠᠭᠠᠬᠤ ᠲᠥᠰᠥᠯ ᠢ᠋ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠵᠢᠨ ᠬᠠᠮᠲᠤ ᠬᠡᠷᠡᠭᠵᠢᠭᠦᠯᠦᠨ᠂ ᠮᠥᠰᠥ ᠵᠢ ᠬᠠᠭᠠᠯᠵᠤ ᠰᠢᠢᠳᠪᠦᠷᠢᠯᠡᠬᠦ ᠲᠥᠰᠥᠯ ᠢ᠋ ᠲᠣᠭᠲᠠᠭᠠᠪᠠ᠃ ᠰᠣᠷᠢᠯᠲᠠ ᠳ᠋ᠤ ᠣᠷᠣᠯᠴᠠᠭᠰᠠᠨ ᠡᠯ᠎ᠡ ᠪᠠᠢᠭᠤᠯᠭ᠎ᠠ ᠨᠢᠭᠡᠴᠢ ᠨᠤᠭᠦᠳ ᠳᠤᠬᠠᠢ ᠶ᠋ᠢᠨ ᠪᠠᠢᠳᠠᠯ ᠢ᠋ ᠬᠢᠨᠠᠨ ᠬᠡᠮᠵᠢᠬᠦ᠂ ᠣᠯᠠᠨ ᠱᠠᠲᠤ ᠬᠤᠯᠪᠤᠭᠠᠯᠠᠨ ᠵᠦᠪᠳᠡᠯᠴᠡᠬᠦ᠂ ᠡᠮᠦᠨ᠎ᠡ ᠹᠷᠣᠨᠲ ᠲᠤ᠌ ᠵᠢᠯᠣᠭᠣᠳᠬᠤ᠂ ᠡᠳ᠋ ᠪᠣᠳᠠᠰ ᠢ᠋ ᠤᠷᠢᠳ ᠶ᠋ᠢᠡᠷ ᠪᠠᠢᠷᠢᠯᠠᠭᠤᠯᠬᠤ ᠵᠡᠷᠭᠡ ᠭᠤᠭᠴᠤᠭ᠎ᠠ ᠵᠢ ᠡᠮᠬᠢ ᠲᠢᠭᠯᠢᠮ ᠲᠠᠢ ᠥᠷᠨᠢᠭᠦᠯᠵᠦ᠂ ᠳᠠᠭᠠᠭᠤᠯᠢ ᠣᠲᠣ᠌᠂ ᠵᠢᠯᠣᠭᠣᠴᠢ ᠦᠭᠡᠢ ᠨᠢᠰᠬᠡᠯ᠂ ᠬᠡᠢ ᠳᠡᠪᠢᠰᠬᠡᠷᠲᠦ ᠣᠩᠭᠣᠴᠠ ᠵᠡᠷᠭᠡ ᠳᠤᠨᠤᠭ ᠲᠥᠬᠦᠭᠡᠷᠦᠮᠵᠢ ᠳ᠋ᠤ ᠲᠦᠰᠢᠭᠯᠡᠨ᠂ ᠮᠥᠰᠥᠨ ᠬᠠᠰᠢᠯᠭ᠎ᠠ ᠶ᠋ᠢᠨ ᠪᠠᠢᠳᠠᠯ ᠢ᠋ ᠴᠠᠭ ᠢᠮᠠᠭᠳᠠ ᠤᠢᠯᠠᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ ᠨᠠᠷᠢᠯᠢᠭ᠋ ᠣᠨᠣᠴᠠᠲᠠᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠱᠠᠲᠤ ᠬᠤᠪᠢᠶᠠᠨ ᠮᠥᠰᠥ ᠬᠠᠭᠠᠯᠤᠨ ᠰᠢᠢᠳᠪᠦᠷᠢᠯᠡᠬᠦ ᠭᠣᠭᠴᠣᠭᠠᠨ ᠳ᠋ᠤ᠂ ᠵᠢᠯᠣᠭᠣᠴᠢ ᠦᠭᠡᠢ ᠨᠢᠰᠬᠡᠯ ᠲᠤᠷᠰᠢᠯᠲᠠ ᠵᠢᠨ ᠴᠢᠨᠠᠷᠲᠠᠢ ᠳᠡᠯᠪᠡᠴᠢᠯᠲᠡ ᠵᠢ ᠲᠠᠰ ᠳᠠᠷᠠᠭᠠᠯᠠᠨ ᠥᠷᠨᠢᠭᠦᠯᠪᠡ᠃ ᠮᠥᠰᠥᠨ ᠬᠠᠰᠢᠯᠭ᠎ᠠ ᠵᠢ ᠰᠢᠢᠳᠪᠦᠷᠢᠯᠡᠭᠰᠡᠨ ᠦᠷ᠎ᠡ ᠪᠦᠲᠦᠮᠵᠢ ᠨᠢ ᠵᠢᠱ᠌ᠢᠯᠲᠡ ᠳ᠋ᠤ ᠭᠦᠷᠦᠭᠰᠡᠨ ᠦᠭᠡᠢ ᠪᠠᠢᠳᠠᠯ ᠳ᠋ᠤ ᠴᠢᠭᠯᠡᠭᠦᠯᠦᠨ᠂ ᠴᠠᠭ ᠲᠤᠬᠠᠢ ᠳ᠋ᠤᠨᠢ ᠲᠠᠰ ᠳᠡᠪᠰᠢᠭᠦᠯᠦᠭᠰᠡᠨ ᠲᠥᠰᠥᠯ ᠶᠤᠰᠤᠭᠠᠷ᠂ 2 ᠳᠡᠯᠪᠡᠴᠢᠬᠦ ᠨᠢᠰᠬᠡᠯ (ᠰᠣᠷᠢᠯᠲᠠ ᠳ᠋ᠤ 4 ᠲᠣᠮᠣ᠌ ᠬᠡᠯᠪᠡᠷᠢ ᠵᠢᠨ ᠵᠢᠯᠣᠭᠣᠴᠢ ᠦᠭᠡᠢ ᠨᠢᠰᠬᠡᠯ ᠶ᠋ᠢᠡᠷ ᠣᠷᠣᠯᠠᠭᠤᠯᠪᠠ) ᠢ᠋ ᠠᠰᠢᠭᠯᠠᠨ ᠮᠥᠰᠥ ᠵᠢ ᠬᠠᠭᠠᠯᠵᠠᠢ᠃ ᠤᠯᠠᠨ ᠳᠦᠮᠡᠨ ᠢ᠋ ᠰᠢᠯᠵᠢᠭᠦᠯᠬᠦ ᠬᠢᠭᠡᠳ ᠣᠷᠣᠨ ᠪᠦᠰᠡ ᠵᠢᠨ ᠬᠠᠮᠢᠶᠠᠷᠤᠯᠲᠠ ᠵᠢ ᠵᠡᠷᠭᠡ ᠪᠡᠷ ᠠᠬᠢᠭᠤᠯᠵᠤ᠂ ᠡᠴᠦᠰ ᠲᠤ᠌ ᠵᠢᠯᠣᠭᠣᠴᠢ ᠦᠭᠡᠢ ᠲᠣᠮᠣ᠌ ᠬᠡᠯᠪᠡᠷᠢ ᠵᠢᠨ ᠨᠢᠰᠬᠡᠯ ᠮᠥᠰᠥᠨ ᠬᠠᠰᠢᠯᠭ᠎ᠠ ᠵᠢ ᠨᠠᠷᠢᠯᠢᠭ᠋ ᠣᠨᠣᠴᠠᠲᠠᠢ ᠳᠡᠯᠪᠡᠴᠢᠨ᠂ ᠭᠣᠣᠯ ᠢ᠋ ᠰᠠᠭᠠᠳ ᠦᠭᠡᠢ ᠨᠡᠪᠲᠡᠷᠡᠭᠦᠯᠵᠡᠢ᠃

ᠲᠣᠰ ᠰᠣᠷᠢᠯᠲᠠ ᠨᠢ ᠪᠥᠬᠥ ᠶᠠᠪᠤᠴᠠ ᠳ᠋ᠤ ᠪᠣᠳᠠᠲᠤ ᠪᠠᠢᠳᠠᠯ ᠢ᠋ ᠳᠠᠭᠤᠷᠢᠶᠠᠨ ᠥᠷᠨᠢᠭᠦᠯᠵᠦ᠂ ᠪᠥᠬᠥ ᠣᠷᠣᠨ ᠤ᠋ ᠰᠦᠩ ᠬᠠᠯᠢᠶ᠎ᠠ ᠦᠶᠡᠷ ᠤ᠋ᠨ ᠭᠠᠮᠰᠢᠭ᠋ ᠤ᠋ᠨ ᠪᠠᠴᠢᠮ ᠪᠠᠢᠳᠠᠯ ᠢ᠋ ᠠᠷᠭᠠᠴᠠᠭᠠᠨ ᠵᠢᠯᠤᠭᠣᠳᠬᠤ᠂ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ᠂ ᠠᠪᠤᠷᠠᠨ ᠲᠤᠰᠠᠯᠠᠵᠤ ᠰᠢᠢᠳᠪᠦᠷᠢᠯᠡᠬᠦ᠂ ᠶᠡᠷᠦᠩᠬᠡᠢᠯᠡᠭᠰᠠᠨ ᠪᠠᠲᠤᠯᠠᠬᠤ ᠴᠢᠳᠠᠪᠤᠷᠢ ᠵᠢ ᠪᠦᠲᠦᠮᠵᠢᠲᠡᠢ ᠰᠢᠯᠭᠠᠨ ᠪᠠᠢᠴᠠᠭᠠᠵᠤ᠂ ᠡᠨᠡ ᠵᠢᠯ ᠤ᠋ᠨ ᠬᠠᠲᠤᠨ ᠭᠣᠣᠯ ᠤ᠋ᠨ ᠰᠥᠩ ᠬᠠᠯᠢᠶ᠎ᠠ ᠵᠢ ᠰᠡᠷᠭᠡᠢᠯᠡᠬᠦ ᠳ᠋ᠤ ᠪᠣᠳᠠᠲᠤ ᠪᠠᠢᠯᠳᠤᠭᠠᠨ ᠤ᠋ ᠲᠤᠷᠰᠢᠯᠭ᠎ᠠ ᠵᠢ ᠬᠤᠷᠠᠮᠳᠤᠭᠤᠯᠤᠨ᠂ ᠪᠠᠲᠤ ᠪᠡᠬᠢ ᠰᠡᠷᠭᠡᠢᠯᠡᠯᠲᠡ ᠵᠢᠨ ᠱᠤᠭᠤᠮ ᠢ᠋ ᠴᠤᠭᠴᠠᠯᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号