5000 ᠱᠠᠪᠢ ᠬᠦᠮᠦᠵᠢᠬᠦᠯᠦᠭᠰᠡᠨ ᠤᠷᠠᠨ ᠬᠠᠳᠬᠤᠮᠠᠯᠴᠢᠨ ᠪᠤᠤ ᠴᠦᠨ ᠬᠤᠸᠠ
2026-03-23 10:42:24
ᠵᠣᠬᠢᠶᠠᠭ᠍ᠴᠢ᠄
ᠬᠣᠩ ᠱᠢᠶᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 6᠎ᠤ᠋ ᠡᠳᠦᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠠᠪᠤᠷ ᠤᠷᠠᠨ ᠬᠠᠳᠭᠤᠮᠠᠯ᠎ᠤᠨ ᠦᠢᠯᠡᠳᠭᠡᠯ᠎ᠦᠨ ᠭᠠᠵᠠᠷ᠎ᠲᠤ ᠬᠦᠷᠬᠦ ᠳ᠋ᠦ ᠦᠵᠡᠭᠦᠯᠭᠡ᠎ᠶ᠋ᠢᠨ ᠲᠢᠩᠬᠢᠮ᠎ᠳᠦ ᠭᠣᠢᠳᠠ ᠰᠠᠢᠬᠠᠨ ᠲᠠᠮᠠᠬᠢᠨ ᠤᠭᠤᠳᠠ᠂ ᠮᠤᠩᠭᠤᠯ ᠭᠤᠳᠤᠯ ᠵᠡᠷᠭᠡ ᠤᠷᠠᠨ ᠬᠠᠳᠭᠤᠮᠠᠯ᠎ᠤᠨ ᠪᠦᠲᠦᠭᠡᠯ ᠳᠡᠯᠭᠡᠭ᠌ᠳᠡᠵᠦ᠍᠂ ᠨᠡᠷᠡᠨ᠎ᠦ ᠬᠡᠷᠡᠯ᠎ᠳᠦ ᠰᠢᠵᠢᠷᠳᠦᠨ ᠬᠢᠯᠠᠯᠵᠠᠨ᠎ᠠ᠃ ᠠᠵᠢᠯᠯᠠᠬᠤ ᠥᠷᠥᠭᠡ ᠳ᠋ᠦ ᠠᠬᠠᠮᠠᠳ ᠨᠢᠭᠡ ᠦᠶ᠎ᠡ ᠪᠠ ᠵᠠᠯᠠᠭᠤ ᠨᠢᠭᠡ ᠦᠶ᠎ᠡ᠎ᠶ᠋ᠢᠨ ᠬᠠᠳᠭᠤᠮᠠᠯᠴᠢᠨ ᠪᠦᠰᠡᠭᠦᠢᠴᠦᠳ ᠬᠦᠷᠢᠶᠡᠯᠡᠨ ᠰᠠᠭᠤᠯᠴᠠᠵᠤ ᠯᠢᠩᠬᠤ᠎ᠠ ᠴᠡᠴᠡᠭ᠂ ᠮᠦᠳᠠᠨ ᠬᠤᠸᠠᠷ ᠰᠢᠪᠡᠭᠡᠳ ᠤᠨᠴᠠ ᠬᠦᠷ ᠬᠦᠭᠵᠢᠶᠡᠨ ᠲᠠᠢ ᠪᠠᠢᠯ᠎ᠠ᠃


8e5a2c22-0b2c-46ec-bbfc-1a189eef393a.png


ᠪᠦᠦ ᠴᠦᠨ ᠬᠤᠸᠠ ᠬᠠᠳᠬᠤᠮᠠᠯ᠎ᠦᠨ ᠤᠷ᠎ᠠ ᠮᠡᠷᠬᠡᠵᠢᠯ᠎ᠢ ᠵᠢᠭᠠᠵᠤ ᠪᠠᠢᠭ᠎ᠠ ᠨᠢ


《ᠡᠨᠡ ᠵᠡᠭᠦᠦ᠍᠎ᠶ᠋ᠢ ᠬᠥᠩᠭᠡᠬᠡᠨ ᠬᠠᠳᠬᠤᠪᠠᠯ ᠰᠠᠶᠢ ᠰᠠᠢᠬᠠᠨ ᠰᠢᠪᠡᠵᠦ ᠴᠢᠳᠠᠨ᠎ᠠ》ᠬᠡᠵᠦ ᠤᠯᠠᠨ᠎ᠤ ᠲᠤᠮᠳᠠᠭᠤᠷ ᠨᠢᠭᠡᠨ ᠪᠦᠰᠡᠭᠦᠢ ᠨᠠᠭᠠᠰᠢ ᠴᠠᠭᠠᠰᠢ ᠠᠯᠬᠤᠯᠠᠨ ᠡᠶᠡᠯᠳᠡᠭ ᠲᠤᠳᠤᠨᠤ ᠪᠡᠷ ᠶᠠᠷᠢᠨ᠎ᠠ᠃ ᠴᠡᠩᠭᠡᠷ ᠲᠡᠷᠯᠢᠭ ᠡᠮᠦᠰᠦᠭᠰᠡᠨ ᠡᠨᠡ ᠪᠦᠰᠡᠭᠦᠢ ᠪᠤᠯ ᠦᠢᠯᠡᠳᠭᠡᠯ᠎ᠤᠨ ᠭᠠᠵᠠᠷ᠎ᠤᠨ ᠬᠠᠷᠢᠭᠤᠴᠠᠯᠭᠠᠲᠠᠨ ᠪᠦᠦ ᠴᠦᠨ ᠬᠤᠸᠠ ᠪᠤᠯᠤᠨ᠎ᠠ᠃ ᠪᠦᠦ ᠴᠦᠨ ᠬᠤᠸᠠ ᠪᠣᠯ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠠᠨᠵᠦᠲ᠋ᠦ᠋ᠨ ᠮᠠᠨᠵᠦ ᠦᠨᠳᠦᠰᠦᠲᠡᠨ᠎ᠤ ᠰᠢᠶᠠᠩ᠎ᠤᠨ ᠮᠠᠯᠴᠢᠨ᠃ ᠡᠵᠢ ᠨᠢ ᠲᠤᠬᠠᠶ᠎ᠶ᠋ᠢᠨ ᠭᠠᠵᠠᠷ᠎ᠤᠨ ᠨᠡᠷᠡᠳᠦ ᠬᠠᠳᠭᠤᠮᠠᠯᠴᠢᠨ ᠪᠠᠢᠵᠠᠢ᠃ ᠡᠵᠢ᠎ᠶ᠋ᠢᠨ᠎ᠢᠶᠡᠨ ᠨᠦᠯᠦᠭᠡ ᠪᠡᠷ ᠬᠠᠷᠠᠬᠠᠨ ᠪᠠᠭ᠎ᠠ᠎ᠠᠴᠠ᠎ᠪᠠᠨ ᠲᠡᠷᠡ ᠵᠠᠰᠠᠭ᠍ᠲᠤ ᠬᠠᠳᠭᠤᠮᠠᠯ᠎ᠳᠤ ᠣᠨᠴᠠ ᠳᠤᠷᠠᠲᠠᠶ ᠪᠤᠯᠵᠠᠢ᠃ ᠬᠣᠷᠴᠢᠨ᠎ᠤ ᠲᠠᠯ᠎ᠠ ᠨᠤᠲᠤᠭ᠎ᠲᠤ ᠬᠡᠳᠦᠨ ᠵᠠᠭᠤᠨ ᠵᠢᠯ ᠤᠯᠠᠮᠵᠢᠯᠠᠬᠳᠠᠵᠤ ᠢᠷᠡᠭᠰᠡᠨ ᠡᠨᠡ ᠬᠦ᠌ ᠤᠯᠠᠮᠵᠢᠯᠠᠯᠲᠤ ᠤᠷ᠎ᠠ ᠮᠡᠷᠭᠡᠵᠢᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠪᠥᠭᠡᠳ ᠪᠤᠤ ᠴᠦᠨ ᠬᠤᠸᠠ ᠵᠢᠨ ᠰᠡᠳᠭᠢᠯ᠎ᠤᠨ ᠬᠦᠨ᠎ᠳᠡᠬᠢ ᠬᠠᠮᠤᠭ᠎ᠤᠨ ᠶᠡᠭᠡ ᠬᠦᠰᠡᠯ ᠮᠥᠷᠥᠭᠡᠳᠦᠯ ᠪᠠᠢᠵᠠᠢ᠃ 《ᠪᠠᠭ᠎ᠠ᠎ᠶ᠋ᠢᠨ ᠦᠶ᠎ᠡ ᠵᠢᠨ ᠬᠦᠰᠡᠯ ᠪᠣᠯ ᠳᠠᠷᠤᠢ ᠡᠵᠢ᠎ᠲᠡᠶ᠎ᠪᠡᠨ ᠠᠳᠠᠯᠢ ᠬᠠᠳᠭᠤᠮᠠᠯᠴᠢᠨ ᠪᠣᠯᠤᠨ᠎ᠠ》 ᠬᠡᠵᠦ  ᠪᠦᠦ ᠴᠦᠨ ᠬᠤᠸᠠ ᠬᠡᠯᠡᠨ᠎ᠡ᠃

ᠲᠤᠷ᠎ᠠ ᠳ᠋ᠦ ᠰᠢᠷ᠎ᠠ ᠦᠭᠡᠢ ᠬᠡᠳᠡᠭ ᠵᠢᠡᠷ ᠡᠨᠡᠬᠦ ᠬᠦᠰᠡᠯ᠎ᠤᠨ ᠵᠢᠡᠨ ᠲᠦᠯᠦᠭᠡ ᠪᠤᠤ ᠴᠦᠨ ᠬᠤᠸᠠ ᠠᠷᠪᠠᠭᠠᠳ ᠵᠢᠯ ᠰᠢᠷᠭᠠᠭᠤ ᠬᠠᠳᠠᠭᠤᠵᠢᠯᠳᠠᠢ ᠲᠡᠮᠡᠴᠡᠭᠰᠡᠭᠡᠷ ᠢᠷᠡᠵᠡᠢ᠃ 2016 ᠤᠨ ᠳ᠋ᠦ ᠬᠦᠳᠡᠭᠡ ᠨᠤᠳᠤᠭ ᠡᠴᠡ ᠪᠠᠨ ᠬᠤᠰᠢᠭᠤᠨ ᠲᠦᠪ ᠲᠸ᠋ ᠰᠢᠯᠵᠢᠨ ᠢᠷᠡᠵᠦ᠂ 2023 ᠣᠨ ᠪᠤᠯᠬᠤ᠎ᠳᠤ ᠦᠢᠯᠡᠳᠭᠡᠯ᠎ᠤᠨ ᠭᠠᠵᠠᠷ ᠨᠢ 200 ᠭᠠᠷᠤᠢ ᠬᠤᠪᠢ ᠵᠠᠬᠢᠶᠠᠯᠠᠭ᠎ᠠ ᠲᠤᠰᠤᠨ᠂ ᠵᠠᠰᠠᠭ᠍ᠲᠤ ᠬᠠᠳᠭᠤᠮᠠᠯ᠎ᠤᠨ ᠲᠦᠷᠦᠯ ᠲᠡᠮᠳᠡᠭ᠎ᠢ ᠬᠤᠯᠠ ᠤᠢᠷ᠎ᠠ ᠳ᠋ᠤ ᠠᠯᠳᠠᠷᠰᠢᠭᠤᠯᠬᠤ ᠵᠢᠨ ᠤᠯᠠᠮ ᠵᠢᠡᠷ ᠮᠠᠯᠴᠢᠳ᠎ᠤᠨ ᠣᠷᠣᠯᠭ᠎ᠠ᠎ᠶ᠋ᠢ ᠲᠤᠭᠳᠠᠭᠤᠨ ᠵᠢᠡᠷ ᠨᠡᠮᠡᠭ᠌ᠳᠡᠭᠦᠯᠵᠡᠢ᠃ ᠲᠠᠷᠠᠭ᠎ᠠ ᠵᠢᠯ᠎ᠦᠨ ᠬᠢᠨᠢ 4 ᠰᠠᠷ᠎ᠠ᠎ᠳᠤ᠂ ᠬᠠᠪᠤᠷ ᠤᠷᠠᠨ ᠬᠠᠳᠭᠤᠮᠠᠯ᠎ᠤᠨ ᠦᠢᠯᠡᠳᠭᠡᠯ᠎ᠤᠨ ᠭᠠᠵᠠᠷ ᠵᠢᠩᠬᠢᠨᠢ᠎ᠪᠡᠷ ᠪᠠᠢᠭᠤᠯᠤᠭ᠍ᠳᠠᠵᠤ᠂ ᠬᠤᠪᠴᠠᠰᠤ ᠬᠤᠨᠠᠷ᠂ ᠲᠣᠯᠣᠭᠠᠢ᠎ᠶ᠋ᠢᠨ ᠵᠠᠰᠠᠯ ᠵᠢᠴᠢ ᠮᠣᠩᠭᠣᠯ ᠦᠨᠳᠦᠰᠦᠲᠡᠨ᠎ᠦ ᠬᠠᠳᠭᠤᠮᠠᠯ ᠡᠳ᠋ᠯᠡᠯ᠎ᠢ ᠭᠣᠣᠯᠯᠠᠨ ᠡᠷᠬᠢᠯᠡᠬᠦ ᠪᠤᠯᠪᠠ᠃ ᠦᠪᠡᠷ ᠵᠢᠡᠨ ᠪᠠᠶᠠᠵᠢᠬᠤ ᠵᠢᠨ ᠲᠠᠭᠠᠤ ᠨᠤᠲᠤᠬ᠎ᠤᠨ ᠡᠭᠡᠴᠢ ᠲᠡᠭᠦᠦ ᠨᠠᠷ ᠵᠢᠡᠨ ᠲᠠᠭᠠᠭᠤᠯᠤᠨ ᠬᠠᠮᠲᠤ ᠪᠡᠷ ᠪᠠᠶᠠᠵᠢᠵᠦ᠂ ᠵᠠᠰᠠᠬᠲᠤ ᠬᠠᠳᠬᠤᠮᠠᠯ ᠵᠢᠡᠨ ᠦᠶ᠎ᠡ ᠵᠢᠨ ᠦᠶ᠎ᠡ ᠳ᠋ᠦ ᠤᠯᠠᠮᠵᠢᠯᠠᠨ ᠬᠦᠭᠵᠢᠬᠦᠯᠬᠦ ᠪᠤᠯ ᠪᠤᠤ ᠴᠦᠨ ᠬᠤᠸᠠ ᠵᠢᠨ ᠤᠬ ᠰᠠᠨᠠᠭ᠎ᠠ ᠪᠠᠢᠯ᠎ᠠ᠃ ᠤᠳᠤ ᠪᠣᠯᠲᠠᠯ᠎ᠠ ᠲᠡᠷᠡ ᠪᠦᠬᠦ᠌ ᠠᠢᠮᠠᠭ᠎ᠲᠤ 5000 ᠭᠠᠷᠤᠢ ᠰᠤᠷᠤᠬ᠍ᠴᠢ ᠬᠥᠮᠦᠵᠢᠭᠦᠯᠵᠦ᠂ 3000 ᠭᠠᠷᠤᠢ ᠰᠤᠷᠤᠬᠴᠢ ᠨᠢ ᠦᠪᠡᠷ ᠵᠢᠡᠨ ᠵᠠᠬᠢᠶᠠᠯᠠᠭ᠎ᠠ ᠲᠤᠰᠴᠤ ᠲᠤᠬᠳᠠᠭᠤᠨ ᠤᠷᠤᠯᠭ᠎ᠠ ᠲᠠᠢ ᠪᠤᠯᠵᠤ᠂ ᠤᠷᠠᠨ ᠬᠠᠳᠬᠤᠮᠠᠯᠴᠢᠳ᠎ᠤᠨ ᠵᠢᠯ᠎ᠤᠨ ᠤᠷᠤᠯᠭ᠎ᠠ ᠲᠦᠮᠡ ᠡᠴᠡ ᠭᠤᠷᠪᠡᠨ ᠲᠦᠮᠡ ᠭᠠᠷᠤᠢ ᠲᠦᠭᠦᠷᠢᠭ ᠨᠡᠮᠡᠭᠳᠡᠭᠰᠡᠨ ᠪᠠᠢᠨ᠎ᠠ᠃ ᠡᠬᠦᠨ᠎ᠤ ᠬᠠᠮᠳᠤ᠂ ᠪᠤᠤ ᠴᠦᠨ ᠬᠤᠸᠠ ᠰᠦᠯᠵᠢᠶᠡᠨ ᠲᠡᠭᠡᠷᠡᠬᠢ ᠪᠠ ᠪᠤᠳᠠᠳᠤ ᠴᠤᠬᠴᠠ ᠵᠢᠨ ᠵᠠᠬ᠎ᠠ ᠲᠡᠯᠭᠡᠬᠦᠷ᠎ᠢ ᠢᠳᠡᠪᠬᠢᠳᠡᠢ ᠬᠠᠢᠵᠤ᠂ ᠰᠤᠷᠤᠯᠭᠠᠳᠠᠳ ᠨᠢ ᠣᠯᠠᠨ ᠵᠦᠶ᠋ᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠳ᠋ᠤ ᠰᠢᠯᠭᠠᠷᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ᠎ᠢ ᠦᠨᠡᠨ ᠬᠦ᠌ ᠡᠮᠡᠭᠳᠡᠢᠴᠦᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠬᠥᠳᠡᠯᠭᠡᠭ᠌ᠴᠢ ᠡᠨᠧᠷᠭᠢ ᠪᠣᠯᠭᠠᠨ ᠬᠤᠪᠢᠷᠠᠭᠤᠯᠪᠠ᠃

《ᠪᠢ ᠬᠤᠰᠢᠭᠤᠨ ᠲᠦᠪ ᠲᠸ᠋ ᠤᠮᠪᠤᠯᠤ ᠪᠡᠨ ᠬᠠᠷᠠᠵᠤ ᠰᠠᠭᠤᠳᠠᠬ᠂ ᠦᠩᠭᠡᠷᠡᠭᠰᠡᠨ ᠳ᠋ᠦ ᠤᠮᠪᠤᠯᠤ ᠪᠡᠨ ᠰᠤᠷᠭᠠᠭᠤᠯᠢ ᠳ᠋ᠤᠨᠢ ᠬᠦᠷᠭᠡᠪᠡᠯ ᠭᠡᠷ᠎ᠲᠡᠬᠡᠨ ᠵᠦᠭᠡᠷ ᠰᠠᠭᠤᠳᠠᠬ ᠪᠠᠢᠵᠠᠢ᠂ ᠤᠳᠤ ᠤᠷᠠᠨ ᠬᠠᠳᠬᠤᠮᠠᠯ ᠬᠠᠳᠬᠤᠭᠠᠳ ᠵᠤᠬᠢᠬᠤ ᠤᠷᠤᠯᠭ᠎ᠠ ᠤᠯᠵᠤ ᠪᠠᠢᠭ᠎ᠠ ᠲᠡᠳᠦᠢ ᠦᠭᠡᠢ᠂ ᠠᠮᠢᠳᠤᠷᠠᠯ ᠨᠡᠩ ᠤᠳᠬ᠎ᠠ ᠠᠭᠤᠯᠭ᠎ᠠ ᠲᠠᠢ ᠪᠤᠯᠵᠠᠢ》 ᠭᠡᠵᠦ᠍ ᠵᠢᠷᠠᠨ ᠲᠤᠯᠤᠭᠠᠲᠠᠢ ᠯᠠᠰᠢᠮ᠎ᠠ ᠨᠠᠰᠤᠲᠠᠨ ᠰᠤᠷᠪᠤᠯᠵᠢᠯᠠᠬᠴᠢ ᠳ᠋ᠦ ᠬᠡᠯᠡᠨ᠎ᠡ᠃

ᠴᠢᠷᠮᠠᠢᠯᠭ᠎ᠠ ᠬᠦᠮᠦᠨ᠎ᠢ ᠭᠤᠮᠤᠳᠠᠭᠠᠳᠠᠬ ᠦᠭᠡᠢ᠃ 2023 ᠣᠨ᠎ᠳᠤ᠂ ᠪᠦᠦ ᠴᠦᠨ ᠬᠤᠸᠠ ᠬᠢᠩᠭᠠᠨ ᠠᠢᠮᠠᠭ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ᠎ᠢ ᠬᠦᠷᠳᠡᠵᠦ᠂ 2025 ᠣᠨ᠎ᠳᠤ᠂ ᠬᠢᠩᠭᠠᠨ ᠠᠢᠮᠠᠭ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠴᠣᠯᠠ ᠵᠢ ᠬᠦᠷᠲᠡᠪᠡ᠃ ᠲᠡᠷᠡ ᠤᠨᠠᠭᠠᠨ ᠪᠠᠭ᠎ᠠ ᠵᠢᠨ ᠬᠦᠰᠡᠯ ᠡᠷᠡᠮᠡᠯᠵᠡᠯ᠎ᠢᠶᠡᠨ ᠪᠡᠶᠡᠯᠡᠭᠦᠯᠦᠭ᠌ᠰᠡᠨ᠎ᠢᠶᠡᠷ ᠪᠠᠷᠠᠬᠤ ᠦᠭᠡᠢ᠂ ᠠᠢᠮᠠᠭ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠪᠤᠯᠤᠭᠰᠠᠨ ᠪᠠᠢᠨ᠎ᠠ᠃ ᠤᠳᠤ ᠲᠡᠬᠦᠨ᠎ᠤ ᠦᠢᠯᠡᠳᠭᠡᠯ᠎ᠤᠨ ᠭᠠᠵᠠᠷ ᠲᠸ᠋ 500 ᠭᠠᠷᠤᠢ ᠬᠠᠳᠭᠤᠮᠠᠯᠴᠢᠨ᠎ᠲᠠᠢ ᠪᠠᠢᠵᠤ᠂ ᠲᠡᠳᠡ ᠬᠠᠮᠳᠤ ᠪᠡᠷ ᠪᠠᠶᠠᠵᠢᠯ᠎ᠤᠨ ᠵᠠᠮ᠎ᠢ 《ᠰᠢᠪᠡᠬᠦ》 ᠪᠤᠯᠪᠠ᠃ ᠪᠦᠦ ᠴᠦᠨ ᠬᠤᠸᠠ᠎ᠶ᠋ᠢᠨ ᠦᠵᠡᠬᠦ᠌᠎ᠪᠡᠷ᠂ ᠲᠡᠬᠦᠨ᠎ᠤ ᠬᠠᠮᠤᠭ᠎ᠤᠨ ᠶᠡᠬᠡ ᠤᠮᠤᠭᠰᠢᠯ ᠪᠣᠯ ᠦᠢ ᠤᠯᠠᠨ ᠡᠭᠡᠴᠢ ᠳᠡᠭᠦᠦ᠍᠎ᠨᠡᠷ ᠲᠸ᠋ ᠪᠠᠨ ᠦᠪᠡᠷ᠎ᠤᠨ ᠤᠷ᠎ᠠ ᠮᠡᠷᠭᠡᠵᠢᠯ᠎ᠳᠡᠭᠡᠨ ᠲᠦᠱᠢᠭ᠌ᠯᠡᠨ ᠰᠠᠢᠨ ᠰᠠᠢᠬᠠᠨ ᠠᠮᠢᠳᠤᠷᠠᠯ᠎ᠢ ᠡᠳ᠋ᠯᠡᠬᠦ ᠴᠢᠳᠠᠪᠤᠷᠢ ᠤᠯᠭᠤᠭᠰᠠᠨ ᠶᠠᠪᠤᠳᠠᠯ ᠪᠣᠯᠤᠨ᠎ᠠ᠃ 《ᠤᠷ᠎ᠠ ᠮᠡᠷᠭᠡᠵᠢᠯ᠎ᠢᠶᠡᠨ ᠥᠴᠦᠬᠡᠨ ᠴᠦ᠍ ᠦᠯᠡᠳᠡᠭᠡᠯ ᠦᠭᠡᠢ᠎ᠪᠡᠷ ᠬᠠᠳᠭᠤᠮᠠᠯ ᠳ᠋ᠦ ᠲᠤᠷ᠎ᠠ ᠪᠠᠬ᠎ᠠ ᠲᠠᠢ ᠡᠮᠡᠭᠳᠡᠢᠴᠤᠳ ᠲᠸ᠋ ᠤᠯᠠᠮᠵᠢᠯᠠᠵᠤ᠂ ᠰᠢᠯᠢᠳᠡᠭ ᠤᠯᠠᠮᠵᠢᠯᠠᠯᠳᠤ ᠰᠤᠶᠤᠯ ᠤᠷᠠᠯᠢᠭ᠎ᠢ ᠦᠷᠭᠦᠯᠵᠢᠯᠡᠨ ᠠᠮᠢᠯᠠᠭᠤᠯᠤᠨ ᠬᠦᠭᠵᠢᠬᠦᠯᠦᠨ᠎ᠡ》 ᠬᠡᠵᠦ ᠪᠦᠦ ᠴᠦᠨ ᠬᠤᠸᠠ ᠢᠳᠡᠭᠡᠯ ᠬᠦᠴᠦᠨ ᠲᠠᠢ ᠬᠡᠯᠡᠪᠡ᠃

ᠬᠠᠪᠤᠷ᠎ᠤᠨ ᠤᠷᠢᠬᠠᠨ ᠰᠠᠯᠬᠢ ᠬᠠᠴᠠᠷ᠎ᠢ ᠢᠯᠪᠢᠵᠦ᠂ ᠬᠠᠮᠤᠭ ᠪᠤᠳᠠᠰ ᠡᠰᠡᠨᠢᠯ ᠬᠦᠭᠵᠢᠯ ᠵᠢᠡᠷ ᠪᠢᠯᠬᠠᠨ᠎ᠠ᠃ ᠬᠠᠪᠤᠷ ᠤᠷᠠᠨ ᠬᠠᠳᠬᠤᠮᠠᠯ᠎ᠤᠨ ᠦᠢᠯᠡᠳᠭᠡᠯ᠎ᠤᠨ ᠭᠠᠵᠠᠷ ᠬᠦᠷ ᠬᠦᠭᠵᠢᠶᠡᠨ ᠵᠢᠡᠷ ᠪᠢᠯᠬᠠᠵᠤ᠂ ᠤᠷᠠᠨ ᠬᠠᠳᠬᠤᠮᠠᠯᠴᠢᠨ᠎ᠤ ᠭᠠᠷ ᠵᠢᠡᠷ 《ᠠᠮᠢᠯᠠᠨ ᠪᠦᠳᠦᠭᠰᠡᠨ》 ᠯᠢᠩᠬᠤ᠎ᠠ ᠴᠡᠴᠡᠭ ᠨᠢ ᠬᠤᠷᠴᠢᠨ ᠨᠤᠲᠤᠭ᠎ᠤᠨ ᠪᠠᠶᠠᠵᠢᠯ᠎ᠤᠨ ᠴᠡᠴᠡᠭ ᠮᠡᠳᠦ ᠪᠠᠳᠠᠷᠠᠨ ᠲᠡᠯᠭᠡᠷᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号