ᠤᠯᠤᠰ ᠡᠴᠡ ᠦᠪᠦᠷ ᠮᠤᠩᠭᠤᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠢ᠋ ᠬᠢᠨᠠᠨ ᠰᠢᠯᠭᠠᠬᠤ ᠠᠵᠢᠯ ᠢ᠋ ᠭᠦᠢᠴᠡᠳ ᠨᠤᠳᠠᠯᠠᠪᠠ
2026-03-23 10:51:51
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠬᠢᠨᠠᠨ ᠦᠨᠡᠯᠡᠬᠦ ᠪᠠ ᠡᠮᠳᠦ ᠪᠤᠳᠠᠰ ᠤ᠋ᠨ ᠠᠶᠤᠯᠭᠦᠢ ᠶ᠋ᠢ ᠬᠢᠨᠠᠨ ᠰᠢᠯᠭᠠᠬᠤ ᠲᠦᠪ ᠤᠢᠷ᠎ᠠ ᠳ᠋ᠤ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠮ ᠤ᠋ᠨ ᠵᠦᠢᠯᠡᠰ ᠢ᠋ ᠬᠢᠨᠠᠨ ᠦᠨᠡᠯᠡᠬᠦ ᠲᠦᠪ ᠤ᠋ᠨ ᠢᠷᠡᠭᠦᠯᠦᠭᠰᠡᠨ ᠲᠠᠯᠠᠷᠬᠠᠯ ᠤ᠋ᠨ ᠵᠠᠬᠢᠳᠠᠯ ᠢ᠋ ᠤᠯᠵᠠᠢ᠃ ᠵᠠᠬᠢᠳᠠᠯ ᠳ᠋ᠤ᠂ ᠦᠪᠦᠷ ᠮᠤᠩᠭᠤᠯ ᠤ᠋ᠨ ᠦᠩᠭᠡᠷᠡᠭᠰᠡᠨ ᠨᠢᠭᠡ ᠵᠢᠯ ᠤ᠋ᠨ ᠲᠤᠷᠰᠢᠬᠢ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠢ᠋ ᠬᠢᠨᠠᠨ ᠰᠢᠯᠭᠠᠬᠤ ᠠᠵᠢᠯ ᠳ᠋ᠤ ᠦᠵᠡᠭᠦᠯᠦᠭᠰᠡᠨ ᠬᠤᠪᠢ ᠨᠡᠮᠡᠷᠢ ᠶ᠋ᠢ ᠭᠦᠢᠴᠡᠳ ᠨᠤᠳᠠᠯᠠᠭᠰᠠᠨ ᠪᠦᠭᠡᠳ ᠳᠠᠯᠠᠷᠬᠠᠵᠤ ᠪᠠᠢᠭ᠎ᠠ ᠪᠡᠨ ᠢᠯᠡᠳᠭᠡᠪᠡ᠃

ᠤᠢᠯᠠᠭᠠᠭᠰᠠᠨ ᠶ᠋ᠢᠡᠷ᠂ 2025 ᠤᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠬᠢᠨᠠᠨ ᠦᠨᠡᠯᠡᠬᠦ ᠪᠠ ᠡᠮᠳᠦ ᠪᠤᠳᠠᠰ ᠤ᠋ᠨ ᠠᠶᠤᠯᠭᠦᠢ ᠶ᠋ᠢ ᠬᠢᠨᠠᠨ ᠰᠢᠯᠭᠠᠬᠤ ᠲᠦᠪ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠢ᠋ ᠬᠢᠨᠠᠨ ᠰᠢᠯᠭᠠᠬᠤ ᠠᠵᠢᠯ ᠢ᠋ ᠯᠠᠪᠳᠠᠭᠤᠨ ᠪᠠᠳᠤᠳᠠᠢ ᠦᠷᠨᠢᠭᠦᠯᠵᠦ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠭᠦᠨ ᠤ᠋ 28 ᠬᠤᠪᠢ ᠲᠦᠭᠰᠢᠭᠦᠷᠢ ᠶ᠋ᠢᠨ ᠳᠤᠬᠢᠶ᠎ᠠ ᠶ᠋ᠢ ᠭᠦᠨᠵᠡᠭᠡᠢ ᠠᠭᠤᠳᠠᠯᠤᠨ᠂ 8 ᠶ᠋ᠢ ᠨᠢ ᠤᠯᠤᠰ ᠲᠤ᠌ ᠮᠡᠳᠡᠭᠦᠯᠤᠨ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠲᠤᠳᠤᠷᠬᠠᠢᠯᠠᠯᠳᠠ ᠶ᠋ᠢᠨ ᠪᠢᠴᠢᠭ ᠤ᠋ᠨ ᠲᠦᠭᠰᠢᠭᠦᠷᠢ ᠵᠡᠷᠭᠡ ᠶ᠋ᠢ ᠴᠠᠭ ᠲᠤᠬᠠᠢ ᠳ᠋ᠤᠨᠢ ᠪᠠᠢᠴᠠᠭᠠᠨ ᠰᠢᠢᠳᠪᠤᠷᠢᠯᠡᠪᠠ; ᠤᠯᠤᠰ ᠤ᠋ᠨ 《ᠠᠷᠪᠠᠨ ᠳᠦᠷᠪᠡᠳᠦᠭᠡᠷ ᠳᠠᠪᠤᠨ ᠵᠢᠯ》 ᠤ᠋ᠨ ᠬᠤᠭᠤᠴᠠᠭᠠᠨ ᠤ᠋ ᠨᠢᠭᠡ ᠯᠡ ᠤᠳᠠᠭ᠎ᠠ ᠬᠡᠷᠡᠭᠯᠡᠬᠦ ᠠᠮᠢᠳᠤ ᠨᠡᠭᠡᠳᠡᠰᠦᠨ ᠤ᠋ ᠪᠠᠢᠴᠠᠭᠠᠯᠳᠠ ᠶ᠋ᠢᠨ ᠰᠢᠪᠡᠭᠦᠷ᠂ ᠮᠦᠭᠡᠷᠰᠤᠨ ᠬᠤᠭᠤᠯᠠᠢ ᠶ᠋ᠢᠨ ᠤᠭᠯᠠᠭᠤᠷ ᠭᠤᠤᠷᠰᠤ᠂ ᠨᠢᠯᠬ᠎ᠠ ᠬᠡᠤᠬᠡᠳ ᠤ᠋ᠨ ᠪᠤᠢᠵᠢᠯᠳᠠ ᠶ᠋ᠢᠨ ᠪᠠᠭᠪᠤᠷ ᠵᠡᠷᠭᠡ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠢ᠋ ᠭᠤᠤᠯᠳᠠᠯᠭ᠎ᠠ ᠲᠠᠢ ᠬᠢᠨᠠᠨ ᠰᠢᠯᠭᠠᠬᠤ ᠡᠭᠦᠷᠭᠡ ᠶ᠋ᠢ ᠲᠡᠭᠦᠰ ᠠᠮᠵᠢᠯᠳᠠ ᠲᠠᠢ ᠪᠡᠶᠡᠯᠡᠭᠦᠯᠦᠨ᠂ ᠬᠢᠨᠠᠨ ᠰᠢᠯᠭᠠᠬᠤ ᠬᠠᠷᠠᠭᠤᠯ ᠤ᠋ᠨ ᠴᠡᠭ ᠭᠠᠷᠭᠠᠬᠤ᠂ ᠬᠢᠨᠠᠨ ᠰᠢᠯᠭᠠᠭᠰᠠᠨ ᠲᠤᠭ᠎ᠠ ᠪᠠᠷᠢᠮᠳᠠ ᠶ᠋ᠢ ᠪᠠᠳᠤᠳᠬᠠᠬᠤ᠂ ᠲᠦᠭᠰᠢᠭᠦᠷᠢ  ᠶ᠋ᠢ  ᠵᠠᠳᠠᠯᠤᠨ ᠦᠨᠡᠯᠡᠬᠦ ᠵᠡᠷᠭᠡ ᠠᠷᠭ᠎ᠠ ᠬᠡᠮᠵᠢᠶ᠎ᠠ ᠪᠡᠷ ᠬᠢᠨᠠᠨ ᠰᠢᠯᠭᠠᠭᠰᠠᠨ ᠦᠷ᠎ᠠ ᠪᠦᠲᠦᠭᠡᠯ ᠢ᠋ ᠪᠦᠬᠦ ᠲᠠᠯ᠎ᠠ ᠪᠡᠷ ᠳ᠋ᠦᠩᠨᠡᠬᠦ ᠶ᠋ᠢᠨ ᠬᠠᠮᠳᠤ ᠴᠢᠭᠯᠡᠭᠦᠯᠦᠯᠳᠦ ᠴᠢᠨᠠᠷᠳᠠᠢ ᠬᠢᠨᠠᠨ ᠬᠠᠮᠢᠶᠠᠷᠬᠤ ᠰᠠᠨᠠᠭᠤᠯᠭ᠎ᠠ ᠳᠤᠷᠠᠳᠴᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ᠋ ᠮᠡᠳᠡᠯᠭᠡ ᠶ᠋ᠢ ᠲᠦᠭᠡᠮᠡᠯᠵᠢᠭᠦᠯᠬᠦ ᠪᠦᠲᠦᠭᠡᠯ ᠢ᠋ ᠡᠯᠰᠡᠬᠦ ᠠᠵᠢᠯ ᠢ᠋ ᠲᠦᠷᠦᠭᠦᠯᠡᠨ ᠭᠦᠢᠴᠡᠳᠭᠡᠵᠠᠢ; ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠤ᠋ᠨ ᠲᠦᠭᠰᠢᠭᠦᠷᠢ ᠶ᠋ᠢᠨ ᠳᠤᠬᠢᠶ᠎ᠠ ᠶ᠋ᠢᠨ ᠶᠠᠷᠢᠯᠴᠠᠭ᠎ᠠ ᠵᠡᠷᠭᠡ ᠤᠯᠤᠰ ᠤ᠋ᠨ ᠳᠡᠰ ᠤ᠋ᠨ ᠳᠤᠬᠠᠢᠯᠠᠭᠰᠠᠨ ᠠᠵᠢᠯ ᠤ᠋ᠨ ᠬᠤᠷᠠᠯ ᠢ᠋ ᠢᠳᠡᠪᠬᠢᠳᠠᠢ ᠳᠠᠭᠠᠭᠠᠴᠢᠯᠠᠨ ᠡᠷᠬᠢᠯᠡᠵᠤ᠂ 《ᠤᠯᠤᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠨᠦᠯᠦᠬᠡᠳᠦ ᠬᠡᠷᠡᠭ ᠢ᠋ ᠬᠢᠨᠠᠨ ᠰᠢᠯᠭᠠᠬᠤ ᠠᠵᠢᠯ ᠤ᠋ᠨ ᠤᠨ ᠤ᠋ ᠮᠡᠳᠡᠭᠦᠯᠦᠯᠳᠡ (2025)》 ᠶ᠋ᠢ ᠲᠤᠭᠤᠷᠪᠢᠨ ᠪᠢᠴᠢᠬᠦ ᠳ᠋ᠤ  ᠤᠷᠤᠯᠴᠠᠨ᠂ ᠬᠢᠨᠠᠨ ᠰᠢᠯᠭᠠᠵᠤ ᠦᠨᠡᠯᠡᠬᠦ ᠠᠵᠢᠯ ᠤ᠋ᠨ ᠬᠢᠷᠢ ᠲᠦᠪᠰᠢᠨ ᠳᠡᠭᠡᠭᠰᠢᠯᠡᠬᠦ ᠶ᠋ᠢ ᠪᠦᠲᠦᠮᠵᠢᠳᠠᠢ ᠠᠬᠢᠭᠤᠯᠵᠤ᠂ ᠪᠦᠬᠦ ᠤᠯᠤᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠬᠢᠨᠠᠨ ᠰᠢᠯᠭᠠᠵᠤ ᠦᠨᠡᠯᠡᠬᠦ ᠠᠵᠢᠯ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号