ᠬᠡᠷ᠎ᠲᠡᠬᠡᠨ ᠬᠠᠷᠢᠬᠤ ᠵᠠᠮ᠎ᠢ ᠬᠡᠷᠡᠯᠳᠦᠭᠦᠯᠦᠭᠰᠡᠨ ᠰᠠᠢᠨ ᠲᠤᠷ᠎ᠠ ᠵᠢᠨ ᠦᠢᠯᠡᠴᠢᠯᠡᠬᠡ
2026-03-23 09:58:57
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

2026 ᠣᠨ᠎ᠤ ᠴᠠᠭᠠᠨ ᠰᠠᠷ᠎ᠠ᠎ᠶ᠋ᠢᠨ ᠵᠥᠭᠡᠭᠡᠪᠦᠷᠢ ᠵᠢᠨ ᠬᠤᠭᠤᠴᠠᠭᠠᠨ᠎ᠳᠤ  《ᠵᠠᠯᠠᠭᠤᠴᠤᠳ ᠎ᠤᠨ ᠰᠠᠢᠨ ᠳᠤᠷ᠎ᠠ᠎ᠶ᠋ᠢᠨ ᠦᠢᠯᠡᠴᠢᠯᠡᠭᠡ ᠬᠡᠷ᠎ᠲᠡᠬᠡᠨ ᠬᠠᠷᠢᠬᠤ ᠵᠠᠮ᠎ᠢ ᠬᠡᠷᠡᠯᠳᠦᠭᠦᠯᠦᠨ᠎ᠡ》 ᠭᠡᠬᠦ ᠭᠤᠤᠯ ᠰᠡᠳᠦᠪᠲᠦ ᠴᠠᠭᠠᠨ ᠰᠠᠷ᠎ᠠ ᠵᠢᠨ ᠵᠦᠭᠡᠭᠡᠪᠦᠷᠢ ᠳ᠋ᠤ  ᠦᠢᠯᠡᠴᠢᠯᠡᠬᠦ  ᠰᠠᠢᠨ ᠲᠤᠷ᠎ᠠ ᠵᠢᠨ ᠠᠵᠢᠯᠯᠠᠭ᠎ᠠ ᠥᠪᠥᠷ ᠮᠣᠩᠭᠣᠯ᠎ᠤᠨ ᠡᠯ᠎ᠡ ᠭᠠᠵᠠᠷ᠎ᠲᠤ ᠪᠥᠬᠥ᠌ ᠲᠠᠯ᠎ᠠ᠎ᠪᠠᠷ ᠥᠷᠨᠢᠪᠡ᠃ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠡᠪᠯᠡᠯ᠎ᠦᠨ ᠬᠣᠷᠢᠶᠠᠨ᠎ᠤ ᠨᠢᠭᠡᠳᠦᠯᠲᠡᠶ ᠵᠣᠬᠢᠶᠠᠨ ᠪᠠᠢᠭᠤᠯᠤᠯᠲᠠ ᠪᠠ ᠪᠠᠢᠷᠢᠯᠠᠭᠤᠯᠤᠯᠲᠠ ᠳᠤᠤᠷ᠎ᠠ᠂ ᠪᠥᠬᠥ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠂ ᠵᠠᠯᠠᠭᠤᠴᠤᠳ᠎ᠤᠨ ᠰᠠᠢᠨ ᠲᠤᠷᠠᠴᠤᠳ᠎ᠤᠨ ᠨᠡᠢᠭᠡᠮᠯᠢᠭ ᠢᠳᠡᠪᠬᠢᠲᠡᠢ ᠴᠤᠤᠷᠢᠶᠠᠲᠤᠨ ᠳᠠᠭᠠᠵᠤ᠂ ᠥᠷᠭᠡᠨ ᠣᠯᠠᠨ  ᠰᠠᠢᠨ ᠲᠤᠷᠠᠴᠤᠳ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠦᠶ᠋ᠯᠡᠴᠢᠯᠡᠭᠡᠨ ᠎ᠦ ᠡᠮᠦᠨ᠎ᠡ ᠹᠷᠣᠨᠲ᠎ᠲᠤ ᠬᠦᠨᠵᠡᠭᠡᠢᠷᠡᠵᠦ᠂ ᠤᠷᠬᠢᠯᠤᠮ᠎ᠠ ᠬᠠᠯᠠᠭᠤᠨ ᠰᠡᠳᠭᠢᠯᠭᠡ ᠪᠣᠯᠤᠨ ᠭᠤᠶᠠᠴᠢ ᠦᠭᠡᠢ ᠬᠤᠪᠢ ᠨᠡᠮᠡᠷᠢ᠎ᠪᠡᠷ᠎ᠢᠶᠡᠨ ᠲᠦᠭ ᠲᠦᠮᠡᠨ ᠠᠶᠠᠨᠴᠢᠳ ᠎ᠲᠤ  ᠬᠠᠯᠠᠭᠤᠮᠰᠤᠭ  ᠲᠤᠳᠤᠨᠤ᠂ ᠰᠠᠭᠠᠳ ᠥᠬᠡᠶ᠂ ᠠᠮᠤᠷ  ᠠᠮᠤᠭᠤᠯᠠᠩ ᠵᠠᠮ ᠎ᠢ  ᠨᠡᠪᠳᠡᠷᠡᠬᠦᠯᠵᠡᠢ᠃

ᠤᠳᠤᠬᠠᠨ ᠪᠤᠯᠳᠠᠯ᠎ᠠ ᠰᠠᠢᠨ ᠲᠤᠷ᠎ᠠ ᠵᠢᠨ ᠠᠵᠢᠯᠯᠠᠭ᠎ᠠ ᠨᠢ 2500 ᠭᠠᠷᠤᠶ ᠵᠠᠯᠠᠭᠤ ᠰᠠᠢᠨ ᠳᠤᠷᠠᠴᠤᠳ᠎ᠢ ᠳᠠᠢᠴᠢᠯᠠᠵᠤ᠂ ᠭᠠᠯᠲᠤ ᠲᠡᠷᠭᠡᠨ ᠥᠷᠲᠡᠭᠡ᠂ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ᠂ ᠲᠦᠷᠭᠡᠨ ᠎ᠤ ᠵᠠᠰᠠᠮᠠᠯ ᠵᠠᠮ ᠎ᠤᠨ ᠦᠶ᠋ᠯᠡᠴᠢᠯᠡᠭᠡᠨ ᠎ᠦ ᠲᠣᠭᠣᠷᠢᠭ ᠵᠡᠷᠭᠡ 440 ᠦᠶ᠋ᠯᠡᠴᠢᠯᠡᠭᠡᠨ᠎ᠦ ᠠᠵᠢᠯ ᠎ᠤᠨ ᠪᠠᠢᠷᠢ ᠳᠡᠭᠡᠷ᠎ᠡ ᠪᠥᠬᠥ᠌ ᠰᠡᠳᠭᠢᠯ  ᠪᠥᠬᠥ᠌ ᠵᠣᠷᠢᠭ᠎ᠢᠶᠠᠷ᠎ᠢᠶᠠᠨ ᠦᠢᠯᠡᠴᠢᠯᠡᠵᠦ᠍᠂ ᠨᠡᠢᠲᠡ 60000 ᠭᠠᠷᠤᠶ ᠴᠠᠭ ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠪᠠ᠃

ᠲᠡᠮᠦᠷ ᠵᠠᠮ᠎ᠤᠨ ᠵᠥᠭᠡᠭᠡᠪᠦᠷᠢ᠎ᠶ᠋ᠢᠨ ᠹᠷᠣᠨᠲ᠎ᠲᠤ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠡᠪᠯᠡᠯ᠎ᠦᠨ ᠬᠣᠷᠢᠶ᠎ᠠ ᠵᠠᠯᠠᠭᠤ ᠰᠠᠢᠨ ᠳᠤᠷᠠᠴᠤᠳ ᠎ᠢ ᠵᠣᠬᠢᠶᠠᠨ ᠪᠠᠢᠭᠤᠯᠵᠤ᠂ ᠪᠥᠬᠥ᠌ ᠣᠷᠣᠨ᠎ᠤ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠭᠤᠤᠯᠳᠠᠯᠭ᠎ᠠ ᠎ᠲᠠᠶ ᠲᠦᠷᠭᠡᠨ᠎ᠦ ᠲᠡᠮᠦᠷ ᠵᠠᠮ᠎ᠤᠨ ᠥᠷᠲᠡᠭᠡ᠂ ᠭᠠᠯᠲᠤ ᠲᠡᠷᠭᠡᠨ ᠥᠷᠲᠡᠭᠡᠨ᠎ᠳᠦ ᠦᠶ᠋ᠯᠡᠴᠢᠯᠡᠭᠡ ᠥᠷᠨᠢᠭᠦᠯᠪᠡ᠃ ᠬᠠᠷᠠᠭ᠎ᠠ ᠵᠢ ᠪᠤᠯᠢᠶᠠᠮ᠎ᠠ 《ᠱᠢᠷ᠎ᠠ ᠡᠯᠢᠭᠡᠪᠴᠢ》 ᠡᠮᠦᠰᠦᠭ᠌ᠰᠡᠨ ᠰᠠᠢᠨ ᠲᠤᠷᠠᠴᠤᠳ ᠠᠵᠢᠯᠴᠢ ᠬᠥᠳᠡᠯᠮᠦᠷᠢᠴᠢ 《ᠪᠢᠴᠢᠬᠠᠨ ᠵᠥᠭᠡᠢ》 ᠪᠣᠯᠵᠤ᠂ ᠬᠥᠭ᠌ᠵᠢᠶᠡᠨ ᠨᠠᠷᠭᠢᠶᠠᠨ᠎ᠲᠠᠶ ᠠᠶᠠᠨᠴᠢᠳ᠎ᠤᠨ ᠳᠤᠮᠳᠠ ᠡᠷᠬᠢᠯᠳᠦᠵᠦ᠂ ᠬᠥᠲᠥᠯᠥᠨ ᠵᠢᠯᠣᠭᠣᠳᠬᠤ᠂ ᠯᠠᠪᠯᠠᠭ᠎ᠠ ᠬᠠᠩᠭᠠᠬᠤ᠂ ᠡᠮᠬᠢ ᠳᠢᠭ᠌ᠯᠢᠮ᠎ᠢ ᠬᠠᠮᠠᠭᠠᠯᠠᠬᠤ᠂ ᠠᠴᠢᠶ᠎ᠠ ᠲᠡᠭᠡᠭᠡᠰᠢ᠎ᠶ᠋ᠢ ᠵᠥᠭᠡᠭᠡᠪᠦᠷᠢᠯᠡᠬᠦ᠌᠂ ᠭᠤᠤᠯᠳᠠᠯᠭ᠎ᠠ᠎ᠲᠠᠶ ᠠᠶᠠᠨᠴᠢᠳ ᠎ᠢ ᠬᠠᠪᠰᠤᠷᠤᠨ  ᠲᠡᠳᠬᠦᠬᠦ᠌  ᠵᠡᠷᠭᠡ  ᠦᠶ᠋ᠯᠡᠴᠢᠯᠡᠭᠡ  ᠬᠠᠩᠭᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠪᠠᠴᠢᠮ ᠪᠠᠢᠳᠠᠯ᠎ᠢ ᠠᠷᠭᠠᠴᠠᠭᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠣᠯᠪᠣᠭ᠎ᠠ ᠨᠡᠢᠲᠡ 300 ᠭᠠᠷᠤᠶ ᠰᠠᠢᠨ ᠲᠤᠷᠠᠴᠤᠳ᠎ᠢ ᠳᠠᠢᠴᠢᠯᠠᠨ᠂ ᠬᠡᠳᠦᠨ ᠠᠷᠪᠠᠨ ᠲᠠᠯᠠᠪᠠᠶ ᠦᠶ᠋ᠯᠡᠴᠢᠯᠡᠭᠡ ᠥᠷᠨᠢᠭᠦᠯᠵᠦ᠍᠂ 10 ᠲᠦᠮᠡᠨ ᠬᠥᠮᠦᠨ ᠤᠳᠠᠭ᠎ᠠ ᠳ᠋ᠤ ᠠᠰᠢᠭ ᠬᠦᠷᠳᠡᠭᠡᠪᠡ᠃ ᠬᠠᠯᠠᠭᠤᠨ ᠰᠡᠳᠬᠢᠯᠳᠦ ᠠᠵᠤ ᠠᠬᠤᠢᠯᠠᠯ᠎ᠲᠠᠶ ᠬᠣᠯᠪᠣᠭᠠᠯᠠᠨ ᠠᠵᠢᠯ᠎ᠤᠨ ᠪᠠᠢᠷᠢ ᠎ᠪᠠᠨ ᠪᠠᠲᠤ ᠰᠠᠬᠢᠵᠤ ᠪᠠᠢᠭ᠎ᠠ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠠᠵᠢᠯᠲᠠᠳ᠂ ᠱᠢᠷᠭᠠᠭᠤ ᠬᠠᠲᠠᠭᠤᠵᠢᠯᠲᠠᠢ᠎ᠪᠠᠷ ᠬᠥᠯᠥᠰᠥᠨ ᠠᠵᠢᠯ ᠬᠢᠵᠦ᠍ ᠨᠤᠲᠤᠭ᠎ᠲᠠᠭᠠᠨ ᠪᠤᠴᠠᠬᠤ  ᠬᠥᠮᠦᠰ ᠵᠢᠴᠢ ᠪᠤᠰᠤᠳ  ᠬᠦᠴᠢᠷᠳᠡᠯᠲᠡᠢ ᠬᠥᠮᠦᠰ᠎ᠲᠦ 14 ᠲᠦᠮᠡᠨ ᠲᠥᠭᠥᠷᠢᠭ ᠎ᠦᠨ ᠦᠷᠳᠡᠭ ᠪᠦᠬᠦᠢ ᠲᠦᠬᠦᠮ ᠭᠤᠯᠢᠷ ᠬᠤᠭᠤᠯᠠ᠂ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠵᠢᠴᠢ ᠬᠦᠢᠳᠡᠨ᠎ᠢ ᠰᠡᠷᠭᠡᠢᠯᠡᠬᠦ᠌ ᠡᠳ᠋ ᠪᠣᠳᠠᠰ ᠲᠠᠷᠬᠠᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠠᠢᠷ᠎ᠠ ᠬᠠᠯᠠᠮᠵᠢ ᠪᠣᠯᠤᠨ ᠨᠡᠢᠭᠡᠮ᠎ᠦᠨ ᠡᠯ᠎ᠡ ᠡᠲᠡᠭᠡᠳ᠎ᠦᠨ ᠬᠠᠢᠷ᠎ᠠ ᠬᠠᠯᠠᠮᠵᠢ ᠎ᠶ᠋ᠢ ᠬᠥᠮᠦᠰ ᠎ᠲᠦ ᠦᠨᠡᠨ ᠬᠦ᠌ ᠳᠠᠮᠵᠢᠭᠤᠯᠪᠠ᠃

ᠣᠷᠣᠨ᠎ᠤ ᠲᠥᠪ᠎ᠡᠴᠡ ᠠᠢᠮᠠᠭ ᠬᠣᠲᠠ ᠬᠦᠷᠲᠡᠯ᠎ᠡ᠂ ᠬᠣᠲᠠ᠎ᠶ᠋ᠢᠨ ᠵᠠᠮ ᠬᠠᠷᠢᠯᠴᠠᠭᠠᠨ᠎ᠤ ᠬᠦᠶ᠋ᠰᠦ᠎ᠡᠴᠡ ᠪᠣᠢᠳᠠ ᠪᠦᠭ᠌ᠯᠡᠭᠦᠦ ᠭᠠᠵᠠᠷ ᠣᠷᠣᠨ᠎ᠤ ᠲᠡᠷᠭᠡᠨ ᠥᠷᠲᠡᠭᠡ ᠬᠦᠷᠲᠡᠯ᠎ᠡ᠂ ᠵᠠᠯᠠᠭᠤᠴᠤᠳ᠎ᠤᠨ ᠰᠠᠢᠨ ᠳᠤᠷ᠎ᠠ ᠎ᠶ᠋ᠢᠨ ᠦᠶ᠋ᠯᠡᠴᠢᠯᠡᠭᠡ ᠥᠪᠥᠷ ᠮᠣᠩᠭᠣᠯ᠎ᠤᠨ ᠡᠯ᠎ᠡ ᠭᠠᠵᠠᠷ᠎ᠢ  ᠲᠤᠯᠠᠭᠠᠴᠠᠭᠤᠯᠪᠠ᠃

ᠬᠦᠬᠡᠬᠤᠳᠠ᠎ᠶ᠋ᠢᠨ ᠡᠪᠯᠡᠯ ᠎ᠦᠨ  ᠬᠣᠷᠢᠢ᠎ᠠ  300  ᠭᠠᠷᠤᠢ  ᠵᠠᠯᠠᠭᠤ ᠰᠠᠢ᠌ᠨ ᠲᠤᠷᠠᠴᠤᠳ ᠎ᠢ  ᠵᠣᠬᠢᠶᠠᠨ ᠪᠠᠢᠭᠤᠯᠵᠤ᠂ 10 ᠭᠠᠯᠲᠤ ᠲᠡᠷᠭᠡᠨ ᠦᠷᠳᠡᠭᠡ᠂ ᠮᠠᠱᠢᠨ ᠲᠡᠷᠭᠡᠨ ᠎ᠦ ᠦᠷᠳᠡᠭᠡ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠪᠠᠲᠤ ᠰᠠᠬᠢᠵᠤ᠂ ᠠᠶᠠᠨᠴᠢᠳ᠎ᠲᠤ ᠪᠦᠬᠦ᠌ ᠲᠠᠯ᠎ᠠ᠎ᠪᠠᠷ ᠶᠠᠪᠤᠵᠤ ᠰᠠᠭᠤᠬᠤ᠎ᠳᠤ ᠬᠠᠪᠰᠤᠷᠤᠯᠭ᠎ᠠ ᠦᠵᠡᠭᠦᠯᠪᠡ; ᠬᠥᠯᠥᠨ ᠪᠣᠢᠷ ᠬᠣᠲᠠ᠎ᠶ᠋ᠢᠨ ᠡᠪᠯᠡᠯ᠎ᠦᠨ ᠬᠣᠷᠢᠶ᠎ᠠ ᠡᠯ᠎ᠡ ᠬᠣᠱᠢᠭᠤ ᠬᠣᠲᠠ ᠲᠣᠭᠣᠷᠢᠭ᠎ᠢ ᠨᠢᠭᠡᠳᠦᠯᠲᠡᠶ ᠲᠥᠯᠥᠪᠯᠡᠵᠦ᠍᠂ ᠨᠤᠲᠤᠭ᠎ᠲᠠᠭᠠᠨ ᠪᠤᠴᠠᠭ᠍ᠰᠠᠨ ᠣᠶᠤᠲᠠᠨ᠂ ᠡᠪᠯᠡᠯ᠎ᠦᠨ ᠭᠡᠱᠢᠭᠦᠨ ᠵᠠᠯᠠᠭᠤᠴᠤᠳ᠎ᠢᠶᠠᠷ ᠭᠤᠤᠯ ᠪᠣᠯᠭᠠᠭ᠍ᠰᠠᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠵᠣᠬᠢᠶᠠᠨ ᠪᠠᠢᠭᠤᠯᠵᠤ᠂ ᠪᠥᠬᠥ᠌ ᠬᠣᠲᠠ᠎ᠶ᠋ᠢᠨ ᠭᠤᠤᠯ ᠪᠣᠯᠬᠤ ᠵᠠᠮ ᠬᠠᠷᠢᠯᠴᠠᠭᠠᠨ ᠎ᠤ ᠥᠷᠲᠡᠭᠡ ᠴᠡᠭ ᠲᠸ᠋ ᠦᠢᠯᠡᠴᠢᠯᠡᠭᠡ ᠬᠠᠩᠭᠠᠵᠤ᠌᠂ ᠲᠤᠢᠯ᠎ᠤᠨ ᠬᠦᠶ᠋ᠲᠡᠨ ᠠᠭᠤᠷ ᠠᠮᠢᠰᠭᠤᠯ ᠳᠤᠤᠷᠠᠬᠢ ᠴᠠᠭᠠᠨ ᠰᠠᠷ᠎ᠠ᠎ᠶ᠋ᠢᠨ ᠵᠥᠭᠡᠭᠡᠪᠦᠷᠢ᠎ᠳᠦ ᠬᠠᠯᠠᠭᠤᠨ ᠳᠤᠯᠠᠭᠠᠨ ᠳᠡᠪᠢᠰᠭᠡᠷ ᠥᠩᠭᠡ ᠨᠡᠮᠡᠷᠢᠯᠡᠪᠡ; ᠤᠯᠠᠭᠠᠨᠴᠠᠪ ᠬᠣᠲᠠ ᠰᠠᠢᠨ ᠲᠤᠷᠠᠴᠤᠳ ᠲᠸ᠋ ᠥᠷᠲᠡᠭᠡ ᠴᠡᠭ᠎ᠦᠨ ᠵᠢᠯᠣᠭᠣᠳᠤᠮᠵᠢ᠂ ᠪᠠᠴᠢᠮ ᠪᠠᠢᠳᠠᠯ᠎ᠢ ᠠᠷᠭᠠᠴᠠᠭᠠᠬᠤ᠂ ᠨᠡᠪᠲᠡᠷᠡᠯᠴᠡᠬᠦ᠌ ᠤᠷ᠎ᠠ ᠲᠡᠮ ᠵᠢᠴᠢ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠵᠡᠷᠭᠡ ᠲᠠᠯ᠎ᠠ ᠵᠢᠨ ᠤᠷ᠎ᠠ ᠴᠢᠳᠠᠪᠤᠷᠢ ᠵᠢ ᠡᠵᠡᠮᠰᠢᠭᠦᠯᠪᠡ; ᠤᠷᠳᠤᠰ ᠬᠤᠳᠠ ᠦᠨᠳᠦᠰᠦᠨ ᠦᠢᠯᠡᠴᠢᠯᠡᠭᠡ ᠬᠠᠩᠭᠠᠬᠤ᠎ᠶ᠋ᠢᠨ ᠬᠠᠮᠲᠤ ᠴᠠᠭᠠᠨ ᠰᠠᠷ᠎ᠠ ᠎ᠶ᠋ᠢᠨ  ᠬᠣᠣᠰ ᠤᠶᠠᠩᠭ᠎ᠠ  ᠬᠦᠷᠭᠡᠬᠦ᠌᠂ ᠵᠢᠯᠣᠭᠣᠴᠢ ᠎ᠳᠤ 《ᠳᠤᠯᠠᠭᠠᠨ ᠤᠭᠤᠲᠠ》 ᠪᠡᠯᠡᠭᠯᠡᠬᠦ ᠵᠡᠷᠭᠡ ᠤᠨᠴᠠᠯᠢᠬ᠍ᠳᠤ  ᠠᠵᠢᠯᠯᠠᠭ᠎ᠠ  ᠥᠷᠨᠢᠭᠦᠯᠵᠡᠢ ᠁  ᠥᠪᠥᠷ ᠮᠣᠩᠭᠣᠯ ᠎ᠤᠨ ᠡᠯ᠎ᠡ ᠭᠠᠵᠠᠷ ᠎ᠲᠤ ᠵᠠᠯᠠᠭᠤ ᠰᠠᠢ᠌ᠨ ᠳᠤᠷᠠᠴᠤᠳ ᠵᠠᠮ ᠬᠠᠷᠢᠯᠴᠠᠭᠠᠨ᠎ᠤ ᠬᠦᠢᠰᠦ ᠪᠡᠷ ᠭᠣᠣᠯ ᠵᠢᠭ᠍ᠰᠠᠭᠠᠯ ᠎ᠤᠨ ᠭᠠᠵᠠᠷ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠦᠵᠡᠰᠭᠦᠯᠡᠩᠲᠦ ᠰᠠᠢᠬᠠᠨ ᠴᠤᠭ ᠵᠢᠪᠬᠤᠭ᠎ᠠ᠎ᠶ᠋ᠢ ᠢᠯᠡᠷᠡᠬᠦᠯᠦᠭᠰᠡᠨ ᠪᠠᠢᠨ᠎ᠠ᠃ 《ᠡᠨᠡ ᠬᠡᠳᠦᠨ ᠡᠳᠦᠷ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠡᠷ ᠳᠡᠮᠵᠢᠨ ᠪᠢ ᠮᠠᠰᠢ ᠣᠯᠠᠨ ᠣᠯᠤᠯᠲᠠ᠎ᠲᠠᠶ ᠪᠣᠯᠵᠠᠶ᠂ ᠪᠢ ᠲᠤᠰᠭᠠᠶ ᠮᠡᠷᠭᠡᠵᠢᠯ᠎ᠦᠨ ᠮᠡᠳᠡᠯᠭᠡ᠎ᠪᠡᠨ ᠴᠢᠷᠮᠠᠢᠨ ᠰᠤᠷᠤᠯᠴᠠᠬᠤ ᠵᠢᠨ ᠬᠠᠮᠳᠤ᠂ ᠵᠢᠯ ᠪᠦᠷᠢ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠴᠥᠮ ᠰᠠᠢᠨ ᠳᠤᠷ᠎ᠠ᠎ᠶ᠋ᠢᠨ ᠦᠶ᠋ᠯᠡᠴᠢᠯᠡᠭᠡ ᠎ᠳᠦ ᠣᠷᠣᠯᠴᠠᠨ᠎ᠠ》 ᠬᠡᠵᠦ ᠴᠠᠭᠠᠨ ᠰᠠᠷ᠎ᠠ᠎ᠶ᠋ᠢᠨ ᠵᠦᠭᠡᠭᠡᠪᠦᠷᠢ ᠎ᠶ᠋ᠢᠨ ᠰᠠᠢᠨ ᠳᠤᠷ᠎ᠠ ᠎ᠶ᠋ᠢᠨ ᠦᠶ᠋ᠯᠡᠴᠢᠯᠡᠭᠡ ᠎ᠳᠦ ᠣᠷᠣᠯᠴᠠᠭ᠍ᠰᠠᠨ ᠥᠪᠥᠷ ᠮᠣᠩᠭᠣᠯ᠎ᠤᠨ ᠡᠳ᠋ ᠎ᠦᠨ ᠵᠠᠰᠠᠭ ᠠᠵᠤ ᠠᠬᠤᠶ ᠎ᠶ᠋ᠢᠨ ᠶᠡᠬᠡ ᠰᠤᠷᠭᠠᠭᠤᠯᠢ᠎ᠶ᠋ᠢᠨ ᠰᠣᠷᠣᠭ᠍ᠴᠢ ᠵᠣᠣ ᠲᠢᠶᠠᠨ ᠬᠤᠤ ᠣᠯᠤᠯᠲᠠ ᠲᠦᠷᠦᠭᠳᠡᠯ ᠵᠢᠡᠨ ᠬᠤᠪᠢᠶᠠᠯᠴᠠᠨ᠎ᠠ᠃

ᠤᠢᠯᠠᠭᠠᠬᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠥᠬᠥ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠂ ᠵᠠᠯᠠᠭᠤᠴᠤᠳ᠎ᠤᠨ ᠰᠠᠢᠨ ᠳᠤᠷᠠᠴᠤᠳ᠎ᠤᠨ ᠨᠡᠢᠭᠡᠮᠯᠢᠭ ᠵᠢᠴᠢ ᠵᠠᠯᠠᠭᠤᠴᠤᠳ᠎ᠤᠨ ᠰᠠᠢᠨ ᠳᠤᠷᠠᠴᠤᠳ᠎ᠤᠨ ᠦᠶ᠋ᠯᠡᠴᠢᠯᠡᠭᠡᠨ ᠎ᠦ ᠵᠣᠬᠢᠶᠠᠨ ᠪᠠᠢᠭᠤᠯᠤᠯᠲᠠ ᠵᠢᠯ ᠳᠤᠮᠳᠠᠴᠢ᠎ᠪᠠᠷ 3000 ᠭᠠᠷᠤᠶ 《ᠴᠠᠭᠠᠨ ᠰᠠᠷ᠎ᠠ᠎ᠶ᠋ᠢᠨ ᠵᠥᠭᠡᠭᠡᠪᠦᠷᠢ᠎ᠳ᠋ᠤ ᠦᠢᠯᠡᠴᠢᠯᠡᠬᠦ》  ᠰᠠᠢᠨ ᠳᠤᠷᠠᠴᠤᠳ᠎ᠢ ᠡᠯᠰᠡᠵᠦ᠍᠂ ᠵᠢᠯ ᠳᠤᠮᠳᠠᠴᠢ᠎ᠪᠡᠷ 15 ᠲᠦᠮᠡ ᠭᠠᠷᠤᠢ ᠴᠠᠭ ᠎ᠤᠨ ᠰᠠᠢᠨ ᠲᠤᠷ᠎ᠠ ᠵᠢᠨ ᠦᠢᠯᠡᠴᠢᠯᠡᠭᠡ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号