ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠦ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ ᠢᠳᠡᠪᠬᠢᠲᠡᠶ ᠠᠵᠢᠯᠯᠠᠵᠤ᠂ ᠵᠡᠮᠳᠡᠭ᠌ᠴᠦᠳ᠎ᠢ ᠨᠠᠢᠳᠠᠨ ᠠᠰᠠᠷᠠᠭᠤᠯᠬᠤ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠱᠢᠯᠢᠳᠡᠭ᠌ᠵᠢᠭᠦᠯᠵᠦ᠍᠂ ᠵᠡᠮᠳᠡᠭ᠌ᠴᠦᠳ᠎ᠲᠦ ᠦᠨᠡᠨᠬᠦ ᠠᠰᠢᠭ ᠬᠦᠷᠲᠡᠭᠡᠪᠡ᠃
2025 ᠤᠨ᠎ᠳᠤ᠂ ᠪᠠᠯᠠ ᠮᠥᠩᠭᠥ᠎ᠶ᠋ᠢᠨ ᠳᠡᠮᠵᠢᠯᠭᠡ ᠬᠢᠭᠡᠳ ᠲᠥᠷᠥᠯ ᠵᠦᠶ᠋ᠯ᠎ᠢ ᠠᠬᠢᠭᠤᠯᠬᠤ ᠲᠠᠯ᠎ᠠ᠎ᠪᠠᠷ᠂ ᠦᠪᠡᠷᠳᠡᠭᠡᠨ ᠵᠠᠰᠠᠬᠤ ᠤᠷᠤᠨ 1523 ᠲᠦᠮᠡᠨ ᠲᠥᠭᠥᠷᠢᠭ ᠣᠷᠣᠭᠤᠯᠵᠤ 《ᠨᠡᠷᠡᠨ ᠭᠡᠷᠡᠯᠲᠦ ᠬᠡᠷ ᠣᠷᠣᠨ》 ᠲᠥᠯᠥᠪᠯᠡᠭᠡ᠎ᠶ᠋ᠢ ᠬᠡᠷᠡᠭ᠌ᠵᠢᠭᠦᠯᠵᠦ᠍᠂ 1.1 ᠲᠦᠮᠡᠨ ᠨᠡᠷᠡᠰ ᠤᠶᠤᠨ ᠮᠡᠳᠡᠷᠡᠯ ᠨᠢ ᠵᠡᠷᠡᠮᠳᠡᠭ᠂ᠮᠥᠴᠢ ᠨᠢ ᠬᠦᠨᠳᠦ ᠵᠡᠮᠳᠡᠭᠷᠡᠭᠰᠡᠨ ᠵᠡᠮᠳᠡᠭᠴᠤᠳ᠎ᠲᠤ ᠲᠤᠰᠭᠠᠶ ᠮᠡᠷᠭᠡᠵᠢᠯ᠎ᠦᠨ ᠨᠠᠢᠳᠠᠨ ᠠᠰᠠᠷᠠᠭᠤᠯᠬᠤ ᠦᠶ᠋ᠯᠡᠴᠢᠯᠡᠭᠡ ᠬᠠᠩᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ 《ᠨᠠᠷᠠᠨ ᠬᠡᠷᠡᠯᠲᠦ ᠭᠡᠷ ᠤᠷᠤᠨ》 ᠲᠥᠯᠥᠪᠯᠡᠭᠡ᠎ᠵᠢᠨ ᠲᠦᠷᠦᠯ ᠵᠦᠢᠯ ᠨᠡᠢᠲᠡ 4.24 ᠲᠦᠮᠡᠨ ᠬᠥᠮᠦᠨ ᠤᠳᠠᠭ᠎ᠠ᠎ᠳᠤ ᠨᠠᠢᠳᠠᠨ ᠠᠰᠠᠷᠠᠭᠤᠯᠬᠤ ᠦᠶ᠋ᠯᠡᠴᠢᠯᠡᠭᠡ ᠬᠠᠩᠭᠠᠵᠦ᠂ ᠮᠠᠰᠢ ᠣᠯᠠᠨ ᠵᠡᠮᠳᠡᠭ᠌ᠴᠦᠳ᠎ᠦᠨ ᠬᠡᠷ ᠪᠦᠯᠢ᠎ᠶ᠋ᠢᠨ ᠠᠰᠠᠷᠠᠨ ᠰᠤᠪᠢᠯᠠᠬᠤ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ; ᠵᠡᠮᠳᠡᠭ᠌ᠴᠦᠳ᠎ᠢ ᠨᠠᠢᠳᠠᠨ ᠠᠰᠠᠷᠠᠭᠤᠯᠬᠤ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌᠎ᠶ᠋ᠢᠨ ᠲᠥᠯᠥᠭᠡ 722 ᠲᠦᠮᠡᠨ ᠲᠥᠭᠥᠷᠢᠭ᠎ᠦᠨ ᠡᠵᠡᠩᠨᠡᠯᠲᠡ ᠬᠢᠬᠦ ᠵᠢᠴᠢ ᠵᠡᠷᠭᠡ ᠳᠡᠰ᠎ᠢ ᠦᠨᠡᠯᠡᠨ ᠲᠣᠭ᠍ᠲᠠᠭᠠᠬᠤ ᠨᠥᠬᠥᠪᠥᠷᠢ ᠪᠠᠭᠤᠯᠭᠠᠵᠦ᠂ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠪᠠ ᠬᠢᠷᠢ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠡᠶ ᠢᠳᠡᠪᠬᠢᠲᠡᠶ ᠬᠠᠮᠵᠢᠯᠴᠠᠨ ᠬᠦᠨᠳᠦ ᠵᠡᠮᠳᠡᠭ᠌ᠰᠡᠳᠢ ᠨᠠᠢᠳᠠᠨ ᠠᠰᠠᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠪᠠᠢᠴᠠᠭᠠᠯᠲᠠ ᠥᠷᠨᠢᠭᠦᠯᠵᠦ᠍᠂ ᠵᠡᠮᠳᠡᠭ᠌ᠴᠦᠳ᠎ᠦᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠢᠯᠠᠭᠠᠵᠤ᠂ ᠬᠤᠢᠰᠢᠳᠠ ᠵᠢᠨ ᠣᠨᠣᠴᠠᠳᠠᠢ ᠦᠶ᠋ᠯᠡᠴᠢᠯᠡᠭᠡᠨ᠎ᠦ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠂ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号