ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠭᠠᠯ ᠰᠡᠷᠭᠡᠢᠯᠡᠬᠦ ᠠᠮᠤᠷ ᠲᠦᠪᠱᠢᠨ᠎ᠦ ᠮᠡᠳᠡᠯᠭᠡ᠎ᠶ᠋ᠢᠨ ᠪᠣᠯᠪᠠᠰᠤᠷᠠᠯ ᠡᠷᠭᠢᠯᠡᠪᠡ
2026-03-23 16:41:58
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠡᠴᠡ 2026 ᠣᠨ᠎ᠤ ᠭᠠᠯ ᠰᠡᠷᠭᠡᠢᠯᠡᠬᠦ ᠠᠮᠤᠷ ᠲᠦᠪᠱᠢᠨ᠎ᠦ ᠮᠡᠳᠡᠯᠭᠡ᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠢ ᠵᠣᠬᠢᠶᠠᠨ ᠪᠠᠢᠭᠤᠯᠤᠨ ᠡᠷᠭᠢᠯᠡᠪᠡ᠃

ᠪᠣᠯᠪᠠᠰᠤᠷᠠᠯ᠎ᠳᠤ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠶᠡᠬᠡ ᠠᠩᠭᠢ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠲᠠᠨ᠎ᠢ ᠤᠷᠢᠵᠤ ᠭᠠᠯ᠎ᠤᠨ ᠭᠠᠮᠱᠢᠭ᠎ᠤᠨ ᠨᠡᠢᠲᠡᠯᠢᠭ ᠵᠢᠱ᠌ᠢᠶ᠎ᠡ᠎ᠲᠡᠶ ᠤᠶᠠᠯᠳᠤᠭᠤᠯᠤᠨ᠂ ᠦᠷᠭᠦᠯᠵᠢ ᠲᠣᠬᠢᠶᠠᠯᠳᠤᠳᠠᠭ ᠭᠠᠯ᠎ᠭᠠᠷᠬᠤ ᠱᠢᠯᠲᠠᠭᠠᠨ ᠢ᠋ ᠵᠠᠳᠠᠯᠵᠤ᠂ ᠭᠠᠯ᠎ᠤᠨ ᠠᠶᠤᠯ᠎ᠢ ᠤᠷᠢᠳᠴᠢᠯᠠᠨ ᠰᠡᠷᠭᠡᠢᠯᠡᠬᠦ᠌᠂ ᠲᠦᠭ᠌ᠰᠢᠭᠦᠷᠢ ᠮᠡᠳᠡᠭᠦᠯᠬᠦ᠌ ᠶᠠᠪᠤᠴᠠ᠂ ᠭᠠᠯ ᠤᠨᠲᠠᠷᠠᠭᠠᠬᠤ ᠠᠷᠭ᠎ᠠ ᠵᠢᠴᠢ ᠬᠡᠷ ᠪᠦᠯᠢ᠎ᠶ᠋ᠢᠨ ᠭᠠᠯ ᠰᠡᠷᠭᠡᠢᠯᠡᠬᠦ᠌ ᠵᠡᠷᠭᠡ ᠭᠤᠤᠯᠳᠠᠯᠭ᠎ᠠ᠎ᠲᠠᠶ ᠠᠭᠤᠯᠭ᠎ᠠ᠎ᠶ᠋ᠢ ᠱᠢᠰᠲ᠋ᠧᠮ᠎ᠲᠡᠶ ᠲᠠᠢᠯᠪᠤᠷᠢᠯᠠᠪᠠ; 《ᠠᠮᠢ ᠵᠢᠭᠤᠲᠠᠬᠤ ᠲᠠᠪᠤᠨ ᠶᠡᠬᠡ ᠲᠠᠰᠢᠭᠤᠷᠠᠯ》 ᠪᠠ ᠭᠠᠯ᠎ᠤᠨ ᠭᠠᠮᠰᠢᠭ ᠡᠴᠡ ᠠᠮᠢ ᠵᠢᠭᠤᠲᠠᠬᠤ᠎ᠳᠤ ᠠᠩᠬᠠᠷᠬᠤ ᠵᠦᠶ᠋ᠯᠡᠰ᠎ᠲᠦ ᠴᠢᠭ᠌ᠯᠡᠭᠦᠯᠦᠨ ᠨᠠᠷᠢᠨ ᠲᠠᠢᠯᠪᠤᠷᠢᠯᠠᠯᠲᠠ ᠬᠢᠵᠦ᠍᠂ ᠪᠠᠴᠢᠮ ᠪᠠᠢᠳᠠᠯ᠎ᠤᠨ ᠳᠤᠤᠷ᠎ᠠ ᠯᠠᠪᠳᠠᠭᠤᠨ ᠲᠣᠭ᠍ᠲᠠᠭᠤᠨ ᠪᠠᠢᠵᠤ᠂ ᠱᠢᠨᠵᠢᠯᠡᠬᠦ᠌ ᠤᠬᠠᠭᠠᠨᠴᠢ᠎ᠪᠠᠷ ᠠᠶᠤᠯ᠎ᠠᠴᠠ ᠵᠠᠢᠯᠠᠬᠤ᠎ᠶ᠋ᠢ ᠣᠯᠠᠨ᠎ᠳᠤ ᠰᠠᠨᠠᠭᠤᠯᠪᠠ᠃

ᠪᠣᠯᠪᠠᠰᠤᠷᠠᠯ᠎ᠳᠤ ᠣᠷᠣᠯᠴᠠᠭ᠍ᠰᠠᠳ ᠡᠴᠡ ᠪᠣᠯᠪᠠᠰᠤᠷᠠᠯ᠎ᠤᠨ ᠵᠢᠭᠠᠨ ᠵᠢᠯᠣᠭᠣᠳᠣᠯᠭ᠎ᠠ ᠳᠤᠤᠷ᠎ᠠ ᠭᠠᠯ ᠤᠨᠲᠠᠷᠠᠭᠠᠬᠤ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠬᠢᠵᠦ᠍᠂ ᠭᠠᠯ ᠤᠨᠲᠠᠷᠠᠭᠠᠭᠤᠷ᠎ᠢ ᠵᠥᠪ ᠣᠨᠣᠪᠴᠢᠲᠠᠶ ᠬᠡᠷᠡᠭ᠌ᠯᠡᠬᠦ᠌ ᠠᠷᠭ᠎ᠠ᠎ᠶ᠋ᠢ ᠰᠤᠷᠤᠯᠴᠠᠪᠠ᠃ ᠰᠣᠷᠢᠯᠲᠠ᠎ᠶ᠋ᠢᠨ ᠶᠠᠪᠤᠴᠠ ᠵᠢ ᠡᠮᠬᠢ ᠵᠢᠷᠤᠮ᠎ᠲᠠᠶ ᠵᠤᠬᠢᠶᠠᠨ ᠪᠠᠢᠭᠤᠯᠤᠭᠰᠠᠨ ᠡᠴᠡ ᠪᠣᠳᠠᠲᠤ ᠠᠵᠢᠯᠯᠠᠭ᠎ᠠ ᠳᠤᠮᠳᠠ ᠮᠡᠳᠡᠯᠭᠡ᠎ᠪᠡᠨ ᠪᠡᠬᠢᠵᠢᠭᠦᠯᠵᠦ᠍᠂ ᠤᠷ᠎ᠠ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠵᠣᠷᠢᠯᠭ᠎ᠠ᠎ᠳᠤ ᠬᠦᠷᠴᠡᠢ᠃

ᠲᠣᠰ ᠤᠳᠠᠭᠠᠨ᠎ᠤ ᠪᠣᠯᠪᠠᠰᠤᠷᠠᠯ ᠨᠢ 《ᠪᠥᠬᠥ᠌ ᠠᠵᠢᠯᠲᠠᠨ᠎ᠤ ᠠᠮᠤᠷ ᠲᠦᠪᠱᠢᠨ᠎ᠦ ᠤᠬᠠᠮᠰᠠᠷ᠎ᠢ ᠳᠡᠭᠡᠭ᠌ᠰᠢᠯᠡᠭᠦᠯᠬᠦ᠌᠂ ᠪᠠᠭᠠᠵᠢ ᠬᠡᠷᠡᠭ᠌ᠰᠡᠯ᠎ᠦᠨ ᠣᠷᠣᠨ ᠪᠠᠢᠷᠢ᠎ᠶ᠋ᠢ ᠰᠠᠢᠨ ᠮᠡᠳᠡᠬᠦ᠌᠂ ᠲᠦᠭ᠌ᠰᠢᠭᠦᠷᠢ ᠮᠡᠳᠡᠭᠦᠯᠬᠦ᠌ ᠵᠢᠷᠤᠮ ᠪᠠ ᠭᠠᠯ ᠤᠨᠲᠠᠷᠠᠭᠠᠬᠤ ᠤᠷ᠎ᠠ ᠴᠢᠳᠠᠪᠤᠷᠢ᠎ᠶ᠋ᠢ ᠡᠵᠡᠮᠱᠢᠬᠦ᠌》 ᠳᠥᠷᠪᠡᠨ ᠶᠡᠬᠡ ᠬᠠᠷᠠᠯᠲᠠ᠎ᠲᠠᠶ ᠨᠢᠭ᠍ᠲᠠ ᠤᠶᠠᠯᠳᠤᠭᠤᠯᠤᠨ ᠶᠠᠪᠤᠭ᠍ᠳᠠᠵᠤ᠂ ᠣᠨᠣᠯ᠎ᠢ ᠦᠶ᠋ᠯᠡᠳᠦᠯᠭᠡ ᠲᠡᠶ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠱᠢᠨ᠎ᠦ 《ᠰᠡᠷᠭᠡᠢᠯᠡᠯᠲᠡ᠎ᠶ᠋ᠢᠨ ᠬᠡᠷᠡᠮ》᠎ᠢ᠋ ᠤᠯᠠᠮ ᠨᠢᠭᠡ ᠠᠯᠬᠤᠮ ᠪᠠᠲᠤ ᠴᠣᠭ᠍ᠴᠠᠯᠠᠪᠠ᠃ ᠪᠣᠯᠪᠠᠰᠤᠷᠠᠯ᠎ᠳᠤ ᠣᠷᠣᠯᠴᠠᠭ᠍ᠰᠠᠳ ᠡᠴᠡ ᠪᠣᠯᠪᠠᠰᠤᠷᠠᠯ᠎ᠤᠨ ᠠᠭᠤᠯᠭ᠎ᠠ ᠨᠢ ᠠᠵᠢᠯ ᠪᠠ ᠠᠮᠢᠳᠤᠷᠠᠯ᠎ᠤᠨ ᠪᠣᠳᠠᠲᠤ ᠪᠠᠢᠳᠠᠯ᠎ᠲᠠᠶ ᠣᠢᠷᠠᠳᠴᠤ᠂ 《ᠰᠡᠷᠭᠡᠢᠯᠡᠬᠦ᠌᠎ᠪᠡᠷ ᠭᠤᠤᠯ ᠪᠣᠯᠭᠠᠵᠤ᠂ ᠰᠡᠷᠭᠡᠢᠯᠡᠬᠦ᠌ ᠪᠠ ᠤᠨᠲᠠᠷᠠᠭᠠᠬᠤ᠎ᠶ᠋ᠢ ᠤᠶᠠᠯᠳᠤᠭᠤᠯᠬᠤ》 ᠭᠠᠯ ᠤᠨᠲᠠᠷᠠᠭᠠᠬᠤ ᠠᠮᠤᠷ ᠲᠦᠪᠱᠢᠨ᠎ᠦ ᠣᠢᠯᠠᠭᠠᠭ᠍ᠳᠠᠬᠤᠨ᠎ᠢ ᠴᠢᠩᠭᠠᠷᠠᠭᠤᠯᠵᠤ᠂ ᠬᠣᠢᠱᠢᠳᠠ ᠠᠮᠤᠷ ᠲᠦᠪᠱᠢᠨ᠎ᠦ ᠰᠡᠷᠭᠡᠢᠯᠡᠯᠲᠡ᠎ᠶ᠋ᠢ ᠨᠠᠩ ᠰᠠᠢᠲᠤᠷ ᠥᠷᠨᠢᠭᠦᠯᠬᠦ᠌᠂ ᠭᠡᠨᠡᠳᠲᠡ᠎ᠶ᠋ᠢᠨ ᠭᠠᠯ ᠲᠦᠶ᠋ᠮᠡᠷ᠎ᠦᠨ ᠪᠠᠢᠳᠠᠯ᠎ᠢ ᠠᠷᠭᠠᠴᠠᠭᠠᠬᠤ᠎ᠳᠤ ᠯᠠᠪᠳᠠᠭᠤᠨ ᠪᠠᠲᠤᠲᠠᠶ ᠰᠠᠭᠤᠷᠢ᠎ᠶ᠋ᠢ ᠲᠠᠯᠪᠢᠭ᠍ᠰᠠᠨ ᠪᠠᠢᠨ᠎ᠠ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号