ᠥᠪᠥᠷ ᠮᠣᠩᠭᠣᠯ 《ᠭᠤᠷᠪᠠᠨ ᠶᠡᠬᠡ ᠢᠨᠵᠧᠨᠧᠷᠢᠩ》᠎ᠢ᠋ ᠬᠡᠷᠡᠭᠵᠢᠬᠦᠯᠵᠦ ᠡᠮᠡᠭ᠌ᠲᠡᠢᠴᠦᠳ ᠬᠡᠦᠬᠡᠳ᠎ᠦᠨ ᠵᠢᠷᠭᠠᠯᠲᠤ ᠲᠥᠷᠥᠭ᠌ᠳᠡᠯ᠎ᠢ ᠨᠡᠮᠡᠭᠳᠡᠭᠦᠯᠵᠤ ᠪᠤᠢ
2026-03-23 12:12:47
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠡᠮᠡᠭ᠌ᠲᠡᠢᠴᠦᠳ᠎ᠦᠨ ᠬᠣᠯᠪᠣᠭ᠎ᠠ ᠡᠴᠡ ᠣᠢᠯᠠᠭᠠᠭ᠍ᠰᠠᠨ᠎ᠢᠶᠠᠷ᠂ 2026 ᠣᠨ᠎ᠳᠤ ᠪᠥᠬᠥ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠬᠤ ᠬᠥᠲᠥᠯᠥᠨ ᠳᠠᠭᠠᠭᠤᠯᠬᠤ ᠢᠨᠵᠧᠨᠧᠷᠢᠩ᠂ ᠬᠡᠷ ᠬᠤᠳᠠᠯᠠᠭᠠᠷ ᠵᠢᠡᠨ ᠵᠣᠯ ᠵᠢᠷᠭᠠᠯ ᠲᠠᠢ ᠠᠮᠤᠷ ᠲᠦᠪᠰᠢᠨ ᠪᠠᠢᠬᠤ ᠢᠨᠵᠧᠨᠧᠷᠢᠩ᠂ ᠡᠮᠡᠭ᠌ᠲᠡᠢᠴᠦᠳ᠎ᠦᠨ ᠰᠠᠭᠤᠷᠢ᠎ᠶ᠋ᠢ ᠴᠢᠩᠭᠠᠳᠭᠠᠨ ᠬᠡᠪᠴᠢᠶ᠎ᠡ᠎ᠶ᠋ᠢ ᠥᠷᠭᠡᠳᠭᠡᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠬᠦ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠡᠮᠡᠭ᠌ᠲᠡᠢᠴᠦᠳ ᠬᠡᠦᠬᠡᠳ᠎ᠦᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠤ ᠪᠤᠢ᠃ 

ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠬᠤ ᠬᠥᠲᠥᠯᠥᠨ ᠳᠠᠭᠠᠭᠤᠯᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ 《〈ᠠᠷᠪᠠ ᠵᠠᠭᠤ ᠮᠢᠩᠭ᠎ᠠ ᠲᠦᠮᠡ〉 ᠵᠢᠨ ᠡᠮᠡᠭ᠌ᠲᠡᠢᠴᠦᠳ᠎ᠦᠨ ᠶᠡᠬᠡ ᠤᠬᠠᠭᠤᠯᠤᠨ ᠲᠠᠢᠯᠪᠤᠷᠢᠯᠠᠯᠲᠠ》᠂ 《ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠶᠠᠷᠢᠶᠠᠨ᠎ᠤ ᠲᠠᠩᠬᠢᠮ》 ᠳ᠋ᠦ ᠲᠦᠱᠢᠭ᠌ᠯᠡᠨ᠂ ᠡᠯ᠎ᠡ ᠲᠥᠷᠥᠯ᠎ᠦᠨ ᠤᠬᠠᠭᠤᠯᠤᠨ ᠲᠠᠢᠯᠪᠤᠷᠢᠯᠠᠬᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠡᠷᠡᠭ᠌ᠯᠡᠵᠦ᠍᠂ ᠨᠠᠮ᠎ᠤᠨ ᠱᠢᠨ᠎ᠡ ᠡᠭᠦᠳᠦᠯᠳᠡ ᠵᠢᠨ ᠣᠨᠣᠯ᠎ᠢ ᠣᠯᠠᠨ ᠨᠡᠢᠲᠡ᠎ᠳᠦ ᠤᠬᠠᠭᠤᠯᠤᠨ ᠲᠠᠢᠯᠪᠤᠷᠢᠯᠠᠬᠤ ᠠᠵᠢᠯ᠎ᠢ 1.5 ᠲᠦᠮᠡᠨ ᠤᠳᠠᠭ᠎ᠠ᠎ᠠᠴᠠ ᠳᠡᠭᠡᠭ᠌ᠰᠢ ᠥᠷᠨᠢᠭᠦᠯᠵᠦ᠍᠂ 1000 ᠭᠠᠷᠤᠶ ᠲᠦᠮᠡᠨ ᠬᠥᠮᠦᠨ ᠤᠳᠠᠭ᠎ᠠ᠎ᠳ᠋ᠤ ᠠᠰᠢᠭ ᠬᠦᠷᠳᠡᠭᠡᠨ᠎ᠡ᠃ ᠡᠭᠦᠨ᠎ᠤ ᠬᠠᠮᠲᠤ ᠪᠠᠰᠠ ᠬᠤᠪᠢᠰᠬᠠᠯ᠎ᠤᠨ ᠰᠣᠶᠣᠯ᠂ ᠦᠨᠡᠨᠴᠢ ᠢᠲᠡᠭᠡᠮᠵᠢ᠎ᠶ᠋ᠢᠨ ᠰᠣᠶᠣᠯ᠂ ᠠᠷᠢᠭᠤᠨ ᠴᠢᠬᠡᠴᠢ ᠰᠣᠶᠣᠯ᠎ᠢ ᠥᠷᠭᠡᠨ᠎ᠢᠶᠡᠷ ᠤᠬᠠᠭᠤᠯᠵᠦ᠂᠎ᠡᠮᠡᠭ᠌ᠲᠡᠶ ᠲᠡᠷᠢᠭᠦᠨ᠎ᠦ ᠨᠡᠢᠲᠡᠯᠢᠭ ᠵᠢᠱ᠌ᠢᠶᠡᠴᠢ᠎ᠶ᠋ᠢ ᠥᠷᠭᠡᠨ᠎ᠢᠶᠡᠷ ᠡᠷᠢᠨ᠎ᠡ᠃

ᠬᠡᠷ ᠬᠤᠳᠠᠯᠠᠭᠠᠷ ᠵᠢᠡᠨ ᠵᠣᠯ ᠵᠢᠷᠭᠠᠯ ᠲᠠᠢ ᠠᠮᠤᠷ ᠲᠦᠪᠰᠢᠨ ᠪᠠᠢᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠂ 《ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠦᠵᠡᠭᠦᠯᠬᠦ᠌ ᠬᠡᠷ ᠤ᠋ᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠦᠶ᠋ᠯᠡᠳᠦᠯ᠎ᠢ ᠪᠠᠳᠠᠷᠠᠭᠤᠯᠬᠤ ᠲᠣᠭ᠍ᠲᠠᠴᠠ᠎ᠶ᠋ᠢ ᠲᠡᠬᠦᠯᠳᠡᠷᠵᠢᠬᠦᠯᠬᠦ᠌》 ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠵᠤ᠂ 《ᠦᠨᠳᠦᠰᠦᠨ ᠱᠠᠲᠤᠨ᠎ᠤ ᠵᠠᠰᠠᠯᠲᠠ᠎ᠳᠤ ᠦᠵᠡᠭᠦᠯᠬᠦ᠌ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠦᠶ᠋ᠯᠡᠳᠦᠯ᠎ᠢ ᠲᠡᠬᠦᠯᠳᠡᠷᠵᠢᠬᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌ ᠰᠠᠨᠠᠯ (ᠲᠤᠷᠱᠢᠨ ᠬᠡᠷᠡᠭ᠌ᠵᠢᠭᠦᠯᠬᠦ᠌)》 ᠢ᠋ ᠨᠡᠢᠲᠡᠯᠡᠵᠦ᠍᠂ ᠪᠥᠬᠥ᠌ ᠣᠷᠣᠨ᠎ᠤ ᠬᠡᠷ᠎ᠤᠨ ᠬᠥᠮᠦᠵᠢᠯ᠎ᠦᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃ ᠬᠡᠷ ᠪᠦᠯᠢ᠎ᠶ᠋ᠢᠨ ᠪᠣᠯᠪᠠᠰᠤᠨ᠎ᠢ ᠪᠣᠢᠵᠢᠭᠤᠯᠬᠤ᠂ ᠱᠢᠨᠵᠢᠯᠡᠬᠦ᠌ ᠤᠬᠠᠭᠠᠨᠴᠢ ᠭᠡᠷ᠎ᠤᠨ ᠰᠤᠷᠭᠠᠯ᠎ᠢ ᠲᠦᠭᠡᠮᠡᠯᠵᠢᠭᠦᠯᠬᠦ᠌᠂ ᠢᠨᠠᠭᠯᠠᠬᠤ ᠣᠷᠣᠭᠯᠠᠬᠤ ᠵᠥᠪ ᠣᠢᠯᠠᠭᠠᠭ᠍ᠳᠠᠬᠤᠨ᠎ᠢ ᠬᠥᠲᠥᠯᠥᠨ ᠵᠢᠯᠣᠭᠣᠳᠭᠤ᠂ ᠡᠨᠡᠷᠢᠩᠭᠦᠢ ᠰᠡᠳᠬᠢᠯᠲᠤ ᠡᠵᠢ ᠵᠢᠨ ᠬᠠᠢᠷ᠎ᠠ ᠬᠠᠯᠠᠮᠵᠢ ᠬᠦᠷᠭᠡᠬᠦ ᠰᠠᠢᠨ ᠲᠤᠷ᠎ᠠ ᠵᠢᠨ ᠦᠶ᠋ᠯᠡᠴᠢᠯᠡᠭᠡ ᠵᠡᠷᠭᠡ ᠠᠵᠢᠯᠯᠠᠭ᠎ᠠ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ 《ᠲᠠᠪᠤᠨ 100》 ᠠᠵᠢᠯᠯᠠᠭ᠎ᠠ᠎ᠶ᠋ᠢ ᠭᠤᠤᠯᠳᠠᠯᠭ᠎ᠠ᠎ᠲᠠᠶ ᠥᠷᠨᠢᠭᠦᠯᠦᠨ᠎ᠡ᠃ 36 ᠬᠡᠦᠬᠡᠳ (ᠬᠡᠦᠬᠡᠳ ᠠᠰᠠᠷᠠᠬᠤ)᠎ᠤ᠋ᠨ ᠲᠤᠯᠠᠭᠠᠨ ᠦᠷᠬᠦᠭᠡ ᠵᠢ ᠱᠢᠨ᠎ᠡ᠎ᠪᠡᠷ ᠪᠠᠢᠭᠤᠯᠵᠤ᠂ ᠣᠯᠠᠨ ᠰᠠᠯᠠᠭ᠎ᠠ ᠮᠥᠴᠢᠷ᠎ᠲᠡᠶ ᠬᠣᠯᠪᠣᠭᠠᠯᠠᠨ ᠬᠡᠦᠬᠡᠳ᠎ᠦᠨ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠤᠤᠷ᠎ᠢ ᠪᠡᠬᠢᠵᠢᠭᠦᠯᠵᠦ᠍᠂ ᠡᠪᠦᠯ ᠵᠣᠨ᠎ᠤ ᠠᠮᠠᠷᠠᠯᠳᠠ ᠵᠢᠨ ᠬᠤᠭᠤᠴᠠᠭᠠᠨ᠎ᠤ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ᠎ᠶ᠋ᠢ ᠪᠠᠢᠩᠭᠤᠵᠢᠭᠤᠯᠵᠤ᠂ 《ᠬᠠᠪᠤᠷ᠎ᠤᠨ ᠴᠣᠮᠣᠷᠯᠢᠭ ᠲᠥᠯᠥᠪᠯᠡᠭᠡ》᠂ 《ᠮᠥᠩᠬᠡ᠎ᠶ᠋ᠢᠨ ᠬᠠᠢᠷ᠎ᠠ᠎ᠶ᠋ᠢᠨ ᠠᠵᠢᠯᠯᠠᠭ᠎ᠠ》᠂ 《ᠬᠠᠢᠷ᠎ᠠ᠎ᠶ᠋ᠢᠨ ᠡᠬᠢᠯᠡᠯᠲᠡ》 ᠵᠡᠷᠭᠡ ᠲᠥᠷᠥᠯ ᠵᠦᠶ᠋ᠯ᠎ᠢ ᠦᠷᠭᠦᠯᠵᠢᠯᠡᠨ ᠠᠬᠢᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠦᠨ ᠬᠦᠴᠢᠷᠳᠡᠯ᠎ᠳᠦ ᠲᠤᠯᠭᠠᠷᠠᠭ᠍ᠰᠠᠨ ᠡᠮᠡᠭ᠌ᠲᠡᠢᠴᠦᠳ ᠬᠡᠦᠬᠡᠳ᠎ᠲᠦ ᠦᠶ᠋ᠯᠡᠴᠢᠯᠡᠬᠦ᠌ ᠣᠨᠣᠪᠴᠢ᠎ᠶ᠋ᠢᠨ ᠬᠡᠮᠵᠢᠶ᠎ᠡ ᠪᠠ ᠬᠠᠮᠤᠷᠬᠤ ᠬᠡᠪᠴᠢᠶ᠎ᠡ᠎ᠶ᠋ᠢ ᠳᠡᠭᠡᠭ᠌ᠰᠢᠯᠡᠭᠦᠯᠦᠨ᠎ᠡ᠃

ᠡᠮᠡᠭ᠌ᠲᠡᠢᠴᠦᠳ᠎ᠦᠨ ᠰᠠᠭᠤᠷᠢ᠎ᠶ᠋ᠢ ᠴᠢᠩᠭᠠᠳᠭᠠᠵᠤ ᠬᠡᠪᠴᠢᠶ᠎ᠡ᠎ᠶ᠋ᠢ ᠥᠷᠭᠡᠳᠭᠡᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠬᠦ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠂ 2026 ᠣᠨ᠎ᠤ ᠡᠴᠦᠰ᠎ᠪᠤᠯᠬᠤ ᠳ᠋ᠦ᠂ ᠪᠦᠬᠦ ᠤᠷᠤᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠲᠤᠰᠠᠭᠠᠷ ᠪᠠᠢᠭᠤᠯᠬᠤ᠂ ᠠᠵᠢᠯ ᠲᠥᠷᠥᠯ᠎ᠵᠢᠡᠷ ᠨᠢᠭᠡᠳᠦᠯᠲᠡᠶ ᠪᠠᠢᠭᠤᠯᠬᠤ᠂ ᠣᠷᠣᠨ ᠪᠦᠰᠡ  ᠬᠠᠮᠲᠤᠷᠠᠨ ᠪᠠᠢᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠪᠥᠬᠥ᠌ ᠣᠷᠣᠨ᠎ᠤ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠨ ᠪᠦᠷᠬᠦᠬᠦᠯᠦᠨ᠎ᠡ᠃ 《ᠲᠦᠮᠡᠨ ᠡᠷᠦᠬᠡ᠎ᠳᠦ ᠣᠷᠣᠵᠦ᠂ ᠲᠦᠮᠡᠨ ᠡᠷᠦᠬᠡ᠎ᠶ᠋ᠢᠨ ᠪᠠᠢᠳᠠᠯ᠎ᠢ ᠤᠢᠯᠠᠭᠠᠵᠤ᠂ ᠲᠦᠮᠡᠨ ᠡᠷᠦᠬᠡ᠎ᠶ᠋ᠢᠨ ᠰᠠᠳᠤᠨ ᠪᠣᠯᠬᠤ》 ᠠᠵᠢᠯᠯᠠᠭ᠎ᠠ ᠶ᠋ᠢ ᠪᠠᠢᠩᠭᠤᠵᠢᠭᠤᠯᠤᠨ ᠥᠷᠨᠢᠭᠦᠯᠵᠦ᠍᠂ ᠱᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ ᠡᠮᠡᠭ᠌ᠲᠡᠢᠴᠦᠳ ᠬᠡᠦᠬᠡᠳ᠎ᠦᠨ ᠬᠡᠷ ᠪᠦᠯᠢ᠎ᠶ᠋ᠢ ᠬᠠᠯᠠᠮᠵᠢᠯᠠᠨ ᠬᠠᠢᠷᠠᠯᠠᠬᠤ ᠡᠷᠴᠢᠮ᠎ᠢ ᠴᠢᠩᠭᠠᠷᠠᠭᠤᠯᠤᠨ᠎ᠠ᠃ ᠡᠬᠢ ᠪᠠᠶᠠᠯᠢᠭ᠎ᠢ ᠢᠳᠡᠪᠬᠢᠲᠡᠶ ᠵᠣᠬᠢᠴᠠᠭᠤᠯᠤᠨ ᠨᠡᠢᠳᠭᠡᠵᠦ᠂ ᠶᠡᠭᠡ ᠳᠡᠭᠡᠳᠦ ᠰᠤᠷᠭᠠᠭᠤᠯᠢ᠎ᠶ᠋ᠢᠨ ᠡᠮᠡᠭ᠌ᠲᠡᠢᠴᠦᠳ᠎ᠲᠡᠶ ᠬᠠᠷᠢᠯᠴᠠᠵᠤ ᠲᠡᠳᠡᠨ᠎ᠳᠦ ᠦᠶ᠋ᠯᠡᠴᠢᠯᠡᠬᠦ᠌ ᠠᠵᠢᠯ᠎ᠢ ᠰᠠᠢᠲᠤᠷ ᠬᠢᠵᠦ᠍᠂ ᠬᠠᠷᠢᠶ᠎ᠠ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠳᠤ ᠡᠮᠡᠭ᠌ᠲᠡᠢᠴᠦᠳ᠎ᠦᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ ᠪᠠᠢᠭᠤᠯᠬᠤ ᠵᠡᠷᠭᠡ᠎ᠠᠵᠢᠯ᠎ᠢ ᠪᠥᠬᠥ᠌ ᠬᠦᠴᠦᠨ᠎ᠢᠶᠡᠷ᠎ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号