ᠮᠣᠩᠭᠣᠯ ᠤᠯᠤᠰ᠎ᠤᠨ ᠨᠡᠭᠦᠷᠡᠰᠦ᠎ᠶᠢ ᠦᠬᠠᠢ᠎ᠳᠤ
ᠬᠡᠪᠴᠢᠶᠡᠵᠢᠭᠦᠯᠦᠨ ᠣᠷᠣᠭᠤᠯᠬᠤ ᠠᠵᠢᠯᠯᠠᠭ᠎ᠠ ᠵᠢᠨ ᠡᠬᠢᠯᠡᠯᠲᠡ᠎ᠶᠢᠨ ᠶᠣᠰᠣᠯᠠᠯ 19 ᠦ ᠡᠳᠦᠷ ᠦᠬᠠᠢ ᠬᠣᠲᠠ᠎ᠶᠢᠨ
ᠬᠠᠢᠷᠤᠪ᠎ᠤᠨ ᠲᠣᠬᠣᠢ ᠲᠣᠭᠣᠷᠢᠭ᠋᠎ᠲᠤ ᠶᠠᠪᠤᠭᠳᠠᠪᠠ᠃ ᠲᠤᠰ ᠶᠤᠰᠤᠯᠠᠯ ᠲᠡᠭᠡᠷ᠎ᠡ᠂ ᠲᠦᠷᠦᠭᠦᠸ᠋ ᠪᠦᠯᠦᠭ᠎ᠦᠨ
2000 ᠲᠣᠨ ᠮᠣᠩᠭᠣᠯ ᠤᠯᠤᠰ᠎ᠤᠨ ᠨᠡᠭᠦᠷᠡᠰᠦ᠎ᠶᠢ ᠦᠬᠠᠢ ᠬᠣᠲᠠ᠎ᠶᠢᠨ ᠲᠢᠶᠠᠨ ᠴᠧᠩ ᠬᠥᠮᠥᠷᠭᠡᠯᠡᠨ ᠬᠠᠳᠠᠭᠠᠯᠠᠬᠤ
ᠪᠠᠷᠠᠭᠠᠨ᠎ᠤ ᠭᠦᠢᠯᠭᠡᠭᠡᠨ᠎ᠦ ᠬᠢᠵᠠᠭᠠᠷᠲᠤ ᠺᠣᠮᠫᠠᠨᠢ᠎ᠶᠢᠨ ᠮᠣᠩᠭᠣᠯ ᠤᠯᠤᠰ᠎ᠤᠨ ᠨᠡᠭᠦᠷᠡᠰᠦᠨ᠎ᠦ ᠠᠷᠠᠯᠵᠢᠶᠠᠨ᠎ᠤ
ᠲᠥᠪ᠎ᠦᠨ ᠬᠥᠮᠥᠷᠭᠡᠯᠡᠨ ᠬᠠᠳᠠᠭᠠᠯᠠᠬᠤ ᠨᠡᠭᠦᠷᠡᠰᠦᠨ᠎ᠦ ᠰᠠᠷᠠᠪᠴᠢᠨ᠎ᠳᠤ ᠤᠷᠤᠭᠰᠢᠲᠠᠢ᠎ᠪᠠᠷ ᠲᠡᠭᠡᠭᠡᠪᠦᠷᠢᠯᠡᠨ
ᠬᠦᠷᠭᠡᠵᠡᠢ᠃ ᠡᠨᠡ ᠨᠢ ᠦᠬᠠᠢ ᠬᠤᠳᠠ᠎ᠶᠢᠨ ᠳᠤᠮᠳᠠᠳᠤ ᠮᠣᠩᠭᠣᠯ᠎ᠤᠨ ᠡᠨᠧᠷᠭᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠂
ᠤᠯᠤᠰ᠎ᠤᠨ ᠤᠮᠠᠷᠠᠰᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ ᠴᠢᠬᠤᠯᠠ ᠠᠯᠬᠤᠮ᠎ᠢ ᠠᠯᠬᠤᠭᠰᠠᠨ᠎ᠢ
ᠬᠠᠷᠠᠭᠤᠯᠵᠤ ᠪᠠᠢᠨ᠎ᠠ᠃
ᠦᠬᠠᠢ ᠬᠤᠳᠠ ᠥᠪᠥᠷ ᠮᠣᠩᠭᠣᠯ᠎ᠤᠨ ᠪᠠᠷᠠᠭᠤᠨ
ᠬᠡᠰᠡᠭ᠎ᠦᠨ ᠡᠨᠧᠷᠭᠢ᠎ᠶᠢᠨ ᠬᠦᠢᠰᠦᠳᠦ ᠪᠠᠢᠷᠢᠯᠠᠵᠤ᠂ ᠣᠷᠣᠨ ᠪᠠᠢᠷᠢ᠎ᠶᠢᠨ ᠳᠠᠪᠠᠭᠤᠯᠢᠭ᠋ ᠢᠯᠡᠷᠬᠡᠢ᠂ ᠪᠠᠷᠠᠭᠠᠨ᠎ᠤ
ᠭᠦᠢᠯᠭᠡᠭᠡᠨ᠎ᠦ ᠰᠢᠰᠲ᠋ᠸᠮ ᠳᠥᠭᠥᠮ ᠳᠥᠲᠡ᠂ ᠠᠵᠤ ᠦᠢᠯᠡᠰ᠎ᠦᠨ ᠢᠵᠢ ᠪᠦᠷᠢᠳᠦᠯ ᠪᠦᠷᠢᠨ ᠪᠠᠢᠵᠤ᠂ ᠬᠢᠯᠢ᠎ᠶᠢᠨ ᠭᠠᠳᠠᠨᠠᠬᠢ
ᠨᠡᠭᠦᠷᠡᠰᠦᠨ᠎ᠦ ᠡᠬᠢ ᠪᠠᠶᠠᠯᠢᠭ᠋᠎ᠢ ᠵᠣᠯᠭᠠᠭᠤᠯᠬᠤ ᠴᠢᠬᠤᠯᠠ ᠭᠣᠭᠴᠣᠭ᠎ᠠ ᠪᠣᠯᠵᠡᠢ᠃ ᠲᠣᠰ ᠤᠳᠠᠭ᠎ᠠ ᠮᠣᠩᠭᠣᠯ
ᠤᠯᠤᠰ᠎ᠤᠨ ᠨᠡᠭᠦᠷᠡᠰᠦ ᠵᠢ ᠤᠷᠤᠭᠤᠯᠤᠭᠰᠠᠨ ᠨᠢ᠂ ᠪᠣᠭᠣᠮᠲᠠ ᠬᠢᠭᠡᠳ ᠳᠣᠲᠣᠷ᠎ᠠ ᠭᠠᠵᠠᠷ ᠯᠤᠭ᠎ᠠ ᠵᠢᠨ ᠥᠨᠳᠥᠷ
ᠪᠦᠲᠦᠮᠵᠢᠲᠡᠶ᠎ᠪᠡᠷ ᠬᠣᠯᠪᠤᠭᠠᠯᠠᠨ ᠬᠥᠳᠡᠯᠦᠯᠴᠡᠬᠦ᠎ᠳᠦ ᠲᠦᠰᠢᠭᠯᠡᠨ᠂ ᠪᠣᠭᠣᠮᠲᠠ᠎ᠪᠠᠷ ᠥᠩᠭᠡᠷᠡᠬᠦ᠂ ᠪᠠᠷᠠᠭᠠᠨ᠎ᠤ
ᠭᠦᠢᠯᠭᠡᠭᠡ᠂ ᠬᠥᠮᠥᠷᠭᠡᠯᠡᠨ ᠬᠠᠳᠠᠭᠠᠯᠠᠬᠤ᠂ ᠠᠷᠠᠯᠵᠢᠶᠠᠯᠠᠬᠤ ᠪᠥᠬᠥ ᠬᠡᠯᠬᠢᠶ᠎ᠡ ᠵᠢ ᠤᠷᠤᠭᠰᠢᠲᠠᠢ ᠵᠣᠯᠭᠠᠯᠴᠠᠭᠤᠯᠵᠦ᠂
ᠡᠨᠧᠷᠭᠢ᠎ᠶᠢᠨ ᠬᠠᠩᠭᠠᠯᠭ᠎ᠠ᠎ᠶᠢᠨ ᠲᠣᠭᠲᠠᠪᠤᠷᠢᠲᠤ ᠴᠢᠨᠠᠷ ᠪᠠ ᠦᠨ᠎ᠡ ᠬᠠᠩᠰᠢ᠎ᠶᠢᠨ ᠬᠠᠷᠢᠴᠠᠯ᠎ᠢ ᠪᠦᠲᠦᠮᠵᠢᠲᠡᠶ
ᠳᠡᠭᠡᠭᠰᠢᠯᠡᠭᠦᠯᠵᠦ᠂ ᠡᠷᠬᠢᠨ ᠲᠣᠭᠣᠷᠢᠨ᠎ᠤ ᠬᠢᠮᠢ᠎ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠲᠡᠮᠦᠷᠯᠢᠭ
ᠬᠠᠢᠯᠤᠭᠤᠯᠬᠤ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠲᠦ ᠪᠠᠲᠤᠯᠠᠭ᠎ᠠ ᠬᠠᠩᠭᠠᠨ᠎ᠠ᠃ ᠡᠭᠦᠨ᠎ᠦ ᠬᠠᠮᠲᠤ᠂ ᠭᠠᠳᠠᠭᠠᠳᠤ᠎ᠠᠴᠠ
ᠣᠷᠣᠭᠤᠯᠬᠤ ᠨᠡᠭᠦᠷᠡᠰᠦᠨ᠎ᠦ ᠡᠬᠢ ᠪᠠᠶᠠᠯᠢᠭ᠋᠎ᠲᠤ ᠲᠦᠰᠢᠭᠯᠡᠨ᠂ ᠲᠤᠬᠠᠢ ᠵᠢᠨ ᠭᠠᠵᠠᠷ ᠣᠷᠣᠨ᠎ᠤ ᠨᠡᠭᠦᠷᠡᠰᠦ᠎ᠶᠢ
ᠤᠬᠢᠶᠠᠵᠤ ᠰᠢᠯᠢᠵᠦ ᠡᠳ᠋ᠰᠢᠭᠦᠯᠬᠦ᠂ ᠨᠠᠷᠢᠯᠢᠭ᠋ ᠬᠢᠮᠢ᠎ᠶᠢᠨ ᠠᠵᠤ ᠦᠢᠯᠡᠳᠪᠦᠷᠢ ᠵᠢᠴᠢ ᠠᠷᠢᠭᠤᠨ ᠴᠡᠪᠡᠷ ᠥᠨᠳᠥᠷ
ᠪᠦᠲᠦᠮᠵᠢᠲᠡᠶ᠎ᠪᠡᠷ ᠠᠰᠢᠭ᠍ᠯᠠᠬᠤ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠶᠢ ᠲᠦᠷᠭᠡᠳᠬᠡᠨ ᠠᠬᠢᠭᠤᠯᠬᠤ ᠪᠣᠯᠣᠨ᠎ᠠ᠃
《ᠡᠨᠡ ᠵᠢᠯ ᠮᠣᠩᠭᠣᠯ ᠤᠯᠤᠰ᠎ᠤᠨ ᠨᠡᠭᠦᠷᠡᠰᠦᠨ᠎ᠦ
ᠬᠠᠩᠭᠠᠯᠭ᠎ᠠ᠎ᠶᠢᠨ ᠬᠡᠮᠵᠢᠶ᠎ᠡ ᠵᠢᠱ᠌ᠢᠯᠲᠡ᠎ᠪᠡᠷ 50 ᠲᠦᠮᠡ᠎ᠡᠴᠡ 100 ᠲᠦᠮᠡᠨ ᠲᠣᠨ ᠬᠦᠷᠬᠦ ᠪᠣᠯᠣᠨ᠎ᠠ᠃ ᠠᠵᠤ
ᠠᠬᠤᠢᠯᠠᠯ ᠰᠠᠷ᠎ᠠ᠎ᠪᠠᠷ ᠬᠥᠳᠡᠯᠦᠩᠭᠦᠢ ᠲᠣᠬᠢᠷᠠᠭᠤᠯᠤᠯᠲᠠ ᠬᠢᠵᠦ᠂ ᠨᠡᠭᠦᠷᠡᠰᠦᠨ᠎ᠦ ᠲᠥᠷᠥᠯ᠂ ᠶᠠᠰᠤ ᠴᠢᠨᠠᠷ ᠪᠠ
ᠪᠦᠲᠦᠴᠡ᠎ᠶᠢ ᠣᠨᠣᠪᠴᠢᠲᠠᠶ ᠲᠣᠬᠢᠷᠠᠭᠤᠯᠤᠨ᠂ ᠬᠢᠮᠢ᠎ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠪᠠᠷᠢᠯᠭ᠎ᠠ᠎ᠶᠢᠨ
ᠮᠠᠲᠧᠷᠢᠶᠠᠯ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠦᠨ ᠨᠡᠭᠦᠷᠡᠰᠦᠨ᠎ᠦ ᠬᠡᠷᠡᠭᠴᠡᠭᠡ ᠱᠠᠭᠠᠷᠳᠠᠯᠭ᠎ᠠ᠎ᠶᠢ
ᠬᠠᠩᠭᠠᠬᠤ᠎ᠶᠢᠨ ᠬᠠᠮᠲᠤ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠲᠣᠮᠣ᠌ ᠬᠡᠯᠪᠡᠷᠢ᠎ᠶᠢᠨ ᠨᠡᠭᠦᠷᠡᠰᠦ
ᠤᠬᠢᠶᠠᠬᠤ ᠦᠢᠯᠡᠳᠪᠦᠷᠢ ᠯᠦ᠍ᠭᠡ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠪᠡᠷ ᠳᠠᠮᠵᠢᠭᠤᠯᠤᠨ᠂ ᠡᠬᠢ
ᠪᠠᠶᠠᠯᠢᠭ᠋᠎ᠤᠨ ᠬᠠᠮᠵᠢᠯᠴᠠᠭ᠎ᠠ᠎ᠶᠢ ᠴᠢᠨᠠᠭᠰᠢᠳᠠ ᠰᠢᠯᠤᠭᠤᠳᠬᠠᠵᠤ᠂ ᠦᠢᠯᠡᠴᠢᠯᠡᠭᠡᠨ᠎ᠦ ᠦᠷ᠎ᠡ ᠪᠦᠲᠦᠮᠵᠢ᠎ᠶᠢ
ᠳᠡᠭᠡᠭᠰᠢᠯᠡᠭᠦᠯᠦᠨ᠂ ᠭᠠᠳᠠᠭᠠᠳᠤ᠎ᠠᠴᠠ ᠣᠷᠣᠭᠤᠯᠤᠭᠰᠠᠨ ᠨᠡᠭᠦᠷᠡᠰᠦᠨ᠎ᠦ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ
ᠤᠯᠠᠷᠢᠭᠤᠯᠤᠨ ᠠᠰᠢᠭ᠍ᠯᠠᠬᠤ᠎ᠶᠢ ᠠᠬᠢᠭᠤᠯᠤᠨ᠎ᠠ》 ᠭᠡᠵᠦ ᠦᠬᠠᠢ ᠬᠣᠲᠠ᠎ᠶᠢᠨ ᠲᠢᠶᠠᠨ ᠴᠧᠩ ᠬᠥᠮᠥᠷᠭᠡᠯᠡᠨ ᠬᠠᠳᠠᠭᠠᠯᠠᠬᠤ
ᠪᠠᠷᠠᠭᠠᠨ᠎ᠤ ᠭᠦᠢᠯᠭᠡᠭᠡᠨ᠎ᠦ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠨᠢᠶᠧ ᠯᠧ
ᠲᠠᠨᠢᠯᠴᠠᠭᠤᠯᠪᠠ᠃