ᠦᠨᠳᠦᠰᠦᠨ ᠱᠠᠲᠤᠨ᠎ᠤ ᠡᠮᠴᠢ ᠤᠷᠳᠤ ᠬᠤᠭᠤᠴᠠᠭᠠᠨ᠎ᠤ ᠵᠤᠷ ᠪᠢᠴᠢᠵᠦ ᠦᠭᠴᠦ ᠪᠤᠯᠬᠤ ᠪᠤᠯᠤᠯ᠎ᠠ
2026-03-23 15:39:59
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠲᠣᠪᠴᠢᠶ᠎ᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠠᠮᠲᠤᠷᠠᠨ 《ᠡᠮ ᠡᠮᠨᠡᠯᠭᠡ᠎ᠶᠢᠨ ᠳᠠᠭᠠᠳᠬᠠᠯ᠎ᠢᠶᠠᠷ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠬᠥᠭᠵᠢᠯᠲᠡ᠎ᠶᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠢ ᠲᠦᠷᠦᠭᠦᠬᠡᠨ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ᠎ᠤ ᠡᠮᠴᠢ ᠨᠠᠷ ᠤᠵᠢᠭ᠋ ᠡᠪᠡᠳᠴᠢᠲᠡᠨ᠎ᠳᠦ ᠬᠠᠮᠤᠭ᠎ᠤᠨ ᠣᠷᠳᠣ᠌᠎ᠳᠠᠭᠠᠨ 12 ᠭᠠᠷᠠᠭ᠎ᠤᠨ ᠡᠮ᠎ᠦᠨ ᠵᠣᠷ ᠪᠢᠴᠢᠵᠦ ᠥᠭᠴᠦ ᠪᠤᠯᠬᠤ᠎ᠶᠢ ᠵᠥᠪᠰᠢᠶᠡᠷᠡᠪᠡ᠃

ᠲᠣᠰ 《ᠵᠢᠯᠤᠭᠣᠳᠬᠤ ᠰᠠᠨᠠᠯ》᠎ᠳᠤ ᠣᠷᠳᠣ᠌ ᠬᠤᠭᠤᠴᠠᠭᠠᠨ᠎ᠤ ᠵᠣᠷ᠎ᠢ ᠡᠭᠦᠳᠡᠨ ᠡᠮᠨᠡᠯᠭᠡ᠎ᠶᠢᠨ ᠤᠳᠠᠭ᠎ᠠ ᠪᠦᠷᠢ᠎ᠶᠢᠨ ᠳᠤᠮᠳᠠᠴᠢ ᠵᠠᠷᠤᠳᠠᠯ᠂ ᠡᠭᠦᠳᠡᠨ ᠡᠮᠨᠡᠯᠭᠡ᠎ᠶᠢᠨ ᠡᠮ᠎ᠦᠨ ᠵᠦᠢᠯᠡᠰ᠎ᠦᠨ ᠤᠳᠠᠭ᠎ᠠ ᠪᠦᠷᠢ᠎ᠶᠢᠨ ᠳᠤᠮᠳᠠᠴᠢ ᠵᠠᠷᠤᠳᠠᠯ᠎ᠤᠨ ᠰᠢᠯᠭᠠᠨ ᠬᠢᠨᠠᠯᠲᠠ᠎ᠳᠤ ᠣᠷᠣᠭᠤᠯᠬᠤ ᠦᠭᠡᠢ ᠭᠡᠵᠦ ᠲᠤᠳᠤᠷᠬᠠᠢ ᠲᠤᠷᠠᠳᠤᠭᠰᠠᠨ ᠨᠢ ᠦᠨᠳᠦᠰᠦᠨ ᠱᠠᠲᠤᠨ᠎ᠤ ᠡᠮᠴᠢ ᠨᠠᠷ᠎ᠤᠨ ᠡᠪᠡᠳᠴᠢᠲᠡᠨ᠎ᠦ ᠡᠪᠡᠳᠴᠢᠨ᠎ᠦ ᠪᠠᠢᠳᠠᠯ᠎ᠢ ᠦᠨᠳᠦᠰᠦᠯᠡᠨ ᠵᠦᠢ ᠵᠣᠬᠢᠰᠲᠠᠢ ᠣᠨᠣᠰᠢᠯᠠᠨ ᠡᠮᠨᠡᠬᠦ ᠲᠥᠰᠥᠯ ᠲᠣᠭᠲᠠᠭᠠᠵᠤ ᠲᠡᠢᠯᠬᠦ ᠪᠣᠯᠭᠠᠵᠦ᠂ ᠡᠪᠡᠳᠴᠢᠲᠡᠨ᠎ᠦ ᠡᠮᠨᠡᠯᠭᠡ᠎ᠶᠢᠨ ᠬᠣᠷᠢᠶᠠᠨ᠎ᠳᠤ ᠪᠠᠢᠨ ᠳᠠᠬᠢᠨ ᠢᠷᠡᠵᠦ ᠡᠮ ᠵᠠᠯᠠᠬᠤ ᠵᠠᠷᠤᠳᠠᠯ᠎ᠤᠨ ᠳᠠᠷᠤᠭᠠᠰᠤ᠎ᠶᠢ ᠬᠥᠩᠭᠡᠷᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠵᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠭᠠᠵᠠᠷ᠎ᠤᠨ ᠳᠠᠷᠤᠭ᠎ᠠ ᠵᠠᠩ ᠶᠠᠨ ᠶᠠᠨ ᠢᠯᠡᠷᠬᠡᠢᠯᠡᠬᠦ᠎ᠳᠡᠭᠡᠨ᠂ ᠦᠨᠳᠦᠰᠦᠨ ᠱᠠᠲᠤᠨ᠎ᠤ ᠡᠮᠴᠢ ᠨᠠᠷ ᠣᠷᠳᠣ᠌ ᠬᠤᠭᠤᠴᠠᠭᠠᠨ᠎ᠤ ᠵᠣᠷ ᠪᠢᠴᠢᠵᠦ ᠪᠣᠯᠬᠤ ᠪᠤᠯᠤᠭᠰᠠᠨ ᠨᠢ ᠡᠷᠬᠡᠪᠰᠢ ᠣᠷᠳᠣ᠌ ᠬᠤᠭᠤᠴᠠᠭᠠᠨ᠎ᠤ ᠵᠣᠷ ᠪᠢᠴᠢᠵᠦ ᠦᠭᠬᠦᠨ᠎ᠡ ᠭᠡᠰᠡᠨ ᠶᠠᠪᠤᠳᠠᠯ ᠪᠢᠰᠢ ᠶᠤᠮ᠃ ᠣᠷᠳᠣ᠌ ᠬᠤᠭᠤᠴᠠᠭᠠᠨ᠎ᠤ ᠵᠣᠷ᠎ᠢ ᠡᠮᠴᠢᠯᠡᠭᠡᠨ᠎ᠦ ᠣᠨᠣᠰᠢᠯᠠᠯᠲᠠ ᠲᠣᠳᠣᠷᠬᠠᠢ᠂ ᠡᠮ ᠬᠡᠷᠡᠭᠯᠡᠬᠦ ᠲᠥᠰᠥᠯ ᠲᠣᠭᠲᠠᠪᠤᠷᠢᠲᠠᠢ᠂ ᠡᠪᠡᠳᠴᠢᠨ᠎ᠦ ᠪᠠᠢᠳᠠᠯ᠎ᠢ ᠲᠣᠭᠲᠠᠭᠤᠨ ᠬᠢᠵᠠᠭᠠᠷᠯᠠᠬᠤ ᠴᠢᠬᠤᠯᠠᠲᠠᠢ ᠤᠵᠢᠭ᠋ ᠡᠪᠡᠳᠴᠢᠲᠡᠨ᠎ᠳᠦ ᠬᠡᠷᠡᠭᠯᠡᠬᠦ ᠪᠥᠭᠡᠳ ᠮᠢᠨᠴᠦᠭᠦᠷᠡᠭᠦᠯᠬᠦ ᠡᠮ᠂ ᠮᠡᠳᠡᠷᠡᠯ᠎ᠦᠨ ᠡᠮ ᠵᠡᠷᠭᠡ ᠵᠢ ᠵᠤᠷ᠎ᠲᠦ ᠬᠡᠷᠡᠭᠯᠡᠬᠦ᠎ᠶᠢ ᠴᠢᠩᠭ᠎ᠠ ᠴᠠᠭᠠᠵᠠᠯᠠᠨ᠎ᠠ᠃ ᠦᠨᠳᠦᠰᠦᠨ ᠱᠠᠲᠤᠨ᠎ᠤ ᠡᠮᠴᠢ᠎ᠨᠠᠷ ᠡᠪᠡᠳᠴᠢᠲᠡᠨ᠎ᠦ ᠡᠪᠡᠳᠴᠢᠨ᠎ᠦ ᠪᠠᠢᠳᠠᠯ᠂ ᠡᠮ᠎ᠦᠨ ᠵᠦᠢᠯᠡᠰ᠎ᠦᠨ ᠨᠥᠭᠡᠴᠡ᠂ ᠬᠠᠷᠢᠶ᠎ᠠ ᠣᠷᠣᠨ᠎ᠤ ᠡᠪᠡᠳᠴᠢᠨ᠎ᠦ ᠵᠢᠭ᠍ᠰᠠᠯ ᠵᠡᠷᠭᠡ ᠶᠡᠷᠦᠩᠬᠡᠢᠯᠡᠭᠰᠡᠨ ᠬᠦᠴᠦᠨ ᠵᠦᠢᠯ᠎ᠢ ᠦᠨᠳᠦᠰᠦᠯᠡᠨ᠂ ᠲᠣᠬᠢᠷᠠᠮᠵᠢᠲᠠᠢ ᠵᠣᠷ ᠪᠢᠴᠢᠨ ᠥᠭᠴᠦ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠬᠤ ᠬᠡᠷᠡᠭᠲᠡᠢ ᠭᠡᠵᠡᠢ᠃

ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠪᠠᠰᠠ ᠰᠢᠶᠠᠨ᠎ᠤ ᠬᠡᠪᠴᠢᠶᠡᠨ᠎ᠳᠦ ᠨᠢᠭ᠍ᠲᠠ ᠬᠡᠯᠪᠡᠷᠢ᠎ᠶᠢᠨ ᠡᠮᠴᠢᠯᠡᠭᠡᠨ᠎ᠦ ᠬᠠᠮᠲᠤ᠎ᠶᠢᠨ ᠴᠣᠭᠴᠠ ᠪᠤᠯᠬᠤ 《ᠡᠮ᠎ᠦᠨ ᠲᠠᠰᠤᠭ᠎ᠤᠨ ᠲᠦᠪ》 ᠪᠠ ᠬᠣᠲᠠ ᠲᠣᠭᠣᠷᠢᠭ᠋᠎ᠤᠨ 《ᠡᠮ ᠡᠮᠨᠡᠯᠭᠡ ᠵᠢᠨ ᠳᠠᠭᠠᠳᠬᠠᠯ᠎ᠤᠨ ᠰᠦᠯᠵᠢᠶᠡᠨ ᠲᠡᠭᠡᠷᠡᠬᠢ ᠡᠮ᠎ᠦᠨ ᠲᠠᠰᠤᠭ》 ᠪᠠᠢᠭᠤᠯᠵᠤ᠂ ᠦᠨᠳᠦᠰᠦᠨ ᠱᠠᠲᠤᠨ᠎ᠳᠦ ᠭᠡᠷᠡᠭᠰᠡᠬᠦ ᠡᠮ᠎ᠦᠨ ᠵᠦᠢᠯᠡᠰ᠎ᠢ ᠴᠠᠭ ᠲᠤᠬᠠᠢ ᠳ᠋ᠤᠨᠢ ᠭᠦᠢᠴᠡᠳ ᠲᠣᠬᠢᠷᠠᠭᠤᠯᠤᠨ ᠬᠦᠷᠭᠡᠬᠦ᠎ᠶᠢ ᠦᠨᠡᠨ ᠬᠦ᠌ ᠪᠠᠲᠤᠯᠠᠨ᠎ᠡ ᠭᠡᠵᠦ ᠲᠣᠳᠣᠷᠬᠠᠢ ᠲᠣᠭᠲᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号