ᠳᠤᠮᠳᠠᠳᠤ ᠤᠷᠤᠰ᠎ᠤᠨ ᠵᠠᠯᠠᠭᠤᠴᠤᠳ ᠪᠠᠭᠠᠴᠤᠳ᠎ᠤᠨ ᠰᠣᠶᠣᠯ ᠤᠷᠠᠯᠢᠭ᠋᠎ᠤᠨ ᠠᠵᠢᠯᠯᠠᠭ᠎ᠠ ᠮᠠᠨᠵᠤᠤᠷ᠎ᠲᠤ ᠡᠬᠢᠯᠡᠪᠡ
2026-03-23 16:39:53
ᠵᠣᠬᠢᠶᠠᠭ᠍ᠴᠢ᠄
ᠯᠢ ᠰᠢᠨ ᠵᠢᠶᠦ᠋ᠨ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠬᠣᠶᠠᠳᠤᠭᠠᠷ ᠬᠤᠭᠤᠴᠠᠭᠠᠨ᠎ᠤ 《ᠲᠦᠮᠡᠨ ᠭᠠᠵᠠᠷ᠎ᠤᠨ ᠴᠠᠢ᠎ᠶᠢᠨ ᠵᠠᠮ᠎ᠤᠨ ᠥᠷᠲᠡᠭᠡ》 ᠳᠤᠮᠳᠠᠳᠤ ᠣᠷᠣᠰ᠎ᠤᠨ ᠵᠠᠯᠠᠭᠤᠴᠤᠳ ᠪᠠᠭᠠᠴᠤᠳ᠎ᠤᠨ ᠰᠣᠶᠣᠯ ᠤᠷᠠᠯᠢᠭ᠋᠎ᠤᠨ ᠠᠵᠢᠯᠯᠠᠭ᠎ᠠ ᠮᠠᠨᠵᠤᠤᠷ᠎ᠲᠤ ᠡᠬᠢᠯᠡᠵᠦ᠂ 2026 ᠣᠨ᠎ᠤ ᠬᠠᠪᠤᠷ᠎ᠤᠨ ᠤᠯᠠᠷᠢᠯ᠎ᠤᠨ ᠮᠠᠨᠵᠤᠤᠷ᠎ᠤᠨ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ᠎ᠳ᠋ᠤᠨᠢ ᠡᠬᠢᠯᠡᠪᠡ᠃ ᠲᠤᠰ ᠠᠵᠢᠯᠯᠠᠭ᠎ᠠ ᠨᠢ ᠳᠤᠮᠳᠠᠳᠤ ᠤᠷᠤᠰ᠎ᠤᠨ ᠵᠠᠯᠠᠭᠤᠴᠤᠳ ᠪᠠᠭᠠᠴᠤᠳ᠎ᠤᠨ ᠰᠣᠶᠣᠯ ᠤᠷᠠᠯᠢᠭ᠋᠎ᠤᠨ ᠰᠣᠯᠢᠯᠴᠠᠭ᠎ᠠ ᠪᠣᠯᠣᠨ ᠬᠢᠯᠢ ᠠᠯᠤᠰᠯᠠᠭᠰᠠᠨ ᠰᠤᠳᠤᠯᠭᠠᠨ᠎ᠢᠶᠠᠷ ᠭᠣᠣᠯ ᠪᠣᠯᠭᠠᠵᠤ᠂ ᠲᠦᠮᠡᠨ ᠭᠠᠵᠠᠷ᠎ᠤᠨ ᠴᠠᠢ᠎ᠶᠢᠨ ᠵᠠᠮ᠎ᠤᠨ ᠰᠣᠶᠣᠯ᠎ᠤᠨ ᠠᠭᠤᠯᠬᠤᠨ ᠪᠣᠯᠣᠨ ᠮᠠᠨᠵᠤᠤᠷ᠎ᠤᠨ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠳᠠᠪᠠᠭᠤᠯᠢᠭ᠋᠎ᠲᠤ ᠲᠦᠰᠢᠭᠯᠡᠵᠦ᠂ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠰᠣᠶᠣᠯ᠎ᠤᠨ ᠲᠣᠯᠢᠳᠠᠯ᠎ᠢ ᠭᠦᠨᠵᠡᠭᠡᠢᠷᠡᠭᠦᠯᠵᠦ᠂ ᠳᠤᠮᠳᠠᠳᠤ ᠤᠷᠤᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠰᠣᠯᠢᠯᠴᠠᠭ᠎ᠠ ᠬᠠᠮᠲᠤᠷᠠᠯᠴᠠᠭᠠᠨ᠎ᠤ ᠲᠦᠷᠦᠯ ᠲᠡᠮᠳᠡᠭ᠎ᠢ ᠤᠯᠠᠮ ᠥᠩᠭᠡ ᠰᠠᠴᠤᠷᠠᠭᠤᠯᠬᠤ ᠪᠠᠷ ᠵᠤᠷᠢᠵᠠᠢ᠃


3d5b04b36900ee96eff3c4b0f4b60aa9.jpg


ᠲᠣᠰ ᠤᠳᠠᠭᠠᠨ᠎ᠤ ᠠᠵᠢᠯᠯᠠᠭ᠎ᠠ ᠨᠢ 3 ᠰᠠᠷ᠎ᠠ ᠠ᠋ᠴᠠ 4 ᠰᠠᠷ᠎ᠠ᠎ᠳ᠋ᠡᠬᠢ ᠣᠷᠣᠰ᠎ᠤᠨ ᠬᠠᠪᠤᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠶᠠᠪᠤᠭᠳᠠᠵᠤ᠂ ᠣᠷᠣᠰ᠎ᠤᠨ ᠬᠣᠢᠲᠤ ᠪᠠᠶ᠋ᠢᠭᠠᠯ᠎ᠤᠨ ᠬᠢᠯᠢ ᠬᠢᠵᠠᠭᠠᠷ ᠣᠷᠣᠨ᠂ ᠪᠥᠬᠥᠳᠡ ᠨᠠᠢᠷᠠᠮᠳᠠᠬᠤ ᠪᠤᠷᠢᠶᠠᠳ ᠤᠯᠤᠰ᠂ ᠢᠷᠺᠦ᠋ᠼᠺ ᠵᠧᠦ ᠵᠡᠷᠭᠡ ᠭᠠᠵᠠᠷ᠎ᠤᠨ ᠲᠦᠮᠡ ᠰᠢᠬᠠᠮ ᠪᠠᠭ᠍ᠰᠢ ᠰᠣᠷᠣᠭ᠍ᠴᠢ ᠵᠢᠴᠢ ᠭᠡᠷ᠎ᠦᠨ ᠠᠬᠠᠮᠠᠳ᠎ᠤᠨ ᠳᠤᠮᠳᠠᠳᠤ ᠤᠯᠤᠰ᠎ᠲᠤ ᠢᠷᠡᠵᠤ ᠣᠷᠣᠯᠴᠠᠬᠤ᠎ᠶᠢ ᠤᠷᠢᠶᠠᠯᠠᠭᠰᠠᠨ ᠪᠠᠢᠨ᠎ᠠ᠃ ᠳᠤᠬᠠᠢ ᠵᠢᠨ ᠳᠠᠯᠠᠪᠠᠢ ᠳ᠋ᠤ ᠤᠷᠠᠨ ᠪᠢᠴᠢᠯᠭᠡ᠂ ᠤᠷᠠᠨ ᠵᠢᠷᠤᠭ᠂ ᠴᠠᠢ᠎ᠶᠢᠨ ᠤᠷᠠᠯᠢᠭ᠋᠂ ᠪᠥᠵᠢᠭ᠎ᠦᠨ ᠲᠣᠭᠯᠠᠯᠲᠠ ᠵᠡᠷᠭᠡ ᠡᠯᠪᠡᠭ ᠠᠭᠤᠯᠭ᠎ᠠ ᠵᠢ ᠲᠣᠬᠢᠷᠠᠭᠤᠯᠵᠤ᠂ ᠳᠤᠮᠳᠠᠳᠤ ᠤᠷᠤᠰ᠎ᠤᠨ ᠵᠠᠯᠠᠭᠤᠴᠤᠳ ᠪᠠᠭᠠᠴᠤᠳ᠎ᠲᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠭᠤᠯᠵᠤ᠂ ᠬᠠᠷᠢᠯᠴᠠᠨ ᠦᠢᠯᠡᠳᠦᠯᠴᠡᠬᠦ ᠳᠤᠮᠳᠠ ᠨᠥᠬᠥᠷᠯᠡᠯ᠎ᠢᠶᠡᠨ ᠵᠤᠵᠠᠭᠠᠳᠬᠠᠵᠤ᠂ ᠲᠠᠨᠢᠯᠲᠠ᠎ᠪᠠᠨ ᠭᠦᠨᠵᠡᠭᠡᠢᠷᠡᠭᠦᠯᠪᠡ᠃

ᠰᠤᠳᠤᠯᠤᠨ ᠰᠤᠷᠤᠯᠴᠠᠬᠤ ᠶᠠᠰᠤ ᠴᠢᠨᠠᠷ᠎ᠢ ᠳᠡᠭᠡᠭᠰᠢᠯᠡᠭᠦᠯᠬᠦ᠎ᠶᠢᠨ ᠲᠥᠯᠥᠭᠡ᠂ ᠮᠠᠨᠵᠤᠤᠷ ᠬᠤᠲᠠ ᠰᠤᠳᠤᠯᠤᠨ ᠰᠤᠷᠤᠯᠴᠠᠬᠤ ᠵᠠᠮ ᠱᠤᠭᠤᠮ᠎ᠢᠶᠠᠨ ᠰᠢᠯᠢᠳᠡᠭᠵᠢᠭᠦᠯᠵᠦ᠂ ᠳᠤᠬᠠᠢ ᠵᠢᠨ ᠭᠠᠵᠠᠷ᠎ᠢᠶᠠᠷ ᠡᠬᠢᠯᠡᠯᠲᠡ᠎ᠶᠢᠨ ᠴᠡᠭ ᠪᠣᠯᠭᠠᠵᠤ᠂ ᠬᠠᠢᠯᠠᠷ᠂ ᠬᠠᠷᠪᠢᠨ᠂ ᠪᠡᠭᠡᠵᠢᠩ ᠵᠡᠷᠭᠡ ᠭᠠᠵᠠᠷ᠎ᠤᠨ ᠡᠬᠢ ᠪᠠᠶᠠᠯᠢᠭ᠋᠎ᠲᠠᠢ ᠬᠣᠯᠪᠣᠭᠠᠯᠠᠨ ᠰᠤᠳᠤᠯᠤᠨ ᠰᠤᠷᠤᠯᠴᠠᠬᠤ ᠠᠭᠤᠯᠭ᠎ᠠ᠎ᠪᠠᠨ ᠪᠠᠶᠠᠯᠢᠭ᠍ᠵᠢᠭᠤᠯᠵᠤ᠂ ᠵᠠᠯᠠᠭᠤᠴᠤᠳ ᠪᠠᠭᠠᠴᠤᠳ᠎ᠤᠨ ᠰᠣᠶᠣᠯ᠎ᠤᠨ ᠬᠠᠷᠠᠭ᠎ᠠ᠎ᠶᠢ ᠥᠷᠭᠡᠳᠬᠡᠪᠡ᠃

ᠳᠠᠷᠠᠭᠠᠴᠢ᠎ᠶᠢᠨ ᠠᠯᠬᠤᠮ᠎ᠳᠤ᠂ ᠮᠠᠨᠵᠤᠤᠷ ᠬᠢᠯᠢ ᠠᠯᠤᠰᠯᠠᠭᠰᠠᠨ ᠰᠤᠳᠤᠯᠭᠠᠨ᠎ᠤ ᠲᠦᠷᠦᠯ ᠲᠡᠮᠳᠡᠭ᠎ᠢ ᠦᠷᠭᠦᠯᠵᠢᠯᠡᠨ ᠬᠦᠴᠦᠷᠬᠡᠭᠵᠢᠭᠦᠯᠵᠦ᠂ ᠰᠣᠯᠢᠯᠴᠠᠭᠠᠨ᠎ᠤ ᠬᠡᠯᠪᠡᠷᠢ᠎ᠶᠢᠨ ᠰᠢᠨ᠎ᠡ᠎ᠶᠢ ᠡᠭᠦᠳᠴᠦ᠂ ᠳᠤᠮᠳᠠᠳᠤ ᠤᠷᠤᠰ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠨᠥᠬᠥᠷᠰᠡᠭ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠬᠦ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号